ᠭᠠᠰᠢᠭᠤᠨ ᠨᠣᠭᠣᠭ᠎ᠠГашуун ногооGashuun nogoo
ᠭᠠᠰᠢᠭᠤᠨ ᠨᠣᠭᠣᠭ᠎ᠠ
ᠲᠤᠰ ᠡᠮ ᠪᠣᠯ ᠤᠳ᠌ᠪᠠᠯᠡ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠭᠠᠰᠢᠭᠤᠨ ᠨᠣᠭᠣᠭ᠎ᠠ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠵᠠᠺᠦᠢ᠍ᠷ᠂ ᠵᠠᠪ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠪᠦᠬᠦ ᠪᠡᠶ᠎ᠡ ᠳ᠋ᠦ᠍ᠨᠢ ᠰᠦ ᠲᠡᠢ᠃ ᠡᠰᠢ ᠨᠢ ᠰᠢᠯᠤᠭᠤᠨ᠂30~80cm ᠥᠨᠳᠥᠷ᠃ ᠨᠠᠪᠴᠢ ᠨᠢ ᠴᠤᠪᠤᠷᠠᠨ ᠤᠷᠭᠤᠨ᠎ᠠ᠂ ᠬᠠᠪᠲᠠᠭᠠᠢ ᠲᠡᠪᠡᠨᠡ ᠪᠤᠶᠤ ᠤᠷᠲᠤᠯᠵᠢᠨ ᠲᠣᠭᠤᠷᠢᠬᠯᠢᠭ᠋ ᠬᠠᠪᠲᠠᠭᠠᠢ ᠲᠡᠪᠡᠨᠡ ᠬᠡᠯᠪᠡᠷᠢ ᠲᠡᠢ᠂8~20cm ᠤᠷᠲᠤ᠂2~5cm ᠥᠷᠭᠡᠨ᠂ ᠮᠤᠬᠤᠷ ᠦᠵᠦᠭᠦᠷ ᠲᠡᠢ᠂ ᠴᠢᠬᠢ ᠬᠡᠯᠪᠡᠷᠢ ᠲᠡᠢ ᠡᠰᠢ ᠪᠡᠨ ᠪᠠᠭᠯᠠᠭᠰᠠᠨ ᠤᠭ ᠲᠠᠢ᠂ ᠬᠥᠪᠡᠭᠡ ᠪᠡᠷ ᠨᠢ ᠲᠠᠷᠠᠮᠠᠭ ᠡᠮᠲᠡᠷᠬᠡᠢ ᠪᠤᠶᠤ ᠭᠦᠢᠬᠡᠨ ᠣᠨᠢ ᠲᠠᠢ᠂ ᠡᠮᠲᠡᠷᠬᠡᠢ ᠪᠠ ᠰᠡᠵᠢᠭᠦᠷ ᠢᠯᠲᠠᠰᠤ ᠨᠢ ᠪᠦᠷ ᠬᠤᠷᠴᠠ ᠬᠡᠷᠴᠢᠶᠡᠰᠦ ᠲᠡᠢ᠂ ᠤᠵᠠᠭᠤᠷ ᠤ᠋ᠨ ᠨᠠᠪᠴᠢ ᠨᠢ ᠣᠬᠣᠷ ᠪᠠᠷᠢᠭᠤᠯ ᠲᠠᠢ᠂ ᠡᠰᠢᠨ ᠳ᠋ᠡᠬᠢ ᠨᠠᠪᠴᠢ ᠨᠢ ᠪᠠᠷᠢᠭᠤᠯ ᠦᠭᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠡᠰᠢ ᠰᠠᠯᠠᠭ᠎ᠠ ᠶ᠋ᠢᠨ ᠣᠷᠣᠢ ᠳ᠋ᠤ᠌ ᠭᠠᠭᠴᠠᠭᠠᠷ ᠪᠤᠶᠤ ᠨᠡᠯᠢᠶᠡᠳ ᠬᠡᠳᠦ ᠪᠡᠷ ᠲᠡᠭᠰᠢ ᠣᠷᠣᠢᠲᠤ ᠪᠣᠯᠵᠤ ᠵᠡᠷᠭᠡᠴᠡᠨ ᠳᠡᠯᠭᠡᠷᠡᠨ᠎ᠡ᠃ ᠬᠡᠯᠡ ᠬᠡᠯᠪᠡᠷᠢᠲᠦ ᠰᠢᠷ᠎ᠠ ᠴᠡᠴᠡᠭ ᠲᠡᠢ᠂ ᠳ᠋ᠢᠶᠠᠮᠧᠲ᠋ᠷ ᠨᠢ2~4cm᠂ ᠶᠡᠷᠦᠩᠬᠡᠢ ᠪᠠᠭᠯᠠᠭᠴᠢ ᠨᠢ ᠬᠤᠩᠬ᠎ᠠ ᠬᠡᠯᠪᠡᠷᠢ ᠲᠡᠢ᠃ ᠡᠷ᠎ᠡ ᠲᠣᠭᠣᠷᠴᠣᠭ ᠨᠢ5᠂ ᠡᠮ᠎ᠡ ᠲᠣᠭᠣᠷᠴᠣᠭ ᠨᠢ1᠂ ᠳᠣᠣᠷᠠᠲᠤ ᠣᠷᠣᠨᠲᠤ ᠤᠮᠠᠢ ᠲᠠᠢ᠂ ᠴᠡᠴᠡᠭ ᠦ᠋ᠨ ᠪᠠᠭᠠᠨ᠎ᠠ ᠨᠢ ᠮᠠᠰᠢ ᠨᠠᠷᠢᠨ ᠪᠥᠭᠡᠳ ᠠᠴᠠ ᠰᠢᠭ᠋ ᠠᠮᠠᠰᠠᠷ ᠲᠠᠢ᠃ ᠲᠤᠷᠠᠩᠬᠠᠢ ᠵᠢᠮᠢᠰ ᠨᠢ ᠤᠷᠲᠤᠯᠵᠢᠨ ᠵᠤᠤᠪᠠᠩ ᠬᠡᠯᠪᠡᠷᠢ ᠲᠡᠢ᠂ ᠭᠤᠯᠳᠤ ᠢᠷᠮᠡᠭ ᠲᠡᠢ᠂ ᠲᠢᠲᠢᠮ ᠦᠰᠦ ᠨᠢ ᠨᠠᠷᠢᠨ᠂ ᠵᠥᠭᠡᠯᠡᠨ᠃6~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠡᠭᠡᠷ᠎ᠡ ᠲᠠᠯ᠎ᠠ᠂ ᠵᠠᠮ ᠤ᠋ᠨ ᠬᠠᠵᠠᠭᠤ᠂ ᠠᠢᠯ ᠲᠣᠰᠬᠣᠨ ᠤ᠋ ᠵᠠᠬ᠎ᠠ᠂ ᠲᠠᠷᠢᠶᠠᠨ ᠭᠠᠵᠠᠷ ᠲᠤ ᠤᠷᠭᠤᠨ᠎ᠠ᠃ ᠪᠦᠬᠦ ᠤᠯᠤᠰ ᠤ᠋ᠨ ᠣᠯᠠᠩᠬᠢ ᠭᠠᠵᠠᠷ ᠣᠷᠣᠨ ᠳ᠋ᠤ᠌ ᠲᠠᠷᠬᠠᠴᠠ ᠲᠠᠢ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠳᠤᠷ᠎ᠠ ᠶ᠋ᠢ ᠨᠡᠭᠡᠭᠡᠬᠦ ᠴᠢᠳᠠᠯ ᠲᠠᠢ᠃ ᠭᠣᠣᠯᠳᠠᠭᠤ ᠬᠠᠯᠠᠭᠤᠨ ᠰᠢᠷ᠎ᠠ᠂ ᠬᠣᠳᠣᠭᠣᠳᠣ ᠡᠪᠡᠳᠬᠦ᠂ ᠴᠡᠭᠡᠵᠢ ᠪᠡᠷ ᠬᠠᠳᠬᠤᠯᠠᠬᠤ᠂ ᠳᠤᠷ᠎ᠠ ᠬᠠᠭᠠᠭᠳᠠᠭᠰᠠᠨ᠂ ᠬᠣᠳᠣᠭᠣᠳᠣᠨ ᠳ᠋ᠤ᠌ ᠬᠣᠣᠷ ᠬᠠᠷᠰᠢᠭᠰᠠᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄北败酱(苣荬菜)
ᠠᠩᠭ᠌ᠯᠢ ᠨᠡᠷ᠎ᠡ᠄sonchus oleraceus L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠴᠡᠪᠡᠷᠴᠡᠴᠡᠭ
