ᠬᠣᠯᠲᠣᠰᠣᠨ ᠴᠡᠴᠡᠭХолтсон цэцэгKholtson tsetseg
ᠬᠣᠯᠲᠣᠰᠣᠨ ᠴᠡᠴᠡᠭ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠣᠯᠲᠣᠰᠣᠨ ᠴᠡᠴᠡᠭ ᠦ᠋ᠨ ᠬᠠᠲᠠᠭᠠᠭᠰᠠᠨ ᠴᠡᠴᠡᠭ ᠪᠦᠬᠦᠢ ᠪᠦᠬᠦᠯᠢ ᠡᠪᠡᠰᠦ ᠮᠥᠨ᠃ ᠪᠠᠰᠠ ᠵᠸᠼᠠ᠂ ᠭᠠᠼᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~60cm ᠥᠨᠳᠥᠷ᠂ ᠦᠨᠳᠦᠰᠦᠯᠢᠭ ᠡᠰᠢ ᠨᠢ ᠣᠬᠣᠷ᠃ ᠡᠰᠢ ᠨᠢ ᠰᠢᠯᠤᠭᠤᠨ ᠤᠷᠭᠤᠨ᠎ᠠ᠂ ᠭᠥᠯᠢᠭᠡᠷ ᠪᠤᠶᠤ ᠰᠠᠷᠪᠠᠢᠭᠰᠠᠨ ᠦᠰᠦ ᠲᠡᠢ᠃ ᠤᠵᠠᠭᠤᠷ ᠤ᠋ᠨ ᠨᠠᠪᠴᠢ ᠨᠢ ᠪᠣᠳᠠᠯᠠᠨ᠎ᠠ᠂ ᠤᠷᠲᠤ ᠪᠠᠷᠢᠭᠤᠯ ᠲᠠᠢ᠂ ᠪᠠᠷᠢᠭᠤᠯ ᠤ᠋ᠨ ᠤᠭ ᠨᠢ ᠥᠷᠭᠡᠵᠢᠭᠡᠳ ᠲᠣᠭᠳᠣᠢ ᠰᠢᠭ᠋ ᠪᠣᠯᠳᠠᠭ᠃ ᠨᠠᠪᠴᠢᠨ ᠢᠯᠲᠠᠰᠤ ᠨᠢ3 ᠭᠦᠨ ᠣᠨᠢ ᠲᠠᠢ᠂ ᠳᠤᠮᠳᠠᠬᠢ ᠰᠡᠵᠢᠭᠦᠷ ᠢᠯᠲᠠᠰᠤ ᠨᠢ ᠱᠠᠭᠠᠨᠲᠠᠭ ᠰᠢᠭ᠋ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠳᠡᠭᠡᠷ᠎ᠡ ᠬᠡᠰᠡᠭ ᠨᠢ 3 ᠭᠦᠢᠬᠡᠨ ᠣᠨᠢ ᠲᠠᠢ᠂ ᠬᠠᠵᠠᠭᠤ ᠶ᠋ᠢᠨ ᠰᠡᠵᠢᠭᠦᠷ ᠢᠯᠲᠠᠰᠤ ᠨᠢ ᠬᠠᠵᠠᠭᠠᠢ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠲᠡᠩᠴᠡᠭᠦᠦ ᠪᠤᠰᠤ2 ᠭᠦᠢᠬᠡᠨ ᠣᠨᠢ ᠲᠠᠢ᠂ ᠪᠦᠳᠦᠭᠦᠨ ᠬᠡᠷᠴᠢᠶᠡᠰᠦᠲᠦ ᠬᠥᠪᠡᠭᠡ ᠲᠡᠢ᠂ ᠵᠢᠷᠦᠬᠡᠨ ᠬᠡᠯᠪᠡᠷᠢᠲᠦ ᠤᠭ ᠲᠠᠢ᠂ ᠨᠠᠪᠴᠢᠨ ᠤ᠋ ᠬᠣᠶᠠᠷ ᠲᠠᠯ᠎ᠠ ᠳ᠋ᠤᠨᠢ ᠬᠡᠪᠲᠡᠭᠡ ᠦᠰᠦ ᠲᠡᠢ᠂ ᠡᠰᠢᠨ ᠳ᠋ᠡᠬᠢ ᠨᠠᠪᠴᠢ ᠨᠢ ᠴᠥᠭᠡᠨ᠂ ᠪᠠᠷᠤᠭ ᠪᠠᠷᠢᠭᠤᠯ ᠦᠭᠡᠢ ᠰᠢᠬᠠᠮ᠂ ᠳᠡᠭᠡᠷ᠎ᠡ ᠬᠡᠰᠡᠭ ᠦ᠋ᠨ ᠨᠠᠪᠴᠢ ᠨᠢ3 ᠭᠦᠢᠴᠡᠳ ᠣᠨᠢ ᠲᠠᠢ᠂ ᠪᠠᠭᠯᠠᠭᠴᠢ ᠨᠠᠪᠴᠢ ᠨᠢ ᠨᠠᠷᠢᠨ ᠬᠠᠪᠲᠠᠭᠠᠢ ᠲᠡᠪᠡᠨᠡ ᠬᠡᠯᠪᠡᠷᠢ ᠲᠡᠢ᠂ ᠪᠦᠲᠦᠨ ᠬᠥᠪᠡᠭᠡ ᠲᠡᠢ᠃ ᠣᠯᠠᠨ ᠴᠡᠴᠡᠭ ᠲᠡᠢ᠂ ᠴᠡᠴᠡᠭ ᠦ᠋ᠨ ᠪᠠᠷᠢᠭᠤᠯ ᠨᠢ ᠨᠠᠷᠢᠨ ᠤᠷᠲᠤ᠂ ᠲᠣᠭᠳᠣᠢ ᠢᠯᠲᠠᠰᠤ ᠨᠢ5᠂ ᠥᠨᠳᠡᠭᠡᠯᠵᠢᠨ ᠵᠤᠤᠪᠠᠩ ᠬᠡᠯᠪᠡᠷᠢ ᠲᠡᠢ᠂ ᠬᠠᠯᠢᠰᠤᠯᠢᠭ ᠬᠥᠪᠡᠭᠡ ᠲᠡᠢ᠂ ᠭᠠᠳᠠᠷ ᠨᠢ ᠨᠢᠭ ᠤᠷᠲᠤ ᠦᠰᠦ ᠲᠡᠢ᠂ ᠴᠡᠴᠡᠭ ᠦ᠋ᠨ ᠬᠡᠯᠲᠡᠰ ᠨᠢ5᠂ ᠰᠣᠷᠭᠣᠭ ᠰᠢᠷ᠎ᠠ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠭᠢᠯᠦᠭᠡᠷ᠂ ᠳᠣᠲᠣᠷ᠎ᠠ ᠲᠠᠯ᠎ᠠ ᠶ᠋ᠢᠨ ᠤᠭ ᠲᠤᠨᠢ ᠪᠠᠯ ᠤ᠋ᠨ ᠬᠣᠪᠢᠯ ᠲᠠᠢ᠃ ᠣᠯᠠᠨ ᠡᠷ᠎ᠡ ᠲᠣᠭᠣᠷᠴᠣᠭ ᠲᠠᠢ᠃ ᠨᠡᠢᠯᠡᠮᠡᠯ ᠵᠢᠮᠢᠰ ᠨᠢ ᠪᠥᠮᠪᠥᠭᠡᠯᠢᠭ᠂ ᠲᠤᠷᠠᠩᠬᠠᠢ ᠵᠢᠮᠢᠰ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠦᠰᠦ ᠦᠭᠡᠢ᠃3~8 ᠳ᠋ᠤᠭᠠᠷ ᠰᠠᠷ᠎ᠠ ᠳ᠋ᠤ᠌ ᠴᠡᠴᠡᠭᠯᠡᠵᠦ᠂6~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠴᠢᠭᠢᠭᠯᠢᠭ ᠨᠣᠢᠲᠠᠨ ᠣᠷᠴᠢᠨ᠂ ᠭᠣᠣᠯ ᠤ᠋ᠨ ᠬᠥᠪᠡᠭᠡ᠂ ᠨᠠᠭᠤᠷ ᠤ᠋ᠨ ᠣᠷᠴᠢᠮ᠂ ᠬᠡᠭᠡᠷ᠎ᠡ ᠲᠠᠯ᠎ᠠ ᠶ᠋ᠢᠨ ᠤᠰᠤ ᠴᠢᠭᠢᠭᠲᠡᠢ ᠭᠠᠵᠠᠷ ᠲᠤ ᠤᠷᠭᠤᠨ᠎ᠠ᠃ ᠪᠦᠬᠦ ᠤᠯᠤᠰ ᠤ᠋ᠨ ᠡᠯ᠎ᠡ ᠭᠠᠵᠠᠷ ᠲᠤ ᠨᠡᠢᠳᠡᠮ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠴᠡᠴᠡᠭ ᠪᠦᠬᠦᠢ ᠪᠦᠬᠦᠯᠢ ᠡᠪᠡᠰᠦ ᠶ᠋ᠢ ᠨᠢ ᠲᠡᠭᠦᠵᠦ᠂ ᠰᠢᠪᠠᠷ ᠰᠢᠷᠣᠢ ᠪᠠ ᠬᠣᠯᠢᠮᠠᠭ ᠵᠦᠢᠯ ᠢ᠋ ᠨᠢ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ; ᠬᠠᠯᠠᠭᠤᠨ ᠴᠢᠨᠠᠷ ᠲᠠᠢ; ᠬᠥᠩᠭᠡᠨ᠂ ᠬᠠᠭᠤᠷᠠᠢ᠂ ᠰᠢᠷᠦᠭᠦᠨ᠂ ᠬᠤᠷᠴᠠ ᠡᠷᠳᠡᠮ ᠲᠡᠢ; ᠪᠠᠭ᠎ᠠ ᠬᠣᠣᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠪᠡᠲᠡᠭᠢ ᠶ᠋ᠢ ᠡᠪᠳᠡᠬᠦ᠂ ᠢᠯᠴᠢ ᠶ᠋ᠢ ᠰᠡᠯᠪᠢᠬᠦ᠂ ᠢᠯᠵᠢᠷᠡᠬᠦ ᠶ᠋ᠢ ᠵᠣᠭᠰᠣᠭᠠᠬᠤ᠂ ᠰᠢᠷ᠎ᠠ ᠤᠰᠤ ᠶ᠋ᠢ ᠲᠠᠲᠠᠬᠤ᠂ ᠬᠠᠪᠤᠩ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠠᠶᠤᠤᠯᠢᠬᠠᠢ ᠶ᠋ᠢᠨ ᠪᠡᠲᠡᠭᠢ᠂ ᠡᠯᠢᠭᠡᠨ ᠦ᠌ ᠪᠡᠲᠡᠭᠢ᠂ ᠬᠣᠳᠣᠭᠣᠳᠣᠨ ᠤ᠋ ᠪᠡᠲᠡᠭᠢ᠂ ᠬᠣᠷᠣᠬᠠᠢ ᠪᠡᠲᠡᠭᠢ᠂ ᠰᠠᠬᠤᠤ᠂ ᠴᠢᠭᠢᠬ᠎ᠠ᠂ ᠬᠥᠬᠥᠨ ᠬᠠᠪᠤᠳᠠᠷ᠂ ᠶᠠᠷ᠎ᠠ ᠰᠢᠷᠬ᠎ᠠ᠂ ᠠᠯᠠᠭ ᠮᠠᠷᠢᠶ᠎ᠠ᠂ ᠬᠦᠢᠲᠡᠨ ᠰᠢᠷ᠎ᠠ ᠤᠰᠤᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄毛茛
ᠠᠩᠭ᠌ᠯᠢ ᠨᠡᠷ᠎ᠡ᠄Ranunculus japonicus Thunb.
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠴᠡᠪᠡᠷᠴᠡᠴᠡᠭ
