ᠠᠵᠢᠯ ᠠᠮᠢᠳᠤᠷᠠᠯ ᠪᠣᠯ ᠡᠵᠡᠩᠨᠡᠯᠲᠡ ᠮᠥᠨ - ᠬᠣᠨᠢᠴᠢᠨ ᠦᠯᠵᠡᠢᠰᠦ᠋ᠷᠥᠩ Ажил амьдрал бол эзэгнэлт мөн- Хоньчин Өлзийсүрэн
ᠠᠵᠢᠯ ᠠᠮᠢᠳᠤᠷᠠᠯ ᠪᠣᠯ ᠡᠵᠡᠩᠨᠡᠯᠲᠡ ᠮᠥᠨ
ᠳ᠋ᠣᠺᠲ᠋ᠣᠷ ᠬᠣᠨᠢᠴᠢᠨ ᠦᠯᠵᠡᠢᠰᠦᠷᠤᠩ
ᠪᠢᠳᠡᠨ ᠦ᠌ ᠡᠨᠡᠬᠦ ᠬᠢᠴᠢᠶᠡᠯ ᠪᠣᠯ ᠡᠵᠡᠩᠨᠡᠯᠲᠡ ᠶ᠋ᠢᠨ ᠲᠤᠬᠠᠢ ᠲᠡᠭ ᠡᠴᠡ ᠡᠬᠢᠯᠡᠵᠦ ᠰᠤᠷᠴᠤ ᠪᠠᠢᠭ᠎ᠠ ᠬᠢᠴᠢᠶᠡᠯ ᠪᠣᠯᠤᠨ᠎ᠠ᠃ ᠲᠡᠢᠮᠦ ᠡᠴᠡ ᠡᠵᠡᠩᠨᠡᠯᠲᠡ ᠭᠡᠵᠦ ᠶᠠᠭᠤ ᠶ᠋ᠢ ᠶᠠᠷᠢᠵᠤ ᠪᠠᠢᠭ᠎ᠠ᠂ ᠡᠨᠡ ᠨᠢ ᠪᠢᠳᠡᠨ ᠳ᠋ᠦ᠍ ᠶᠠᠮᠠᠷ ᠠᠴᠢ ᠬᠣᠯᠪᠣᠭᠳᠠᠯ ᠲᠠᠢ ᠲᠠᠯ᠎ᠠ ᠪᠠᠷ ᠡᠩ ᠲᠡᠷᠢᠭᠦᠨ ᠳ᠋ᠦ᠍ ᠣᠢᠯᠭᠠᠵᠤ ᠮᠡᠳᠡᠬᠦ ᠱᠠᠭᠠᠷᠳᠠᠯᠭ᠎ᠠ ᠲᠠᠢ᠃ ᠣᠯᠠᠩᠬᠢ ᠬᠥᠮᠦᠰ ᠪᠣᠳᠣᠬᠤ ᠳ᠋ᠠᠭᠠᠨ ᠡᠵᠡᠩᠨᠡᠯᠲᠡ ᠭᠡᠳᠡᠭ ᠪᠣᠯ ᠮᠠᠰᠢ ᠲᠣᠮᠣ ᠵᠦᠢᠯ ᠢ᠋ ᠵᠢᠭᠠᠳᠠᠭ᠃ ᠲᠡᠷᠡ ᠮᠥᠷᠲᠡᠭᠡᠨ ᠡᠵᠡᠩᠨᠡᠯᠲᠡ ᠬᠠᠮᠢᠶᠠᠷᠤᠯᠲᠠ ᠭᠡᠮᠡᠨ ᠬᠣᠯᠪᠣᠨ ᠬᠡᠯᠡᠬᠦ ᠨᠢ ᠣᠯᠠᠨ᠂ ᠡᠨᠡ ᠬᠣᠶᠠᠷ ᠢ᠋ ᠨᠢᠭᠡ ᠵᠦᠢᠯ ᠮᠡᠲᠦ ᠣᠢᠯᠭᠠᠳᠠᠭ᠃ ᠣᠳᠣ ᠪᠢᠳᠡ ᠡᠨᠡ ᠲᠠᠯ᠎ᠠ ᠪᠠᠷ ᠰᠢᠰᠲ᠋ᠧᠮ ᠲᠡᠢ ᠣᠢᠯᠭᠠᠶᠠ᠃
ᠡᠵᠡᠩᠨᠡᠯᠲᠡ ᠪᠣᠯᠤᠨ ᠬᠠᠮᠢᠶᠠᠷᠤᠯᠲᠠ ᠬᠣᠶᠠᠷ ᠪᠣᠯ ᠲᠤᠰ ᠲᠤᠰ ᠲᠠᠭᠠᠨ ᠬᠣᠶᠠᠷ ᠥᠭᠡᠷ᠎ᠡ ᠵᠦᠢᠯ ᠦ᠋ᠨ ᠤᠬᠠᠭᠳᠠᠬᠤᠨ ᠪᠣᠯᠤᠨ᠎ᠠ᠃ ᠡᠵᠡᠩᠨᠡᠯᠲᠡ ᠶ᠋ᠢᠨ ᠲᠠᠯ᠎ᠠ ᠪᠠᠷ ᠮᠠᠰᠢ ᠣᠯᠠᠨ ᠡᠷᠳᠡᠮᠲᠡᠳ ᠥᠪᠡᠷ ᠥᠪᠡᠷ ᠦ᠋ᠨ ᠦᠵᠡᠯᠲᠡ ᠪᠡᠨ ᠢᠯᠡᠷᠬᠡᠢᠯᠡᠭᠰᠡᠨ ᠡᠴᠡ ᠡᠵᠡᠩᠨᠡᠯᠲᠡ ᠪᠣᠯ ᠄« ᠵᠣᠴᠢᠳ ᠲᠠᠢ ᠬᠠᠷᠢᠯᠴᠠᠬᠤ ᠤᠬᠠᠭᠠᠨ ᠪᠤᠶᠤ ᠠᠷᠭ᠎ᠠ ᠮᠠᠶᠢᠭ » ᠭᠡᠵᠦ ᠬᠡᠯᠡᠭᠰᠡᠨ ᠨᠢ ᠣᠯᠠᠨ ᠪᠣᠢ᠃ ᠡᠵᠡᠩᠨᠡᠯᠲᠡ ᠶ᠋ᠢᠨ ᠤᠬᠠᠭᠠᠨ ᠤ᠋ ᠡᠴᠢᠭᠡ ᠬᠡᠮᠡᠭᠳᠡᠳᠡᠭ ᠳ᠋ᠤᠷᠠᠺ ᠴᠤ᠌ ᠬᠡᠯᠡᠬᠦ ᠳ᠋ᠡᠭᠡᠨ ᠄« ᠠᠵᠢᠯ ᠦᠢᠯᠡᠰ ᠪᠣᠯ ᠬᠥᠮᠦᠨ ᠮᠥᠨ » ᠬᠡᠮᠡᠭᠰᠡᠨ ᠨᠢ ᠮᠥᠨ ᠡᠭᠦᠨ ᠢ᠋ ᠵᠢᠭᠠᠭᠰᠠᠨ ᠶᠠᠪᠤᠳᠠᠯ ᠪᠣᠯᠤᠨ᠎ᠠ᠃ ᠳᠣᠣᠷ᠎ᠠ ᠪᠢ ᠥᠪᠡᠷ ᠦ᠋ᠨ ᠪᠣᠳᠠᠲᠠᠢ ᠬᠢᠵᠦ ᠡᠵᠡᠩᠨᠡᠵᠦ ᠢᠷᠡᠭᠰᠡᠨ ᠲᠤᠷᠰᠢᠯᠭ᠎ᠠ ᠲᠠᠢ ᠪᠠᠨ ᠤᠶᠠᠯᠳᠤᠭᠤᠯᠤᠨ ᠡᠨᠡ ᠲᠠᠯ᠎ᠠ ᠪᠠᠷ ᠤ᠋ᠨ ᠨᠠᠷᠢᠯᠢᠭ ᠶᠠᠷᠢᠶ᠎ᠠ᠃ ᠬᠥᠮᠦᠰ ᠦ᠋ᠨ ᠣᠢᠯᠭᠠᠭᠳᠠᠬᠤᠨ ᠳ᠋ᠤ᠌ ᠡᠵᠡᠩᠨᠡᠯᠲᠡ ᠭᠡᠳᠡᠭ ᠪᠣᠯ ᠮᠠᠰᠢ ᠲᠣᠮᠣ ᠵᠦᠢᠯ᠂ ᠪᠢᠳᠡᠨ ᠦ᠌ ᠬᠤᠪᠢ ᠬᠥᠮᠦᠨ ᠦ᠌ ᠠᠮᠢᠳᠤᠷᠠᠯ᠂ ᠵᠢᠵᠢᠭ ᠠᠵᠤ ᠠᠬᠤᠢᠯᠠᠯ ᠳ᠋ᠤ᠌ ᠬᠡᠷᠡᠭ ᠦᠭᠡᠢ ᠪᠤᠶᠤ ᠶᠡᠬᠡᠳᠬᠦ ᠵᠦᠢᠯ ᠭᠡᠮᠡᠨ ᠦᠵᠡᠳᠡᠭ᠃ ᠡᠨᠡ ᠪᠣᠯ ᠪᠤᠷᠤᠭᠤ ᠦᠵᠡᠯᠲᠡ ᠪᠣᠯᠤᠨ᠎ᠠ᠂ ᠬᠠᠷᠢᠨ ᠴᠤ᠌ ᠤᠷᠪᠠᠭᠤ ᠪᠠᠷ ᠡᠭᠦᠨ ᠢ᠋ ᠮᠡᠳᠡᠵᠦ ᠰᠤᠷᠴᠤ ᠠᠪᠤᠨ᠂ ᠥᠪᠡᠷ ᠦ᠋ᠨ ᠠᠮᠢᠳᠤᠷᠠᠯ᠂ ᠠᠵᠢᠯ ᠦᠢᠯᠡᠰ ᠲᠡᠭᠡᠨ ᠠᠰᠢᠭᠯᠠᠬᠤ ᠨᠢ ᠮᠠᠰᠢ ᠬᠡᠷᠡᠭᠲᠡᠢ ᠪᠠᠢᠳᠠᠭ᠃
ᠳᠡᠭᠡᠷᠡᠬᠢ ᠡᠷᠳᠡᠮᠲᠡᠳ ᠦ᠋ᠨ ᠬᠤᠷᠢᠶᠠᠩᠭᠤᠢᠯᠠᠭᠰᠠᠨ ᠢ᠋ ᠡᠩ ᠦ᠋ᠨ ᠮᠠᠶᠢᠭ ᠶ᠋ᠢᠠᠷ ᠲᠠᠢᠯᠪᠤᠷᠢᠯᠠᠬᠤ ᠳ᠋ᠤ᠌᠂ ᠡᠵᠡᠩᠨᠡᠯᠲᠡ ᠪᠤᠶᠤ ᠵᠣᠴᠢᠳ ᠲᠠᠢ ᠬᠠᠷᠢᠯᠴᠠᠬᠤ ᠤᠬᠠᠭᠠᠨ ᠪᠠᠢᠬᠤ ᠦᠭᠡᠢ ᠪᠣᠯ ᠶᠠᠮᠠᠷ ᠨᠢᠭᠡᠨ ᠺᠣᠮᠫᠠᠨᠢ᠂ ᠠᠵᠤ ᠠᠬᠤᠢᠯᠠᠯ ᠨᠢ ᠶᠠᠮᠠᠷ ᠴᠤ᠌ ᠣᠷᠣᠰᠢᠨ ᠲᠣᠭᠲᠠᠨᠢᠬᠤ ᠦᠨᠳᠦᠰᠦ ᠦᠭᠡᠢ ᠬᠡᠢ ᠬᠣᠭᠣᠰᠣᠨ ᠵᠦᠢᠯ ᠪᠣᠯᠤᠨ᠎ᠠ᠃ ᠡᠵᠡᠩᠨᠡᠯᠲᠡ ᠨᠢ ᠠᠵᠤ ᠠᠬᠤᠢ ᠶ᠋ᠢᠨ ᠤᠬᠠᠭᠠᠨ ᠢ᠋ ᠪᠣᠳᠠᠲᠠᠢ ᠳ᠋ᠤ᠌ ᠬᠡᠷᠡᠭᠵᠢᠭᠦᠯᠬᠦ ᠠᠷᠭ᠎ᠠ ᠬᠡᠯᠪᠡᠷᠢ᠂ ᠬᠠᠷᠢᠨ ᠬᠠᠮᠢᠶᠠᠷᠤᠯᠲᠠ ᠨᠢ ᠡᠵᠡᠩᠨᠡᠯᠲᠡ ᠪᠡᠨ ᠪᠣᠳᠠᠲᠠᠢ ᠪᠠᠷ ᠶᠠᠪᠤᠭᠳᠠᠭᠤᠯᠬᠤ ᠠᠷᠭ᠎ᠠ ᠪᠠᠷᠢᠯ ᠪᠣᠯᠤᠨ᠎ᠠ᠃ ᠥᠭᠡᠷ᠎ᠡ ᠪᠡᠷ ᠬᠡᠯᠡᠪᠡᠯ ᠬᠠᠮᠢᠶᠠᠷᠤᠯᠲᠠ ᠨᠢ ᠡᠵᠡᠩᠨᠡᠯᠲᠡ ᠶ᠋ᠢᠨ ᠳᠣᠲᠣᠷᠠᠬᠢ ᠨᠢᠭᠡᠨ ᠪᠣᠳᠠᠲᠠᠢ ᠠᠭᠤᠯᠭ᠎ᠠ ᠪᠣᠯᠬᠤ ᠶᠤᠮ᠃ ᠪᠢᠳᠡ ᠡᠵᠡᠩᠨᠡᠯᠲᠡ ᠭᠡᠵᠦ ᠶᠠᠭᠤ ᠪᠣᠯᠬᠤ᠂ ᠡᠵᠡᠩᠨᠡᠯᠲᠡ ᠬᠢᠭᠡᠳ ᠬᠠᠮᠢᠶᠠᠷᠤᠯᠲᠠ ᠶ᠋ᠢᠨ ᠬᠠᠷᠢᠴᠠᠭ᠎ᠠ ᠶ᠋ᠢ ᠮᠡᠳᠡᠭᠰᠡᠨ ᠦ᠌ ᠰᠠᠭᠤᠷᠢᠨ ᠳᠡᠭᠡᠷ᠎ᠡ ᠲᠡᠭᠦᠨ ᠢ᠋ ᠬᠡᠷᠬᠢᠨ ᠠᠮᠢᠳᠤᠷᠠᠯ᠂ ᠠᠵᠢᠯ ᠦᠢᠯᠡᠰ ᠲᠡᠭᠡᠨ ᠦᠢᠯᠡᠴᠢᠯᠡᠭᠦᠯᠬᠦ ᠨᠢ ᠶᠠᠭᠤᠨ ᠠ᠋ᠴᠠ ᠴᠢᠬᠤᠯᠠ ᠵᠦᠢᠯ᠃ ᠳᠠᠷᠤᠢ ᠲᠡᠭᠦᠨ ᠦ᠌ ᠪᠣᠳᠠᠲᠠᠢ ᠠᠴᠢ ᠬᠣᠯᠪᠣᠭᠳᠠᠯ ᠢ᠋ ᠪᠣᠳᠠᠲᠠᠢ ᠠᠭᠤᠯᠭ᠎ᠠ ᠶ᠋ᠢ ᠣᠢᠯᠭᠠᠶᠠ᠃
ᠡᠵᠡᠩᠨᠡᠯᠲᠡ ᠶ᠋ᠢᠨ ᠪᠣᠳᠠᠲᠠᠢ ᠠᠭᠤᠯᠭ᠎ᠠ ᠄
ᠨᠢᠭᠡ᠂ ᠲᠠᠸᠠᠷ ᠦᠢᠯᠡᠴᠢᠯᠡᠭᠡ
ᠡᠵᠡᠩᠨᠡᠯᠲᠡ ᠬᠢᠬᠦ ᠶ᠋ᠢᠨ ᠭᠣᠣᠯ ᠵᠣᠷᠢᠯᠲᠠ ᠪᠣᠯ ᠲᠠᠸᠠᠷ ᠪᠣᠯᠤᠨ ᠦᠢᠯᠡᠴᠢᠯᠡᠭᠡ ᠦᠵᠡᠭᠦᠯᠬᠦ ᠶᠠᠪᠤᠳᠠᠯ ᠪᠣᠯᠤᠨ᠎ᠠ᠃ ᠪᠢᠳᠡ ᠶᠠᠮᠠᠷ ᠨᠢᠭᠡᠨ ᠦᠢᠯᠡᠳᠪᠦᠷᠢᠯᠡᠯ ᠬᠢᠬᠦ᠂ ᠠᠵᠤ ᠠᠬᠤᠢᠯᠠᠯ ᠡᠷᠬᠢᠯᠡᠬᠦ ᠳ᠋ᠦ᠍ ᠪᠦᠷ ᠶᠠᠮᠠᠷ ᠨᠢᠭᠡᠨ ᠲᠠᠸᠠᠷ ᠪᠤᠶᠤ ᠦᠢᠯᠡᠴᠢᠯᠡᠭᠡ ᠬᠠᠩᠭᠠᠵᠤ ᠪᠠᠢᠳᠠᠭ᠃ ᠲᠡᠭᠡᠪᠡᠯ ᠨᠢᠭᠡᠨ ᠰᠠᠢᠨ ᠡᠵᠡᠩᠨᠡᠯᠲᠡ ᠳ᠋ᠦ᠍ ᠡᠬᠢᠯᠡᠭᠡᠳ ᠰᠠᠢᠨ ᠲᠠᠸᠠᠷ ᠪᠣᠯᠤᠨ ᠦᠢᠯᠡᠴᠢᠯᠡᠭᠡ ᠪᠠᠢᠬᠤ ᠬᠡᠷᠡᠭᠲᠡᠢ᠂ ᠢᠩᠭᠢᠵᠦ ᠪᠠᠢᠵᠤ ᠪᠤᠰᠤᠳ ᠲᠤ᠌ ᠠᠰᠢᠭ ᠲᠠᠢ ᠪᠠᠢᠵᠤ᠂ ᠡᠵᠡᠩᠨᠡᠯᠲᠡ ᠦᠨᠳᠦᠰᠦ ᠰᠠᠭᠤᠷᠢ ᠲᠠᠢ ᠪᠣᠯᠵᠤ ᠴᠢᠳᠠᠨ᠎ᠠ᠃ ᠬᠡᠷᠪᠡ ᠲᠠᠸᠠᠷ ᠪᠣᠯᠤᠨ ᠦᠢᠯᠡᠴᠢᠯᠡᠭᠡ ᠦᠭᠡᠢ ᠪᠣᠯ ᠡᠵᠡᠩᠨᠡᠯᠲᠡ ᠶᠠᠪᠤᠭᠳᠠᠬᠤ ᠶᠠᠮᠠᠷ ᠴᠤ᠌ ᠪᠣᠯᠤᠮᠵᠢ ᠪᠠᠢᠬᠤ ᠦᠭᠡᠢ ᠶᠤᠮ᠃ ᠮᠠᠨ ᠤ᠋ ᠮᠠᠯᠴᠢᠨ ᠬᠥᠮᠦᠨ ᠳ᠋ᠦ᠍ ᠠᠪᠴᠤ ᠬᠡᠯᠡᠪᠡᠯ ᠮᠠᠨ ᠤ᠋ ᠲᠡᠵᠢᠭᠡᠵᠦ ᠪᠠᠢᠭ᠎ᠠ ᠮᠠᠯ ᠪᠣᠯ ᠳᠠᠷᠤᠢ ᠲᠠᠸᠠᠷ ᠶᠤᠮ᠃
ᠬᠣᠶᠠᠷ᠂ ᠪᠣᠷᠣᠯᠠᠭᠤᠯᠤᠨ᠎ᠠ
ᠮᠠᠯᠴᠢᠨ ᠬᠥᠮᠦᠨ ᠮᠠᠯ ᠢ᠋ᠶ᠋ᠠᠨ ᠵᠥᠪᠬᠡᠨ ᠲᠡᠵᠢᠭᠡᠵᠦ ᠥᠰᠬᠡᠭᠡᠳ ᠪᠠᠢᠵᠤ ᠪᠣᠯᠬᠤ ᠦᠭᠡᠢ᠂ ᠬᠠᠷᠢᠨ ᠲᠡᠭᠦᠨ ᠢ᠋ ᠪᠡᠨ ᠵᠣᠬᠢᠬᠤ ᠬᠡᠮᠵᠢᠶ᠎ᠡ ᠪᠡᠷ ᠪᠣᠷᠣᠯᠠᠭᠤᠯᠵᠤ ᠥᠪᠡᠷ ᠦ᠋ᠨ ᠦᠢᠯᠡᠳᠪᠦᠷᠢᠯᠡᠯ ᠠᠮᠢᠳᠤᠷᠠᠯ ᠢ᠋ᠶ᠋ᠠᠨ ᠵᠣᠬᠢᠴᠠᠭᠤᠯᠳᠠᠭ ᠢ᠋ ᠬᠥᠮᠦᠨ ᠪᠦᠬᠦᠨ ᠰᠠᠢᠨ ᠮᠡᠳᠡᠨ᠎ᠡ᠃ ᠡᠭᠦᠨ ᠲᠡᠢ ᠠᠳᠠᠯᠢ ᠠᠵᠤ ᠠᠬᠤᠢᠯᠠᠯ ᠤ᠋ᠨ ᠡᠵᠡᠩᠨᠡᠯᠲᠡ ᠴᠦ᠍ ᠥᠪᠡᠷ ᠦ᠋ᠨ ᠪᠦᠲᠦᠭᠡᠭᠰᠡᠨ ᠲᠠᠸᠠᠷ ᠪᠣᠯᠤᠨ ᠦᠢᠯᠡᠴᠢᠯᠡᠭᠡ ᠪᠡᠨ ᠪᠣᠷᠣᠯᠠᠭᠤᠯᠵᠤ ᠪᠠᠢᠵᠤ ᠦᠷᠭᠦᠯᠵᠢᠯᠡᠨ ᠣᠷᠣᠰᠢᠨ ᠲᠣᠭᠲᠠᠨᠢᠵᠤ ᠴᠢᠳᠠᠨ᠎ᠠ᠃ ᠡᠨᠡ ᠦᠶ᠎ᠡ ᠳ᠋ᠦ᠍ ᠮᠠᠨ ᠤ᠋ ᠲᠠᠸᠠᠷ ᠤ᠋ᠨ ᠰᠠᠢᠨ ᠮᠠᠭᠤ ᠨᠢ ᠪᠣᠷᠣᠯᠠᠭᠤᠯᠭ᠎ᠠ ᠳ᠋ᠤ᠌ ᠮᠠᠰᠢ ᠴᠢᠬᠤᠯᠠ ᠣᠢᠯᠳᠤᠯ ᠦᠵᠡᠭᠦᠯᠳᠡᠭ᠃ ᠭᠡᠬᠦ ᠳ᠋ᠡᠭᠡᠨ ᠡᠨᠳᠡ ᠶᠠᠷᠢᠵᠤ ᠪᠠᠢᠭ᠎ᠠ ᠪᠣᠷᠣᠯᠠᠭᠤᠯᠭ᠎ᠠ ᠨᠢ ᠮᠠᠨ ᠤ᠋ ᠮᠠᠯᠴᠢᠳ ᠵᠢᠴᠢ ᠵᠠᠷᠢᠮ ᠡᠵᠡᠩᠨᠡᠭᠴᠢ ᠶ᠋ᠢᠨ ᠠᠯᠳᠠᠭᠠᠳ ᠪᠠᠢᠭ᠎ᠠ ᠬᠦᠯᠢᠶᠡᠵᠦ ᠰᠠᠭᠤᠬᠤ ᠪᠣᠷᠣᠯᠠᠭᠤᠯᠭ᠎ᠠ ᠪᠢᠰᠢ᠂ ᠬᠠᠷᠢᠨ ᠵᠣᠷᠢᠯᠭ᠎ᠠ ᠲᠠᠢ ᠪᠠᠷ ᠣᠴᠢᠵᠤ ᠥᠪᠡᠷ ᠦ᠋ᠨ ᠲᠠᠸᠠᠷ ᠪᠣᠯᠤᠨ ᠦᠢᠯᠡᠴᠢᠯᠡᠭᠡ ᠪᠡᠨ ᠵᠣᠴᠢᠳ ᠲᠤ᠌ ᠲᠠᠨᠢᠭᠤᠯᠵᠤ ᠪᠣᠷᠣᠯᠠᠭᠤᠯᠬᠤ ᠪᠣᠳᠠᠲᠠᠢ ᠶᠠᠪᠤᠴᠠ ᠪᠣᠯᠤᠨ᠎ᠠ᠃ ᠲᠡᠢᠮᠦ ᠡᠴᠡ ᠡᠵᠡᠩᠨᠡᠯᠲᠡ ᠳ᠋ᠦ᠍ ᠲᠠᠸᠠᠷ ᠳᠤᠲᠠᠭᠳᠠᠪᠠᠯ ᠪᠦᠷ ᠶᠠᠪᠤᠭᠳᠠᠵᠤ ᠴᠢᠳᠠᠬᠤ ᠦᠭᠡᠢ ᠪᠠᠢᠳᠠᠭ᠃
ᠭᠤᠷᠪᠠ᠂ ᠬᠠᠮᠢᠶᠠᠷᠤᠯᠲᠠ
ᠡᠵᠡᠩᠨᠡᠯᠲᠡ ᠶ᠋ᠢᠨ ᠪᠠᠰᠠ ᠨᠢᠭᠡᠨ ᠴᠢᠬᠤᠯᠠ ᠠᠭᠤᠯᠭ᠎ᠠ᠂ ᠮᠥᠨ ᠴᠦ᠍ ᠬᠥᠮᠦᠰ ᠦ᠋ᠨ ᠮᠠᠰᠢ ᠶᠡᠬᠡ ᠤᠮᠳᠠᠭᠠᠢᠯᠠᠳᠠᠭ ᠵᠦᠢᠯ ᠪᠣᠯ ᠬᠠᠮᠢᠶᠠᠷᠤᠯᠲᠠ ᠪᠣᠯᠤᠨ᠎ᠠ᠃ ᠪᠢᠳᠡ ᠳᠡᠭᠡᠷ᠎ᠡ ᠶᠠᠷᠢᠵᠤ ᠥᠩᠭᠡᠷᠡᠭᠰᠡᠨ ᠰᠢᠭ ᠬᠠᠮᠢᠶᠠᠷᠤᠯᠲᠠ ᠪᠣᠯ ᠡᠵᠡᠩᠨᠡᠯᠲᠡ ᠶ᠋ᠢᠨ ᠪᠣᠳᠠᠲᠠᠢ ᠬᠡᠷᠡᠭᠵᠢᠭᠦᠯᠬᠦ ᠶᠠᠪᠤᠴᠠ ᠶᠤᠮ᠃ ᠡᠢᠮᠦ ᠡᠴᠡ ᠡᠵᠡᠩᠨᠡᠯᠲᠡ ᠳ᠋ᠦ᠍ ᠬᠠᠮᠢᠶᠠᠷᠤᠯᠲᠠ ᠡᠵᠡᠩᠨᠡᠯᠲᠡ ᠢᠯᠡᠭᠦᠦ ᠦᠷ᠎ᠡ ᠠᠰᠢᠭ ᠲᠠᠢ ᠶᠠᠪᠤᠭᠳᠠᠵᠤ ᠴᠢᠳᠠᠨ᠎ᠠ᠃ ᠪᠣᠳᠠᠲᠠᠢ ᠶᠠᠷᠢᠪᠠᠯ ᠬᠠᠮᠢᠶᠠᠷᠤᠯᠲᠠ ᠳ᠋ᠤ᠌ ᠠᠵᠤ ᠠᠬᠤᠢᠯᠠᠯ᠂ ᠪᠣᠯᠤᠨ ᠭᠡᠷ ᠪᠦᠯᠢ ᠶ᠋ᠢᠨ ᠢ᠋ᠶ᠋ᠡᠨ ᠦ᠌ ᠬᠠᠮᠢᠶᠠᠷᠤᠯᠲᠠ ᠠ᠋ᠴᠠ ᠡᠬᠢᠯᠡᠭᠡᠳ ᠰᠠᠩ ᠬᠦᠦ ᠡᠳ᠋ ᠦ᠋ᠨ ᠵᠠᠰᠠᠭ ᠤ᠋ᠨ ᠬᠠᠮᠢᠶᠠᠷᠤᠯᠲᠠ᠂ ᠵᠣᠴᠢᠳ ᠤ᠋ᠨ ᠬᠠᠮᠢᠶᠠᠷᠤᠯᠲᠠ ᠭᠡᠳ ᠪᠦᠬᠦᠢᠯᠡ ᠬᠠᠷᠢᠴᠠᠭᠠᠨ ᠤ᠋ ᠬᠠᠮᠢᠶᠠᠷᠤᠯᠲᠠ ᠪᠠᠭᠲᠠᠨ᠎ᠠ᠃ ᠡᠢᠮᠦ ᠡᠴᠡ ᠬᠠᠮᠢᠶᠠᠷᠤᠯᠲᠠ ᠨᠢ ᠲᠠᠸᠠᠷ ᠦᠢᠯᠡᠴᠢᠯᠡᠭᠡ ᠪᠣᠯᠤᠨ ᠪᠣᠷᠣᠯᠠᠭᠤᠯᠭ᠎ᠠ ᠶᠠᠪᠤᠭᠳᠠᠬᠤ ᠳ᠋ᠤ᠌ ᠪᠠᠲᠤᠯᠭ᠎ᠠ ᠪᠣᠯᠵᠤ ᠥᠭᠳᠡᠭ᠃ ᠥᠭᠡᠷ᠎ᠡ ᠪᠡᠷ ᠬᠡᠯᠡᠪᠡᠯ ᠡᠵᠡᠩᠨᠡᠯᠲᠡ ᠶ᠋ᠢᠨ ᠪᠠᠰᠠ ᠨᠢᠭᠡ ᠳᠤᠲᠠᠭᠳᠠᠵᠤ ᠪᠣᠯᠣᠰᠢ ᠦᠭᠡᠢ ᠵᠦᠢᠯ ᠪᠣᠯ ᠬᠠᠮᠢᠶᠠᠷᠤᠯᠲᠠ ᠪᠣᠯᠤᠨ᠎ᠠ᠃
ᠪᠢᠳᠡ ᠡᠵᠡᠩᠨᠡᠯᠲᠡ ᠶ᠋ᠢᠨ ᠭᠤᠷᠪᠠᠨ ᠪᠣᠳᠠᠲᠠᠢ ᠠᠭᠤᠯᠭ᠎ᠠ ᠶ᠋ᠢ ᠮᠡᠳᠡᠭᠰᠡᠨ ᠦ᠌ ᠰᠠᠭᠤᠷᠢᠨ ᠳᠡᠭᠡᠷ᠎ᠡ᠂ ᠲᠡᠭᠦᠨ ᠦ᠌ ᠴᠢᠬᠤᠯᠠ ᠴᠢᠨᠠᠷ ᠢ᠋ ᠭᠦᠨᠵᠡᠭᠡᠢ ᠣᠢᠯᠠᠭᠠᠭᠰᠠᠨ ᠨᠢ ᠯᠠᠪᠲᠠᠢ᠃ ᠶᠠᠭ ᠡᠢᠮᠦᠷᠬᠦ ᠴᠢᠬᠤᠯᠠ ᠪᠠᠢᠳᠠᠭ ᠠ᠋ᠴᠠ ᠡᠵᠡᠩᠨᠡᠯᠲᠡ ᠨᠢ ᠪᠢᠳᠡ ᠪᠦᠬᠦᠨ ᠦ᠌ ᠠᠮᠢᠳᠤᠷᠠᠯ᠂ ᠠᠵᠢᠯ ᠦᠢᠯᠡᠰ ᠲᠦ᠍ ᠵᠠᠪᠠᠯ ᠡᠵᠡᠮᠰᠢᠬᠦ ᠴᠢᠬᠤᠯᠠ ᠲᠠᠢ ᠮᠡᠳᠡᠯᠭᠡ ᠮᠥᠷᠲᠡᠭᠡᠨ ᠮᠥᠷᠳᠡᠵᠦ ᠶᠠᠪᠤᠬᠤ ᠵᠠᠷᠴᠢᠮ ᠮᠥᠨ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
