ᠬᠥᠬᠡ ᠰᠡᠷᠡᠳᠮ᠎ᠡХөх сэрдамKhökh serdam ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠥᠬᠡ ᠰᠡᠷᠡᠳᠮ᠎ᠡХөх сэрдамKhökh serdam

ᠬᠥᠬᠡ ᠰᠡᠷᠡᠳᠮ᠎ᠡХөх сэрдамKhökh serdam

2025-07-31

162

ᠬᠥᠬᠡ ᠰᠡᠷᠡᠳᠮ᠎ᠡ

   ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠴᠢᠳᠥᠷ ᠡᠪᠡᠰᠦ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠠᠭᠤᠯᠠ ᠶ᠋ᠢᠨ ᠭᠢᠰᠢ᠂ ᠰᠠᠷᠠᠳ ᠣᠨ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠡᠰᠢ ᠨᠢ ᠠᠪᠠᠷᠢᠵᠤ ᠤᠷᠭᠤᠨ᠎ᠠ᠂ ᠢᠷᠮᠡᠭ ᠲᠡᠢ᠂ ᠲᠠᠷᠠᠮᠠᠭ ᠣᠬᠣᠷ ᠵᠥᠭᠡᠯᠡᠨ ᠦᠰᠦ ᠲᠡᠢ᠃ ᠲᠡᠭᠰᠢ ᠥᠳᠥᠯᠢᠭ ᠨᠡᠢᠯᠡᠮᠡᠯ ᠨᠠᠪᠴᠢ ᠲᠠᠢ᠂ ᠨᠠᠪᠴᠢᠨ ᠲᠡᠩᠭᠡᠯᠢᠭ ᠦ᠋ᠨ ᠣᠷᠣᠢ ᠳ᠋ᠤᠨᠢ ᠰᠠᠯᠠᠭ᠎ᠠ ᠪᠦᠬᠦᠢ ᠣᠷᠢᠶᠠᠩᠭᠤ ᠲᠠᠢ᠃ ᠨᠠᠪᠴᠢ ᠨᠢ ᠴᠤᠪᠤᠷᠠᠨ ᠤᠷᠭᠤᠨ᠎ᠠ᠂ ᠵᠤᠤᠪᠠᠩ ᠪᠤᠶᠤ ᠤᠷᠲᠤᠯᠵᠢᠨ ᠲᠣᠭᠣᠷᠢᠭ ᠬᠡᠯᠪᠡᠷᠢ ᠲᠡᠢ᠂15~30mm ᠤᠷᠲᠤ᠂6~15mm ᠥᠷᠭᠡᠨ᠂ ᠮᠤᠬᠤᠷ ᠪᠤᠶᠤ ᠥᠷᠭᠡᠰᠦᠯᠢᠭ ᠣᠷᠣᠢ ᠲᠠᠢ᠂ ᠲᠣᠭᠣᠷᠢᠭ ᠤᠭ ᠲᠠᠢ᠂ ᠪᠦᠲᠦᠨ ᠬᠥᠪᠡᠭᠡ ᠲᠡᠢ᠂ ᠬᠣᠶᠠᠷ ᠲᠠᠯ᠎ᠠ ᠳ᠋ᠤᠨᠢ ᠲᠠᠷᠠᠮᠠᠭ ᠵᠥᠭᠡᠯᠡᠨ ᠦᠰᠦ ᠲᠡᠢ᠂ ᠠᠷᠤ ᠳ᠋ᠠᠬᠢ ᠦᠰᠦ ᠨᠢ ᠨᠡᠯᠢᠶᠡᠳ ᠨᠢᠭ᠂ ᠲᠣᠰᠬᠣᠭᠤᠷ ᠨᠠᠪᠴᠢ ᠨᠢ ᠲᠣᠮᠣ᠂ ᠰᠤᠮᠤᠨ ᠬᠡᠯᠪᠡᠷᠢ ᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠰᠤᠭᠤ ᠠ᠋ᠴᠠ ᠳᠡᠯᠭᠡᠷᠡᠨ᠎ᠡ᠃ ᠴᠡᠴᠡᠭ ᠦ᠋ᠨ ᠶᠡᠷᠦᠩᠬᠡᠢ ᠪᠠᠷᠢᠭᠤᠯ ᠨᠢ ᠨᠠᠪᠴᠢ ᠠ᠋ᠴᠠ ᠪᠠᠨ ᠤᠷᠲᠤ᠂10~20 ᠬᠦᠢᠰ ᠴᠡᠴᠡᠭ ᠳᠡᠯᠭᠡᠷᠡᠨ᠎ᠡ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠣᠯᠠᠪᠲᠤᠷ ᠪᠤᠶᠤ ᠪᠣᠷᠣ ᠥᠩᠭᠡ ᠲᠡᠢ᠂ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠃ ᠬᠣᠶᠠᠷ ᠪᠡᠶᠡᠲᠦ ᠡᠷ᠎ᠡ ᠲᠣᠭᠣᠷᠴᠣᠭ ᠲᠠᠢ᠂ ᠤᠮᠠᠢ ᠨᠢ ᠪᠠᠷᠢᠭᠤᠯ ᠲᠠᠢ᠃ ᠪᠤᠷᠴᠠᠭ ᠵᠢᠮᠢᠰ ᠨᠢ ᠤᠷᠲᠤᠯᠵᠢᠨ ᠲᠣᠭᠣᠷᠢᠭ ᠰᠢᠭ᠋ ᠵᠢᠰᠢᠭᠦᠯᠵᠢᠨ ᠬᠡᠯᠪᠡᠷᠢ ᠲᠡᠢ᠂ ᠪᠠᠷᠤᠭ20mm ᠤᠷᠲᠤ᠃ ᠲᠣᠭᠣᠷᠢᠭ ᠬᠡᠯᠪᠡᠷᠢᠲᠦ ᠬᠠᠷ᠎ᠠ ᠬᠦᠷᠡᠩ ᠦᠷ᠎ᠡ ᠲᠡᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ᠂ ᠭᠣᠣ ᠵᠢᠯᠠᠭ᠎ᠠ᠂ ᠵᠠᠮ ᠤ᠋ᠨ ᠬᠠᠵᠠᠭᠤ᠂ ᠬᠡᠭᠡᠷ᠎ᠡ ᠲᠠᠯ᠎ᠠ ᠶ᠋ᠢᠨ ᠴᠢᠭᠢᠭᠲᠡᠢ ᠰᠡᠭᠦᠳᠡᠷ ᠭᠠᠵᠠᠷ ᠲᠤ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠱᠠᠨ ᠰᠢ᠂ ᠱᠠᠨᠰᠢ᠂ ᠭᠠᠨᠰᠦ᠂ ᠬᠥᠬᠡᠨᠠᠭᠤᠷ᠂ ᠾᠧᠨᠠᠨ᠂ ᠰᠧᠴᠤᠸᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ ᠬᠥᠷᠥᠰᠥᠨ ᠳᠡᠭᠡᠷᠡᠬᠢ ᠬᠡᠰᠡᠭ ᠢ᠋ ᠨᠢ ᠬᠠᠳᠤᠵᠤ ᠠᠪᠤᠭᠠᠳ ᠬᠡᠷᠴᠢᠵᠦ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠲᠡᠭᠰᠢ ᠴᠢᠨᠠᠷ ᠲᠠᠢ᠂ ᠬᠥᠩᠭᠡᠨ᠂ ᠰᠢᠷᠦᠭᠦᠨ᠂ ᠬᠤᠷᠴᠠ᠂ ᠰᠢᠩᠭᠡᠨ᠂ ᠵᠥᠭᠡᠯᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠭᠡᠯᠭᠡᠬᠦ᠂ ᠬᠠᠪᠤᠩ ᠢ᠋ ᠬᠠᠷᠢᠭᠤᠯᠬᠤ᠂ ᠰᠢᠷᠬ᠎ᠠ ᠶ᠋ᠢ ᠠᠨᠠᠭᠠᠬᠤ᠂ ᠲᠠᠰᠤᠷᠠᠭᠰᠠᠨ ᠢ᠋ ᠵᠠᠯᠭᠠᠬᠤ ᠴᠢᠳᠠᠯ ᠲᠠᠢ᠃ ᠭᠣᠣᠯᠳᠠᠭᠤ ᠤᠰᠤᠨ ᠬᠠᠪᠤᠩ᠂ ᠰᠢᠭᠡᠰᠦ ᠬᠣᠷᠢᠭᠳᠠᠭᠰᠠᠨ᠂ ᠤᠨᠠᠵᠤ ᠲᠤᠰᠤᠭᠰᠠᠨ ᠰᠢᠷᠬ᠎ᠠ᠂ ᠡᠷᠡᠬᠡᠭᠰᠡᠨ ᠰᠢᠷᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 山野碗豆
   ᠠᠩᠭ᠌ᠯᠢ ᠨᠡᠷ᠎ᠡ᠄ Vicia amoena Fisch ex DC.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ