ᠬᠥᠬᠥᠭᠡ ᠡᠪᠡᠰᠦХөхөө өвсKhökhöö övs
ᠬᠥᠬᠥᠭᠡ ᠡᠪᠡᠰᠦ
ᠲᠤᠰ ᠡᠮ ᠪᠣᠯ ᠴᠠᠬᠢᠷᠮ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠠᠭᠠᠲᠠᠭᠠᠨ ᠴᠠᠬᠢᠷᠮ᠎ᠠ ᠶ᠋ᠢᠨ ᠬᠠᠲᠠᠭᠠᠭᠰᠠᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠽᠣᠸᠠᠺᠦ᠋ᠵᠦᠭ᠂ ᠳ᠋ᠦᠮᠪᠣᠵᠠᠩᠴᠦ᠋ᠪ᠂ ᠬᠦᠱᠠᠰᠠᠯᠦ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃25~50cm ᠥᠨᠳᠥᠷ᠂ ᠦᠨᠳᠦᠰᠦᠯᠢᠭ ᠡᠰᠢ ᠨᠢ ᠬᠥᠨᠳᠡᠯᠡᠨ ᠤᠷᠭᠤᠨ᠎ᠠ᠃ ᠲᠤᠷᠤᠭ ᠪᠦᠳᠦᠭᠦᠨ᠂ ᠣᠯᠠᠨ ᠨᠠᠷᠢᠨ ᠤᠷᠲᠤ ᠦᠨᠳᠦᠰᠦ ᠲᠡᠢ᠃ ᠡᠰᠢ ᠨᠢ ᠰᠢᠯᠤᠭᠤᠨ᠂ ᠤᠭ ᠤ᠋ᠨ ᠬᠡᠰᠡᠭ ᠲᠤᠨᠢ ᠤᠯᠠᠪᠤᠷ ᠨᠠᠪᠴᠢᠨ ᠲᠣᠭᠳᠣᠢ ᠲᠠᠢ᠃ ᠨᠠᠪᠴᠢ ᠨᠢ ᠵᠤᠤᠪᠠᠩ ᠪᠤᠶᠤ ᠥᠨᠳᠡᠭᠡᠯᠵᠢᠨ ᠵᠤᠤᠪᠠᠩ ᠬᠡᠯᠪᠡᠷᠢ ᠲᠡᠢ᠃ ᠴᠡᠴᠡᠭ ᠦ᠋ᠨ ᠪᠠᠭᠯᠠᠭᠴᠢ ᠢᠯᠲᠠᠰᠤ ᠨᠢ ᠨᠠᠪᠴᠢ ᠲᠠᠢ ᠪᠠᠨ ᠠᠳᠠᠯᠢ ᠬᠡᠯᠪᠡᠷᠢ ᠲᠡᠢ ᠮᠥᠷᠲᠡᠭᠡᠨ ᠨᠡᠯᠢᠶᠡᠳ ᠵᠢᠵᠢᠭ᠃ ᠴᠡᠴᠡᠭ ᠨᠢ ᠶᠡᠷᠦ ᠳ᠋ᠡᠭᠡᠨ1 ᠬᠦᠢᠰ᠂ ᠪᠣᠷᠣᠪᠲᠤᠷ ᠤᠯᠠᠭᠠᠨ ᠥᠩᠭᠡ ᠲᠡᠢ᠃ ᠳᠤᠮᠳᠠ ᠲᠣᠭᠳᠣᠢ ᠢᠯᠲᠠᠰᠤ ᠨᠢ ᠥᠷᠭᠡᠨ ᠥᠨᠳᠡᠭᠡᠯᠵᠢᠨ ᠬᠡᠯᠪᠡᠷᠢ ᠲᠡᠢ᠃ ᠨᠡᠢᠯᠡᠮᠡᠯ ᠲᠣᠭᠳᠣᠢ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂ ᠦᠵᠦᠭᠦᠷ ᠲᠤᠨᠢ2 ᠠᠷᠠᠭ᠎ᠠ ᠲᠠᠢ᠃ ᠴᠡᠴᠡᠭ ᠦ᠋ᠨ ᠬᠡᠯᠲᠡᠰ ᠨᠢ ᠬᠠᠪᠲᠠᠭᠠᠢ ᠲᠡᠪᠡᠨᠡ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠳᠣᠲᠣᠷ᠎ᠠ ᠲᠠᠯ᠎ᠠ ᠶ᠋ᠢᠨ ᠤᠭ ᠲᠤᠨᠢ ᠤᠷᠲᠤ ᠵᠥᠭᠡᠯᠡᠨ ᠦᠰᠦ ᠲᠡᠢ᠃ ᠤᠷᠤᠭᠤᠯ ᠬᠡᠯᠲᠡᠰ ᠨᠢ ᠤᠭᠤᠲᠠᠯᠢᠭ᠂ ᠵᠤᠤᠪᠠᠩ ᠪᠥᠮᠪᠥᠷᠢᠭᠡᠨ ᠬᠡᠯᠪᠡᠷᠢ ᠲᠡᠢ᠂ ᠤᠭ ᠤ᠋ᠨ ᠬᠡᠰᠡᠭ ᠪᠠ ᠤᠭᠤᠲᠠ ᠶ᠋ᠢᠨ ᠳᠣᠲᠣᠷ᠎ᠠ ᠢᠷᠣᠭᠠᠷ ᠲᠤᠨᠢ ᠤᠷᠲᠤ ᠵᠥᠭᠡᠯᠡᠨ ᠦᠰᠦ ᠲᠡᠢ᠂ ᠳᠠᠷᠠᠪᠴᠢ ᠦᠭᠡᠢ᠃ ᠲᠣᠭᠣᠷᠴᠣᠭ ᠤ᠋ᠨ ᠪᠠᠭᠠᠨ᠎ᠠ ᠨᠢ ᠪᠠᠷᠤᠭ2cm ᠤᠷᠲᠤ᠃ ᠳᠣᠷᠣᠢᠲᠠᠭᠰᠠᠨ ᠡᠷ᠎ᠡ ᠲᠣᠭᠣᠷᠴᠣᠭ ᠨᠢ ᠲᠡᠭᠰᠢ ᠲᠣᠭᠣᠷᠢᠭ ᠥᠨᠳᠡᠭᠡᠯᠵᠢᠨ ᠬᠡᠯᠪᠡᠷᠢ ᠲᠡᠢ᠂ ᠴᠡᠴᠡᠭ ᠦ᠋ᠨ ᠬᠡᠯᠲᠡᠰ ᠰᠢᠭ᠃2 ᠡᠷ᠎ᠡ ᠲᠣᠭᠣᠷᠴᠣᠭ ᠲᠠᠢ᠂ ᠲᠣᠭᠣᠰᠣᠪᠴᠢ ᠨᠢ ᠬᠠᠪᠲᠠᠭᠠᠢ ᠪᠥᠮᠪᠦᠭᠡᠨ ᠬᠡᠯᠪᠡᠷᠢ ᠲᠡᠢ᠃ ᠪᠠᠭᠠᠨ᠎ᠠ ᠶ᠋ᠢᠨ ᠠᠮᠠᠰᠠᠷ ᠨᠢ ᠷᠣᠮᠪ ᠬᠡᠯᠪᠡᠷᠢ ᠲᠡᠢ᠃ ᠤᠮᠠᠢ ᠨᠢ ᠨᠠᠷᠢᠨ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠨᠤᠮᠤᠯᠢᠭ ᠮᠤᠷᠤᠢ᠃ ᠬᠣᠩᠭᠣᠷᠴᠣᠭᠲᠤ ᠵᠢᠮᠢᠰ ᠨᠢ ᠡᠭᠡᠷᠡᠦᠯ ᠬᠡᠯᠪᠡᠷᠢ ᠲᠡᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠳᠤᠮᠳᠠᠬᠢ ᠨᠤᠭᠤ᠂ ᠣᠢ ᠶ᠋ᠢᠨ ᠬᠥᠪᠡᠭᠡ ᠶ᠋ᠢᠨ ᠨᠤᠭᠤ ᠪᠤᠶᠤ ᠣᠢ ᠳᠣᠲᠣᠷ᠎ᠠ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠂ ᠰᠧᠴᠤᠸᠠᠨ᠂ ᠶᠦᠨᠨᠠᠨ᠂ ᠲᠥᠪᠡᠳ ᠲᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠲᠡᠭᠦᠵᠦ᠂ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠢᠰᠬᠦᠯᠡᠩ ᠠᠮᠲᠠ ᠲᠠᠢ; ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠭᠡᠯᠭᠡᠬᠦ᠂ ᠰᠤᠳᠠᠯ ᠤ᠋ᠨ ᠰᠦᠪᠡ ᠶ᠋ᠢ ᠨᠡᠭᠡᠭᠡᠬᠦ᠂ ᠴᠢᠰᠤ ᠶ᠋ᠢ ᠵᠣᠭᠰᠣᠭᠠᠬᠤ᠂ ᠰᠢᠮᠡᠵᠢᠭᠦᠯᠬᠦ ᠴᠢᠳᠠᠯ ᠲᠠᠢ᠃ ᠭᠣᠣᠯᠳᠠᠭᠤ ᠰᠢᠭᠡᠰᠦ ᠬᠠᠭᠠᠭᠳᠠᠭᠰᠠᠨ᠂ ᠳᠠᠪᠤᠰᠠᠩ ᠤ᠋ᠨ ᠴᠢᠯᠠᠭᠤᠰᠢᠷᠠᠯ᠂ ᠰᠢᠵᠢᠩ᠂ ᠶᠠᠷ᠎ᠠ ᠰᠢᠷᠬ᠎ᠠ᠂ ᠤᠰᠤᠨ ᠬᠠᠪᠤᠩ᠂ ᠰᠠᠷ᠎ᠠ ᠶ᠋ᠢᠨ ᠭᠬᠢᠷ ᠴᠤᠪᠤᠷᠠᠬᠤ᠂ ᠬᠠᠮᠠᠷ ᠠ᠋ᠴᠠ ᠴᠢᠰᠤ ᠭᠠᠷᠬᠤ᠂ ᠴᠢᠰᠤ ᠪᠠᠷ ᠪᠥᠭᠡᠯᠵᠢᠬᠦ᠂ ᠲᠠᠮᠢᠷ ᠳᠣᠷᠣᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄大花杓兰
ᠠᠩᠭ᠌ᠯᠢ ᠨᠡᠷ᠎ᠡ᠄Cypripedium macranthos Sw.
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠲᠤᠶᠠᠭ᠎ᠠ
