ᠡᠷ᠎ᠡ ᠡᠮ᠎ᠡ ᠶᠢᠨ ᠶᠣᠰᠣᠨ – ᠳ ᠂ ᠪᠤᠯᠤᠳᠴᠡᠷᠢᠩ <ᠨᠢᠭᠡᠳᠦᠭᠡᠷ ᠪᠦᠯᠦᠭ>– ᠳᠣᠯᠣᠭ᠎ᠠ ᠂ ᠵᠢᠷᠮᠦᠰᠦᠯᠡᠬᠦ ᠡᠴᠡ ᠰᠡᠷᠭᠡᠢᠯᠡᠵᠦ ᠪᠣᠯᠤᠨ᠎ᠠ Эр эмийн ёсон – Д᠂ Болдцэрэн <Нэгдүгээр бүлэг>– Долоо ᠂ Жирэмслэхээс сэргийлж болно ᠡᠷᠡᠭᠦᠯ ᠡᠩᠬᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠡᠷ᠎ᠡ ᠡᠮ᠎ᠡ ᠶᠢᠨ ᠶᠣᠰᠣᠨ – ᠳ ᠂ ᠪᠤᠯᠤᠳᠴᠡᠷᠢᠩ <ᠨᠢᠭᠡᠳᠦᠭᠡᠷ ᠪᠦᠯᠦᠭ>– ᠳᠣᠯᠣᠭ᠎ᠠ ᠂ ᠵᠢᠷᠮᠦᠰᠦᠯᠡᠬᠦ ᠡᠴᠡ ᠰᠡᠷᠭᠡᠢᠯᠡᠵᠦ ᠪᠣᠯᠤᠨ᠎ᠠ Эр эмийн ёсон – Д᠂ Болдцэрэн <Нэгдүгээр бүлэг>– Долоо ᠂ Жирэмслэхээс сэргийлж болно

ᠡᠷ᠎ᠡ ᠡᠮ᠎ᠡ ᠶᠢᠨ ᠶᠣᠰᠣᠨ – ᠳ ᠂ ᠪᠤᠯᠤᠳᠴᠡᠷᠢᠩ <ᠨᠢᠭᠡᠳᠦᠭᠡᠷ ᠪᠦᠯᠦᠭ>– ᠳᠣᠯᠣᠭ᠎ᠠ ᠂ ᠵᠢᠷᠮᠦᠰᠦᠯᠡᠬᠦ ᠡᠴᠡ ᠰᠡᠷᠭᠡᠢᠯᠡᠵᠦ ᠪᠣᠯᠤᠨ᠎ᠠ Эр эмийн ёсон – Д᠂ Болдцэрэн <Нэгдүгээр бүлэг>– Долоо ᠂ Жирэмслэхээс сэргийлж болно

ᠠᠩᠭᠢᠯᠠᠯ:ᠡᠷᠡᠭᠦᠯ ᠡᠩᠬᠡ
2025-08-02

222

ᠳᠣᠯᠣᠭ᠎ᠠ᠂ ᠵᠢᠷᠮᠦᠰᠦᠯᠡᠬᠦ ᠡᠴᠡ ᠰᠡᠷᠭᠡᠢᠯᠡᠵᠦ ᠪᠣᠯᠤᠨ᠎ᠠ


       ᠬᠥᠮᠦᠨ ᠠᠮᠠ ᠵᠦᠢ ᠶ᠋ᠢᠨ ᠪᠣᠳᠣᠯᠭ᠎ᠠ ᠶ᠋ᠢᠨ ᠰᠠᠯᠤᠰᠢ ᠦᠭᠡᠢ ᠨᠢᠭᠡᠨ ᠬᠡᠰᠡᠭ ᠪᠣᠯ ᠭᠡᠷ ᠪᠦᠯᠢ ᠶ᠋ᠢᠨ ᠲᠥᠯᠥᠪᠯᠡᠯᠲᠡ ᠪᠢᠯᠡ᠃ ᠡᠨᠡ ᠨᠢ ᠵᠠᠯᠠᠭᠤ ᠬᠣᠣᠰ ᠤ᠋ᠳ ᠬᠡᠵᠢᠶ᠎ᠡ ᠠᠩᠬᠠᠨ ᠤ᠋ ᠬᠡᠦᠬᠡᠳ ᠢ᠋ᠶ᠋ᠡᠨ ᠲᠥᠷᠥᠭᠦᠯᠬᠦ᠂ ᠳᠠᠷᠠᠭ᠎ᠠ ᠶ᠋ᠢᠨ ᠬᠢ ᠶ᠋ᠢ ᠨᠢ ᠬᠡᠵᠢᠶ᠎ᠡ ᠭᠠᠷᠭᠠᠬᠤ᠂ ᠶᠡᠷᠦᠨᠢ ᠬᠡᠳᠦᠨ ᠬᠡᠦᠬᠡᠳ᠂ ᠶᠠᠮᠠᠷ ᠵᠠᠢᠲᠠᠢ ᠭᠠᠷᠭᠠᠬᠤ ᠪᠠᠨ ᠠᠬᠤᠢ ᠶ᠋ᠢᠨ ᠠᠮᠢᠳᠤᠷᠠᠯ ᠤ᠋ᠨ ᠨᠥᠬᠥᠴᠡᠯ᠂ ᠪᠣᠯᠣᠯᠴᠠᠭᠠᠨ ᠳᠡᠭᠡᠷ᠎ᠡ ᠪᠡᠨ ᠲᠤᠯᠭᠠᠭᠤᠷᠢᠯᠠᠨ ᠤᠷᠢᠳᠠ ᠠ᠋ᠴᠠ ᠰᠠᠢᠲᠤᠷ ᠪᠣᠳᠣᠵᠤ ᠲᠥᠯᠥᠪᠯᠡᠬᠦ ᠶ᠋ᠢ ᠬᠡᠯᠡᠨ᠎ᠡ᠃ ᠭᠡᠪᠡᠴᠦ ᠵᠠᠯᠠᠭᠤᠰ ᠮᠠᠨᠢ ᠵᠢᠷᠮᠦᠰᠦᠯᠡᠬᠦ ᠡᠴᠡ ᠰᠡᠷᠭᠡᠢᠯᠡᠬᠦ ᠠᠷᠭ᠎ᠠ ᠶ᠋ᠢ ᠲᠡᠷᠡ ᠪᠦᠷᠢ ᠶ᠋ᠢ ᠰᠠᠢᠨ ᠮᠡᠳᠡᠬᠦ ᠦᠭᠡᠢ ᠪᠠᠢᠭ᠎ᠠ ᠨᠢ ᠨᠢᠭᠤᠴᠠ ᠪᠢᠰᠢ᠃ ᠡᠭᠦᠨ ᠦ᠌ ᠤᠯᠠᠮ ᠠ᠋ᠴᠠ ᠬᠦᠰᠡᠭᠡ ᠦᠭᠡᠢ ᠪᠠᠢᠬᠤ ᠳ᠋ᠤ᠌ ᠵᠢᠷᠮᠦᠰᠦᠨ ᠪᠣᠯᠵᠤ᠂ ᠠᠷᠭ᠎ᠠ ᠪᠤᠶᠤ ᠦᠷ᠎ᠡ ᠬᠥᠨᠳᠡᠭᠦᠯᠬᠦ ᠨᠢ ᠴᠥᠭᠡᠨ ᠦᠭᠡᠢ ᠪᠠᠢᠭ᠎ᠠ ᠶ᠋ᠢ ᠠᠮᠢᠳᠤᠷᠠᠯ ᠨᠤᠲᠠᠯᠠᠵᠤ ᠪᠠᠢᠨ᠎ᠠ᠃ ᠡᠢᠮᠦ ᠡᠴᠡ ᠵᠢᠷᠮᠦᠰᠦᠯᠡᠬᠦ ᠡᠴᠡ ᠰᠡᠷᠭᠡᠢᠯᠡᠬᠦ ᠠᠷᠭ᠎ᠠ ᠶ᠋ᠢ ᠮᠡᠳᠡᠬᠦ ᠨᠢ ᠤᠭ ᠲᠠᠭᠠᠨ ᠦᠷ᠎ᠡ ᠬᠥᠨᠳᠡᠯᠲᠡ ᠡᠴᠡ ᠰᠡᠷᠭᠡᠢᠯᠡᠬᠦ ᠠᠷᠭ᠎ᠠ ᠶᠤᠮ᠃ ᠵᠠᠯᠠᠭᠤ ᠬᠣᠣᠰ ᠤ᠋ᠳ ᠳᠤᠮᠳᠠ ᠵᠢᠷᠮᠦᠰᠦᠯᠡᠬᠦ ᠡᠴᠡ ᠰᠡᠷᠭᠡᠢᠯᠡᠭᠰᠡᠨ ᠬᠠᠮᠤᠭ ᠤ᠋ᠨ ᠳᠡᠯᠭᠡᠷᠡᠭᠰᠡᠨ ᠠᠷᠭ᠎ᠠ ᠨᠢ ᠡᠷᠡᠭᠲᠡᠢ ᠬᠥᠮᠦᠨ ᠦ᠌ ᠦᠷ᠎ᠡ ᠶ᠋ᠢᠨ ᠰᠢᠩᠭᠡᠨ ᠢ᠋ᠶ᠋ᠡᠨ ᠦᠲᠦᠷᠢᠶ᠎ᠡ ᠶ᠋ᠢᠨ ᠭᠠᠳᠠᠭᠤᠷ ᠭᠠᠷᠭᠠᠬᠤ ᠠᠷᠭ᠎ᠠ ᠪᠣᠯᠬᠤ ᠶ᠋ᠢ ᠪᠢᠳᠡᠨ ᠦ᠌ ᠰᠤᠳᠤᠯᠭᠠᠨ ᠬᠠᠷᠠᠭᠤᠯᠤᠭᠰᠠᠨ ᠶᠤᠮ᠃ ᠡᠨᠡ ᠪᠣᠯ ᠤᠭ ᠲᠠᠭᠠᠨ ᠵᠢᠷᠮᠦᠰᠦᠯᠡᠬᠦ ᠡᠴᠡ ᠰᠡᠷᠭᠡᠢᠯᠡᠬᠦ ᠠᠷᠭ᠎ᠠ ᠣᠭᠲᠣ ᠪᠢᠰᠢ ᠪᠥᠭᠡᠳ ᠬᠥᠮᠦᠨ ᠦ᠌ ᠶᠣᠰᠣᠨ ᠠ᠋ᠴᠠ ᠭᠠᠵᠢᠭᠤᠳᠠ ᠦᠢᠯᠡᠳᠦᠯ ᠪᠣᠯᠬᠤ ᠶ᠋ᠢᠨ ᠬᠤᠪᠢ ᠳ᠋ᠤ᠌ ᠡᠷᠡᠭᠲᠡᠢ᠂ ᠡᠮᠡᠭᠲᠡᠢ ᠬᠥᠮᠦᠨ ᠦ᠌ ᠠᠯᠢᠨ ᠤ᠋ ᠴᠦ᠍ ᠡᠷᠡᠭᠦᠯ ᠮᠡᠨᠳᠦ ᠳ᠋ᠦ᠍ ᠶᠠᠭᠤᠨ ᠠ᠋ᠴᠠ ᠴᠦ᠍ ᠢᠯᠡᠭᠦᠦ ᠬᠣᠣᠷ ᠬᠦᠷᠭᠡᠳᠡᠭ᠃ ᠬᠤᠷᠢᠴᠠᠯ ᠤ᠋ᠨ ᠶᠠᠪᠤᠳᠠᠯ ᠳ᠋ᠤ᠌ ᠬᠥᠮᠦᠨ ᠦ᠌ ᠪᠡᠶ᠎ᠡ ᠮᠠᠬᠠᠪᠣᠳ᠂ ᠲᠤᠬᠠᠢᠯᠠᠪᠠᠯ ᠲᠡᠭᠦᠨ ᠦ᠌ ᠮᠡᠳᠡᠷᠡᠯ ᠦ᠋ᠨ ᠰᠢᠰᠲ᠋ᠧᠮ ᠶᠠᠭᠤᠲᠠᠢ ᠴᠦ᠍ ᠵᠦᠢᠷᠯᠡᠰᠢ ᠦᠭᠡᠢ ᠬᠦᠴᠦ ᠲᠡᠢ ᠰᠠᠷᠠᠯ ᠤ᠋ᠨ ᠪᠠᠢᠳᠠᠯ ᠳ᠋ᠤ᠌ ᠣᠷᠣᠳᠠᠭ ᠪᠡᠶ᠎ᠡ ᠰᠡᠳᠬᠢᠯ ᠦ᠋ᠨ ᠬᠠᠮᠤᠭ ᠤ᠋ᠨ ᠨᠠᠷᠢᠨ ᠡᠮᠵᠡᠭ ᠦᠢᠯᠡᠳᠦᠯ ᠪᠢᠯᠡ᠃ ᠭᠡᠲᠡᠯ᠎ᠡ ᠡᠷᠡᠭᠲᠡᠢ ᠬᠥᠮᠦᠨ ᠬᠤᠷᠢᠴᠠᠯ ᠤ᠋ᠨ ᠦᠶ᠎ᠡ ᠳ᠋ᠦ᠍ ᠦᠷ᠎ᠡ ᠶ᠋ᠢᠨ ᠰᠢᠩᠭᠡᠨ ᠢ᠋ᠶ᠋ᠡᠨ ᠦᠲᠦᠷᠢᠶ᠎ᠡ ᠶ᠋ᠢᠨ ᠳᠣᠲᠣᠷ᠎ᠠ ᠠᠯᠳᠠᠴᠢᠬᠠᠬᠤ ᠦᠭᠡᠢ ᠶ᠋ᠢᠨ(ᠲᠠᠯᠪᠢᠴᠢᠬᠠᠬᠤ ᠦᠭᠡᠢ) ᠲᠤᠯᠠᠳᠠ ᠪᠡᠶ᠎ᠡ ᠪᠡᠨ ᠪᠠᠢᠩᠭᠤ ᠶ᠋ᠢᠨ ᠬᠠᠷᠠᠭ᠎ᠠ ᠬᠢᠨᠠᠯᠲᠠ ᠶ᠋ᠢᠨ ᠳᠣᠣᠷ᠎ᠠ ᠪᠠᠢᠯᠭᠠᠬᠤ ᠨᠢ ᠪᠡᠶ᠎ᠡ ᠮᠠᠬᠠᠪᠣᠳ ᠤ᠋ᠨ ᠵᠢᠮ᠎ᠡ ᠶᠣᠰᠣᠨ ᠤ᠋ ᠦᠢᠯᠡ ᠠᠵᠢᠯᠯᠠᠭ᠎ᠠ ᠶ᠋ᠢ ᠠᠯᠳᠠᠭᠳᠠᠭᠤᠯᠵᠤ᠂ ᠡᠢᠮᠦ ᠬᠤᠷᠢᠴᠠᠯ ᠠ᠋ᠴᠠ ᠠᠪᠬᠤ ᠪᠠᠶᠠᠷ ᠴᠡᠩᠭᠡᠯ᠂ ᠠᠵᠠ ᠵᠢᠷᠭᠠᠯ᠂ ᠬᠥᠮᠦᠨ ᠶᠣᠰᠣᠨ ᠤ᠋ ᠬᠤᠷᠢᠴᠠᠯ ᠢ᠋ ᠬᠡᠵᠢᠶ᠎ᠡ ᠴᠦ᠍ ᠭᠦᠢᠴᠡᠬᠦ ᠦᠭᠡᠢ᠃ ᠵᠢᠷᠮᠦᠰᠦᠯᠡᠬᠦ ᠡᠴᠡ ᠰᠡᠷᠭᠡᠢᠯᠡᠬᠦ ᠳ᠋ᠦ᠍ ᠡᠨᠡ ᠠᠷᠭ᠎ᠠ ᠶ᠋ᠢ ᠦᠷᠭᠦᠯᠵᠢ ᠬᠡᠷᠡᠭᠯᠡᠬᠦ ᠨᠢ ᠡᠴᠦᠰ ᠲᠡᠭᠡᠨ ᠪᠡᠯᠭᠡ ᠶ᠋ᠢᠨ ᠰᠤᠯᠠᠷᠠᠯ ᠳ᠋ᠤ᠌ ᠣᠷᠣᠬᠤ ᠰᠢᠯᠲᠠᠭᠠᠨ ᠪᠣᠯᠳᠠᠭ᠃ 
       ᠨᠥᠭᠥᠭᠡᠲᠡᠭᠡᠭᠦᠷ᠂ ᠡᠨᠡ ᠠᠷᠭ᠎ᠠ ᠨᠢ ᠡᠮᠡᠭᠲᠡᠢ ᠬᠥᠮᠦᠨ ᠳ᠋ᠦ᠍ ᠴᠦ᠍ ᠪᠠᠰᠠ ᠡᠷᠡᠭᠲᠡᠢ ᠬᠥᠮᠦᠨ ᠡᠴᠡ ᠳᠤᠲᠠᠬᠤ ᠦᠭᠡᠢ ᠬᠣᠣᠷᠲᠠᠢ ᠨᠥᠯᠥᠭᠡᠯᠡᠨ᠎ᠡ᠃ ᠡᠨᠡ ᠨᠢ ᠬᠡᠳᠦ ᠬᠡᠳᠦᠨ ᠤᠴᠢᠷ ᠰᠢᠯᠲᠠᠭᠠᠨ ᠲᠠᠢ᠃  ᠨᠢᠭᠡᠳᠦᠭᠡᠷ ᠲᠦ᠍᠂ ᠡᠮᠡᠭᠲᠡᠢ ᠬᠥᠮᠦᠨ ᠬᠤᠷᠢᠴᠠᠯ ᠤ᠋ᠨ ᠦᠶ᠎ᠡ ᠳ᠋ᠡᠭᠡᠨ ᠡᠷ᠎ᠡ ᠨᠥᠬᠥᠷ ᠲᠡᠭᠡᠨ ᠪᠡᠶ᠎ᠡ᠂ ᠰᠡᠳᠬᠢᠯ ᠢ᠋ᠶ᠋ᠡᠨ ᠪᠦᠷᠢᠨ ᠵᠣᠷᠢᠭᠤᠯᠬᠤ ᠶ᠋ᠢᠨ ᠣᠷᠣᠨ ᠳ᠋ᠤ᠌ ᠲᠡᠭᠦᠨ ᠦ᠌ ᠦᠷ᠎ᠡ ᠶ᠋ᠢᠨ ᠰᠢᠩᠭᠡᠨ ᠢ᠋ᠶ᠋ᠡᠨ ᠦᠲᠦᠷᠢᠶ᠎ᠡ ᠳᠣᠲᠣᠷ᠎ᠠ ᠠᠯᠳᠠᠴᠢᠬᠠᠬᠤ ᠠ᠋ᠴᠠ ᠤᠬᠠᠭᠠᠨ ᠦᠭᠡᠢ ᠠᠶᠤᠳᠠᠭ᠃ ᠡᠨᠡ ᠨᠢ ᠡᠮᠡᠭᠲᠡᠢ ᠶ᠋ᠢᠨ ᠪᠡᠶ᠎ᠡ ᠲᠠᠯᠪᠢᠭᠤᠷᠠᠵᠤ᠂ ᠳᠤᠷ᠎ᠠ ᠬᠠᠩᠬᠤ ᠪᠣᠯᠤᠯᠴᠠᠭ᠎ᠠ ᠣᠯᠭᠣᠬᠤ ᠦᠭᠡᠢ᠃  ᠬᠣᠶᠠᠳᠤᠭᠠᠷ ᠲᠤ᠌᠂ ᠡᠨᠡ ᠠᠷᠭ᠎ᠠ ᠶ᠋ᠢ ᠲᠣᠭᠲᠠᠮᠠᠯ᠂ ᠲᠠᠩᠳᠠ ᠬᠡᠷᠡᠭᠯᠡᠪᠡᠯ ᠡᠮᠡᠭᠲᠡᠢ ᠶ᠋ᠢᠨ ᠪᠡᠯᠭᠡ ᠡᠷᠬᠡᠲᠡᠨ ᠴᠢᠰᠤ ᠵᠣᠭᠰᠣᠩᠭᠤᠢᠷᠠᠵᠤ᠂ ᠡᠭᠦᠨ ᠦ᠌ ᠤᠯᠠᠮ ᠠ᠋ᠴᠠ ᠦᠷᠪᠢᠰᠦᠯ ᠡᠭᠦᠰᠦᠨ᠎ᠡ᠃ ᠢᠩᠭᠢᠵᠦ ᠪᠡᠯᠭᠡ ᠡᠷᠬᠡᠲᠡᠨ ᠳ᠋ᠦ᠍ ᠦᠷᠪᠢᠰᠦᠯ ᠡᠭᠦᠰᠬᠦ ᠨᠢ ᠡᠮᠡᠭᠲᠡᠢ ᠶ᠋ᠢᠨ ᠮᠡᠳᠡᠷᠡᠮᠵᠢ ᠶ᠋ᠢ ᠮᠣᠬᠣᠭᠠᠵᠤ᠂ ᠬᠤᠷᠢᠴᠠᠯ ᠢ᠋ ᠪᠡᠶ᠎ᠡ ᠳ᠋ᠦ᠍ ᠡᠪ ᠦᠭᠡᠢ᠂ ᠬᠡᠴᠡᠭᠦᠦ᠂ ᠬᠥᠨᠳᠡᠭᠦᠷ ᠪᠣᠯᠭᠠᠬᠤ ᠨᠢ ᠪᠣᠢ᠃  ᠭᠤᠷᠪᠠᠳᠤᠭᠠᠷ ᠲᠤ᠌᠂ ᠡᠨᠡ ᠠᠷᠭ᠎ᠠ ᠶ᠋ᠢ ᠲᠣᠭᠲᠠᠮᠠᠯ ᠬᠡᠷᠡᠭᠯᠡᠬᠦ ᠳ᠋ᠦ᠍ ᠡᠮᠡᠭᠲᠡᠢ ᠬᠥᠮᠦᠨ ᠦ᠌ ᠪᠡᠶ᠎ᠡ ᠮᠠᠬᠠᠪᠣᠳ ᠡᠷᠡᠭᠲᠡᠢ ᠬᠥᠮᠦᠨ ᠦ᠌ ᠦᠷ᠎ᠡ ᠶ᠋ᠢᠨ ᠰᠢᠩᠭᠡᠨ ᠳ᠋ᠦ᠍ ᠠᠭᠤᠯᠤᠭᠳᠠᠳᠠᠭ ᠪᠢᠣᠯᠣᠭᠢ ᠶ᠋ᠢᠨ ᠢᠳᠡᠪᠬᠢᠲᠦ ᠣᠯᠠᠨ ᠪᠣᠳᠠᠰ ᠢ᠋ ᠠᠪᠴᠤ ᠴᠢᠳᠠᠬᠤ ᠦᠭᠡᠢ᠃ ᠦᠷ᠎ᠡ ᠶ᠋ᠢᠨ ᠰᠢᠩᠭᠡᠨ ᠳ᠋ᠦ᠍ ᠠᠭᠤᠯᠤᠭᠳᠠᠳᠠᠭ ᠪᠡᠯᠭᠡ ᠶ᠋ᠢᠨ ᠳᠠᠭᠠᠭᠠᠪᠤᠷᠢ᠂ ᠠᠮᠢᠨᠬᠦᠴᠢᠯ ᠤᠭᠤᠷᠠᠭ ᠵᠡᠷᠭᠡ ᠨᠢ ᠡᠮᠡᠭᠲᠡᠢ ᠶ᠋ᠢᠨ ᠪᠣᠳᠠᠰ ᠤ᠋ᠨ ᠰᠣᠯᠢᠯᠴᠠᠭ᠎ᠠ ᠶ᠋ᠢ ᠬᠡᠪ ᠦ᠋ᠨ ᠪᠣᠯᠭᠠᠳᠠᠭ ᠢ᠋ ᠡᠮᠦᠨ᠎ᠡ ᠨᠢᠭᠡᠨᠲᠡ ᠥᠭᠦᠯᠡᠭᠰᠡᠨ ᠪᠢᠯᠡ᠃ ᠡᠢᠮᠦ ᠳ᠋ᠦ᠍ ᠳᠡᠭᠡᠷᠡᠬᠢ ᠠᠷᠭ᠎ᠠ ᠶ᠋ᠢ ᠲᠤᠩ ᠠᠷᠭ᠎ᠠ ᠪᠠᠨ ᠪᠠᠷᠠᠭᠰᠠᠨ ᠦᠶ᠎ᠡ ᠳ᠋ᠦ᠍ ᠯᠡ ᠬᠠᠶᠠ ᠬᠡᠷᠡᠭᠯᠡᠬᠦ ᠡᠴᠡ ᠪᠢᠰᠢ᠂ ᠲᠠᠩᠳᠠ ᠬᠡᠷᠡᠭᠯᠡᠭᠡᠳ ᠪᠠᠢᠬᠤ ᠨᠢ ᠲᠤᠰᠠ ᠦᠭᠡᠢ᠃
       ᠵᠢᠷᠮᠦᠰᠦᠯᠡᠬᠦ ᠡᠴᠡ ᠰᠡᠷᠭᠡᠢᠯᠡᠬᠦ ᠣᠯᠠᠨ ᠠᠷᠭ᠎ᠠ ᠪᠠᠢᠳᠠᠭ ᠪᠥᠭᠡᠳ ᠲᠡᠳᠡᠭᠡᠷ ᠦ᠋ᠨ ᠨᠢᠭᠡ ᠨᠢ17 ᠵᠠᠭᠤᠨ ᠤ᠋ ᠠᠩᠭ᠌ᠯᠢ ᠶ᠋ᠢᠨ ᠡᠮᠴᠢ ᠺᠣᠨᠲᠣᠮ ᠤ᠋ᠨ ᠰᠠᠨᠠᠭᠠᠴᠢᠯᠠᠨ ᠬᠢᠭᠰᠡᠨ《ᠪᠡᠯᠬᠡᠪᠴᠢ》 ᠬᠡᠷᠡᠭᠯᠡᠬᠦ ᠶᠠᠪᠤᠳᠠᠯ ᠶᠤᠮ᠃ ᠡᠨᠡ ᠨᠢ ᠨᠢᠭᠡ ᠶᠣᠰᠣᠨ ᠳ᠋ᠠᠭᠠᠨ ᠬᠤᠴᠠ᠂ ᠤᠬᠤᠨ᠎ᠠ ᠳ᠋ᠤ᠌ ᠵᠡᠭᠦᠳᠡᠭ《ᠬᠥᠭ》 ᠲᠡᠢ ᠠᠳᠠᠯᠢᠬᠠᠨ ᠡᠭᠦᠷᠭᠡ ᠭᠦᠢᠴᠡᠳᠬᠡᠨ᠎ᠡ᠃ ᠠᠯᠢᠪᠠ ᠵᠦᠢᠯ ᠳ᠋ᠦ᠍ ᠪᠠᠢᠳᠠᠭ ᠤ᠋ᠨ ᠠᠳᠠᠯᠢ ᠪᠡᠯᠬᠡᠪᠴᠢ ᠨᠢ ᠰᠠᠢᠨ ᠴᠦ᠍ ᠲᠠᠯ᠎ᠠ ᠲᠠᠢ᠂ ᠰᠠᠭᠠᠷᠠᠤ ᠴᠦ᠍ ᠲᠠᠯ᠎ᠠ ᠲᠠᠢ᠃ ᠰᠠᠢᠨ ᠲᠠᠯ᠎ᠠ ᠨᠢ ᠵᠢᠷᠮᠦᠰᠦᠨ ᠪᠣᠯᠬᠤ ᠦᠭᠡᠢ ᠡᠴᠡ ᠲᠡᠳᠦᠢ ᠦᠭᠡᠢ ᠥᠩᠭᠡ ᠶ᠋ᠢᠨ ᠡᠪᠡᠳᠴᠢᠨ ᠠᠪᠬᠤ ᠠ᠋ᠴᠠ ᠰᠡᠷᠭᠡᠢᠯᠡᠬᠦ ᠳ᠋ᠦ᠍ ᠣᠷᠣᠰᠢᠨ᠎ᠠ᠃ ᠲᠡᠭᠦᠨᠴᠢᠯᠡᠨ20 ᠳ᠋ᠤᠭᠠᠷ ᠵᠠᠭᠤᠨ ᠤ᠋ ᠠᠶᠤᠮᠰᠢᠭᠲᠤ ᠲᠠᠬᠤᠯ ᠪᠣᠯᠤᠭᠰᠠᠨ ᠠᠢᠽᠢ ᠡᠪᠡᠳᠴᠢᠨ ᠡᠴᠡ ᠰᠡᠷᠭᠡᠢᠯᠡᠬᠦ ᠬᠠᠮᠤᠭ ᠤ᠋ᠨ ᠨᠠᠢᠳᠠᠪᠤᠷᠢᠲᠠᠢ ᠠᠷᠭ᠎ᠠ ᠨᠢ ᠪᠡᠯᠬᠡᠪᠴᠢ ᠶᠠᠪᠤᠳᠠᠯ ᠪᠣᠯᠤᠭᠠᠳ ᠪᠠᠢᠨ᠎ᠠ᠃ ᠲᠡᠢᠮᠦ ᠡᠴᠡ ᠪᠠᠷᠠᠭᠤᠨ ᠤ᠋ ᠥᠨᠳᠥᠷ ᠬᠥᠭᠵᠢᠯᠲᠡ ᠲᠡᠢ ᠣᠷᠣᠨ ᠨᠤᠭᠤᠳ ᠲᠤ᠌ ᠪᠡᠯᠬᠡᠪᠴᠢ ᠬᠠᠮᠢᠭ᠎ᠠ ᠰᠠᠶᠢ ᠦᠭᠡᠢ ᠡᠯᠪᠡᠭ ᠳᠡᠯᠪᠡᠭ ᠪᠠᠢᠨ᠎ᠠ᠃ ᠮᠠᠨ ᠤ᠋ ᠳ᠋ᠤ᠌ ᠡᠨᠡ ᠣᠨ ᠠ᠋ᠴᠠ ᠡᠮᠨᠡᠯᠭᠡ ᠰᠠᠩ ᠤ᠋ᠳ ᠲᠤ᠌ ᠪᠡᠯᠬᠡᠪᠴᠢ ᠨᠡᠯᠢᠶᠡᠳ ᠡᠯᠪᠡᠭᠰᠢᠭᠰᠡᠨ ᠨᠢ ᠰᠠᠢᠨ ᠬᠡᠷᠡᠭ᠃ ᠮᠠᠭᠤ ᠲᠠᠯ᠎ᠠ ᠨᠢ ᠲᠡᠭᠦᠨ ᠢ᠋ ᠤᠳᠠᠭᠠᠨ ᠬᠤᠭᠤᠴᠠᠭ᠎ᠠ ᠬᠠᠳᠠᠭᠠᠯᠠᠵᠤ᠂ ᠤᠶᠠᠨ ᠬᠠᠳᠠᠨ ᠴᠢᠨᠠᠷ ᠢ᠋ᠶ᠋ᠠᠨ ᠠᠯᠳᠠᠭᠰᠠᠨ ᠨᠥᠬᠥᠴᠡᠯ ᠳ᠋ᠦ᠍ ᠤᠷᠠᠭᠳᠠᠵᠤ ᠪᠣᠯᠵᠣᠰᠢ ᠦᠭᠡᠢ ᠡᠴᠡ ᠭᠠᠳᠠᠨ᠎ᠠ ᠦᠷ᠎ᠡ ᠶ᠋ᠢᠨ ᠰᠢᠩᠭᠡᠨ ᠢ᠋ᠶ᠋ᠡᠨ ᠦᠲᠦᠷᠢᠶ᠎ᠡ ᠶ᠋ᠢᠨ ᠭᠠᠳᠠᠭᠤᠷ ᠭᠠᠷᠭᠠᠬᠤ ᠶ᠋ᠢᠨ ᠨᠢᠭᠡᠨ ᠠᠳᠠᠯᠢ ᠡᠷᠡᠭᠲᠡᠢ ᠶ᠋ᠢᠨ ᠦᠷ᠎ᠡ ᠶ᠋ᠢᠨ ᠰᠢᠩᠭᠡᠨ ᠳ᠋ᠦ᠍ ᠪᠠᠢᠳᠠᠭ ᠪᠢᠣᠯᠣᠭᠢ ᠶ᠋ᠢᠨ ᠢᠳᠡᠪᠬᠢᠲᠦ ᠪᠣᠳᠠᠰ ᠦᠲᠦᠷᠢᠶ᠎ᠡ ᠳ᠋ᠦ᠍ ᠣᠷᠣᠬᠤ ᠦᠭᠡᠢ᠃ ᠮᠥᠨ ᠡᠷᠡᠭᠲᠡᠢ ᠡᠮᠡᠭᠲᠡᠢ ᠬᠥᠮᠦᠨ ᠦ᠌ ᠪᠡᠯᠭᠡ ᠡᠷᠬᠡᠲᠡᠨ ᠰᠢᠭᠤᠳ ᠬᠦᠷᠦᠯᠴᠡᠬᠦ ᠦᠭᠡᠢ᠂ ᠨᠢᠭᠡ ᠶᠣᠰᠣᠨ ᠳ᠋ᠠᠭᠠᠨ 《ᠵᠢᠷᠡᠭ》 ᠢ᠋ᠶ᠋ᠡᠷ ᠲᠤᠰᠠᠭᠠᠷᠯᠠᠭᠳᠠᠵᠤ ᠪᠠᠢᠭ᠎ᠠ ᠤᠴᠢᠷ ᠠ᠋ᠴᠠ ᠪᠡᠯᠭᠡ ᠶ᠋ᠢᠨ ᠮᠡᠳᠡᠷᠡᠮᠵᠢ ᠶ᠋ᠢ ᠪᠠᠭᠤᠷᠠᠭᠤᠯᠬᠤ ᠮᠠᠭᠤ ᠲᠠᠯ᠎ᠠ ᠲᠠᠢ᠃ ᠪᠡᠯᠬᠡᠪᠴᠢ ᠶ᠋ᠢ ᠬᠡᠷᠡᠭᠯᠡᠬᠦ ᠶ᠋ᠢᠨ ᠡᠮᠦᠨ᠎ᠡ ᠪᠦᠲᠦᠨ ᠡᠰᠡᠬᠦ ᠶ᠋ᠢ ᠵᠠᠪᠠᠯ ᠰᠢᠯᠭᠠᠨ᠎ᠠ᠃ ᠬᠣᠶᠠᠷ ᠵᠢᠯ ᠠ᠋ᠴᠠ ᠳᠡᠭᠡᠭᠰᠢ ᠬᠠᠳᠠᠭᠠᠯᠠᠭᠰᠠᠨ ᠪᠡᠯᠬᠡᠪᠴᠢ ᠶ᠋ᠢ ᠬᠡᠷᠡᠭᠯᠡᠬᠦ ᠦᠭᠡᠢ᠃ ᠪᠡᠯᠬᠡᠪᠴᠢ ᠶ᠋ᠢ ᠤᠭᠯᠠᠬᠤ ᠳ᠋ᠠᠭᠠᠨ ᠤᠷᠢᠳᠤ ᠨᠢ ᠦᠷ᠎ᠡ ᠶ᠋ᠢᠨ ᠰᠢᠩᠭᠡᠨ ᠭᠣᠭᠣᠵᠢᠬᠤ ᠵᠢᠭᠠᠬᠠᠨ ᠵᠠᠢ ᠦᠯᠡᠳᠡᠭᠡᠬᠦ ᠶ᠋ᠢ ᠮᠠᠷᠲᠠᠵᠤ ᠪᠣᠯᠬᠤ ᠦᠭᠡᠢ᠃ ᠭᠡᠬᠦ ᠳ᠋ᠦ᠍ ᠶᠡᠬᠡᠩᠬᠢ ᠪᠡᠯᠬᠡᠪᠴᠢ ᠤᠷᠢᠳᠤ ᠨᠢ ᠡᠢᠮᠦ ᠬᠣᠰᠢᠭᠤᠪᠴᠢ ᠲᠠᠢ ᠪᠠᠢᠳᠠᠭ᠃ ᠪᠡᠯᠬᠡᠪᠴᠢ ᠤᠭᠯᠠᠭᠰᠠᠨ ᠤ᠋ ᠳᠠᠷᠠᠭ᠎ᠠ ᠲᠡᠭᠦᠨ ᠦ᠌ ᠤᠶᠠᠨ ᠬᠠᠳᠠᠨ ᠴᠢᠨᠠᠷ ᠢ᠋ ᠰᠠᠢᠵᠢᠷᠠᠭᠤᠯᠬᠤ᠂ ᠦᠲᠦᠷᠢᠶ᠎ᠡ ᠳ᠋ᠦ᠍ ᠣᠷᠣᠭᠤᠯᠬᠤ ᠳ᠋ᠤ᠌ ᠵᠥᠭᠡᠯᠡᠨ ᠪᠠᠢᠯᠭᠠᠬᠤ ᠶ᠋ᠢᠨ ᠲᠤᠯᠠᠳᠠ᠂ ᠪᠠᠰᠠ ᠤᠷᠠᠭᠳᠠᠬᠤ ᠠ᠋ᠴᠠ ᠰᠡᠷᠭᠡᠢᠯᠡᠬᠦ ᠶ᠋ᠢᠨ ᠲᠤᠯᠠᠳᠠ ᠵᠠᠪᠠᠯ ᠲᠣᠰᠣ ᠪᠠᠷ ᠳᠤᠰᠤᠯᠠᠬᠤ ᠬᠡᠷᠡᠭᠲᠡᠢ᠃ ᠬᠤᠷᠢᠴᠠᠯ ᠦᠢᠯᠡᠳᠦᠭᠰᠡᠨ ᠦ᠌ ᠳᠠᠷᠠᠭ᠎ᠠ ᠪᠡᠯᠬᠡᠪᠴᠢ ᠤᠷᠠᠭᠳᠠᠭᠰᠠᠨ ᠡᠰᠡᠬᠦ ᠶ᠋ᠢ ᠪᠠᠰᠠ ᠰᠢᠯᠭᠠᠨ᠎ᠠ᠃ ᠬᠡᠷᠪᠡ ᠤᠷᠠᠭᠳᠠᠭᠰᠠᠨ ᠪᠣᠯ ᠡᠮᠡᠭᠲᠡᠢ ᠬᠥᠮᠦᠨ ᠱᠠᠯᠠᠪᠬᠠᠨ ᠪᠣᠰᠴᠤ ᠤᠬᠢᠶᠠᠯᠭ᠎ᠠ ᠬᠢᠬᠦ ᠬᠡᠷᠡᠭᠲᠡᠢ᠃ ᠪᠡᠯᠬᠡᠪᠴᠢ ᠨᠢ ᠳᠡᠭᠡᠷ᠎ᠡ ᠳᠤᠷᠠᠳᠤᠭᠰᠠᠨ ᠮᠠᠭᠤ ᠲᠠᠯ᠎ᠠ ᠲᠠᠢ ᠴᠦ᠍ ᠶᠡᠬᠡᠩᠬᠢ ᠲᠣᠬᠢᠶᠠᠯᠳᠤᠯ ᠳ᠋ᠤ᠌ ᠵᠢᠷᠮᠦᠰᠦᠯᠡᠬᠦ ᠶ᠋ᠢ ᠰᠡᠷᠭᠡᠢᠯᠡᠬᠦ ᠳ᠋ᠦ᠍ ᠬᠠᠮᠤᠭ ᠤ᠋ᠨ ᠲᠣᠬᠢᠷᠠᠮᠵᠢᠲᠠᠢ ᠪᠠᠢᠳᠠᠭ᠃ 
       ᠵᠢᠱ᠌ᠢᠶ᠎ᠡ ᠨᠢ᠄ ᠤᠳᠠᠭᠠᠨ ᠬᠤᠭᠤᠴᠠᠭ᠎ᠠ ᠪᠠᠷ ᠬᠣᠯᠠ ᠶᠠᠪᠤᠬᠤ ᠶ᠋ᠢᠨ ᠡᠮᠦᠨ᠎ᠡ᠂ ᠤᠬᠢᠶᠠᠯᠭ᠎ᠠ ᠬᠢᠵᠦ ᠪᠠᠢᠬᠤ ᠵᠠᠪ ᠵᠠᠢ ᠪᠠᠢᠬᠤ ᠦᠭᠡᠢ ᠦᠶ᠎ᠡ ᠳ᠋ᠦ᠍᠂ ᠥᠭᠡᠷ᠎ᠡ ᠠᠷᠭ᠎ᠠ ᠬᠡᠷᠡᠭᠯᠡᠬᠦ ᠪᠣᠯᠤᠯᠴᠠᠭ᠎ᠠ ᠨᠥᠬᠥᠴᠡᠯ ᠪᠠᠢᠬᠤ ᠦᠭᠡᠢ ᠠᠮᠠᠷᠠᠯᠲᠠ ᠶ᠋ᠢᠨ ᠪᠣᠯᠤᠨ ᠪᠤᠰᠤᠳ ᠨᠥᠬᠥᠴᠡᠯ ᠲᠣᠬᠢᠶᠠᠯᠳᠤᠯ ᠢ᠋ᠶ᠋ᠠᠷ ᠬᠥᠮᠦᠨ ᠲᠡᠢ ᠣᠢᠷᠠᠳᠬᠤ ᠦᠶ᠎ᠡ ᠳ᠋ᠦ᠍ ᠡᠯᠳᠡᠪ ᠦ᠋ᠨ ᠡᠪᠡᠳᠴᠢᠨ ᠠᠪᠬᠤ ᠠ᠋ᠴᠠ ᠰᠡᠷᠭᠡᠢᠯᠡᠬᠦ ᠶ᠋ᠢᠨ ᠲᠤᠯᠠᠳᠠ ᠪᠡᠯᠬᠡᠪᠴᠢ ᠬᠡᠷᠡᠭᠯᠡᠬᠦ ᠡᠴᠡ ᠥᠭᠡᠷ᠎ᠡ ᠠᠷᠭ᠎ᠠ ᠦᠭᠡᠢ᠃ ᠮᠥᠨ ᠲᠡᠭᠦᠨᠴᠢᠯᠡᠨ ᠦᠷ᠎ᠡ ᠶ᠋ᠢᠨ ᠰᠢᠩᠭᠡᠨ ᠢ᠋ᠶ᠋ᠡᠨ ᠬᠤᠷᠳᠤᠨ ᠲᠦᠷᠭᠡᠨ ᠠᠯᠳᠠᠴᠢᠬᠠᠳᠠᠭ ᠡᠷᠡᠭᠲᠡᠢᠴᠦᠳ ᠪᠠᠰᠠ ᠬᠡᠷᠡᠭᠯᠡᠵᠦ ᠪᠣᠯᠤᠨ᠎ᠠ᠃ ᠡᠭᠦᠨ ᠦ᠌ ᠤᠴᠢᠷ ᠪᠣᠯ ᠪᠡᠯᠬᠡᠪᠴᠢ ᠡᠷ᠎ᠡ ᠪᠡᠯᠭᠡ ᠡᠷᠬᠡᠲᠡᠨ ᠦ᠌ ᠮᠡᠳᠡᠷᠡᠮᠡᠲᠡᠭᠡᠢ ᠴᠢᠨᠠᠷ ᠢ᠋ ᠪᠠᠭᠤᠷᠠᠭᠤᠯᠵᠤ᠂ ᠬᠤᠷᠢᠴᠠᠯ ᠤ᠋ᠨ ᠦᠢᠯᠡᠳᠦᠯ ᠢ᠋ ᠤᠳᠠᠭᠠᠰᠢᠷᠠᠭᠤᠯᠳᠠᠭ᠃ 
       ᠵᠢᠷᠮᠦᠰᠦᠯᠡᠬᠦ ᠡᠴᠡ ᠰᠡᠷᠭᠡᠢᠯᠡᠬᠦ ᠪᠡᠶ᠎ᠡ ᠳ᠋ᠦ᠍ ᠬᠠᠮᠤᠭ ᠤ᠋ᠨ ᠬᠣᠣᠷ ᠦᠭᠡᠢ᠂ ᠨᠠᠢᠳᠠᠪᠤᠷᠢᠲᠠᠢ ᠠᠷᠭ᠎ᠠ ᠪᠣᠯ ᠹᠢᠽᠢᠣᠯᠣᠭᠢ ᠶ᠋ᠢᠨ ᠠᠷᠭ᠎ᠠ ᠪᠣᠯᠠᠢ᠃ ᠡᠨᠡ ᠨᠢ ᠡᠮᠡᠭᠲᠡᠢ ᠬᠥᠮᠦᠨ ᠰᠠᠷ᠎ᠠ ᠶ᠋ᠢᠨ ᠲᠡᠮᠳᠡᠭ ᠦ᠋ᠨ ᠮᠥᠴᠡᠯᠭᠡ ᠪᠡᠨ ᠰᠠᠢᠲᠤᠷ ᠰᠤᠳᠤᠯᠬᠤ ᠵᠠᠮ ᠢ᠋ᠶ᠋ᠠᠷ ᠥᠨᠳᠡᠭᠡᠪᠴᠢ ᠡᠴᠡ ᠥᠨᠳᠡᠭᠡᠨ ᠡᠰ ᠪᠣᠯᠪᠠᠰᠤᠷᠠᠨ ᠭᠠᠷᠬᠤ ᠡᠳᠦᠷ ᠢ᠋ ᠥᠭᠡᠷ᠎ᠡ ᠪᠡᠷ ᠬᠡᠯᠡᠪᠡᠯ ᠬᠡᠦᠬᠡᠳ ᠣᠯᠵᠤ ᠪᠣᠯᠵᠣᠰᠢ ᠦᠭᠡᠢ ᠡᠳᠦᠷ ᠢ᠋ᠶ᠋ᠡᠨ ᠣᠯᠵᠤ ᠲᠣᠭᠲᠠᠭᠠᠬᠤ ᠳ᠋ᠤ᠌ ᠦᠨᠳᠦᠰᠦᠯᠡᠳᠡᠭ ᠠᠷᠭ᠎ᠠ ᠶᠤᠮ᠃ ᠥᠨᠳᠡᠭᠡᠨ ᠡᠰ ᠦᠭᠡᠢ ᠪᠡᠷ ᠦᠷ᠎ᠡ ᠲᠣᠭᠲᠠᠬᠤ ᠦᠭᠡᠢ ᠡᠴᠡ ᠬᠣᠢᠰᠢ ᠲᠡᠭᠦᠨ ᠦ᠌ ᠪᠣᠯᠪᠠᠰᠤᠷᠠᠨ ᠭᠠᠳᠠᠭᠰᠢᠯᠠᠬᠤ ᠡᠳᠦᠷ ᠢ᠋ ᠵᠥᠪ ᠲᠣᠭᠲᠠᠭᠠᠵᠤ ᠴᠢᠳᠠᠪᠠᠯ ᠵᠢᠷᠮᠦᠰᠦᠯᠡᠬᠦ ᠡᠴᠡ ᠰᠡᠷᠭᠡᠢᠯᠡᠬᠦ ᠳ᠋ᠦ᠍ ᠶᠠᠳᠠᠵᠤ ᠴᠥᠬᠥᠬᠦ ᠶᠠᠭᠤᠮ᠎ᠠ ᠪᠠᠢᠬᠤ ᠦᠭᠡᠢ ᠪᠣᠯᠤᠨ᠎ᠠ᠃ ᠡᠨᠳᠡ ᠡᠴᠡ ᠡᠭᠦᠳᠦᠭᠡᠳ ᠥᠨᠳᠡᠭᠡᠨ ᠡᠰ ᠪᠣᠯᠪᠠᠰᠤᠷᠠᠨ ᠭᠠᠳᠠᠭᠰᠢᠯᠠᠬᠤ ᠦᠶ᠎ᠡ ᠶ᠋ᠢ ᠬᠡᠷᠬᠢᠨ ᠶᠠᠭᠠᠬᠢᠵᠤ ᠮᠡᠳᠡᠬᠦ ᠪᠣᠢ? ᠭᠡᠳᠡᠭ ᠠᠰᠠᠭᠤᠯᠲᠠ ᠵᠦᠢ ᠶᠣᠰᠣᠭᠠᠷ ᠭᠠᠷᠴᠤ ᠢᠷᠡᠨ᠎ᠡ᠃ 
       ᠥᠨᠳᠡᠭᠡᠨ ᠡᠰ ᠪᠣᠯᠪᠠᠰᠤᠷᠠᠵᠤ᠂ ᠭᠠᠳᠠᠭᠰᠢᠯᠠᠬᠤ ᠦᠶ᠎ᠡ ᠨᠢ ᠣᠯᠠᠨ ᠶᠠᠩᠵᠤ ᠶ᠋ᠢᠨ ᠰᠢᠨᠵᠢ ᠲᠡᠮᠳᠡᠭ ᠢ᠋ᠶ᠋ᠡᠷ ᠢᠯᠡᠷᠡᠨ᠎ᠡ ᠲᠡᠳᠡᠭᠡᠷ ᠢ᠋ ᠲᠠᠪᠤᠨ ᠪᠦᠯᠦᠭ ᠪᠣᠯᠭᠠᠨ ᠬᠤᠪᠢᠶᠠᠵᠤ ᠪᠣᠯᠤᠨ᠎ᠠ᠃ ᠨᠢᠭᠡᠳᠦᠭᠡᠷ ᠪᠦᠯᠦᠭ ᠨᠢ ᠪᠡᠯᠭᠡ ᠡᠷᠬᠡᠲᠡᠨ ᠦ᠌ ᠲᠠᠯ᠎ᠠ ᠠ᠋ᠴᠠ ᠢᠯᠡᠷᠡᠬᠦ ᠰᠢᠨᠵᠢ ᠲᠡᠮᠳᠡᠭ ᠶᠦᠮ᠃ ᠡᠭᠦᠨ ᠳ᠋ᠦ᠍᠄ 
       1. ᠤᠮᠠᠢ ᠶ᠋ᠢᠨ ᠬᠦᠵᠦᠭᠦᠨ ᠦ᠌ ᠰᠠᠯᠢᠰᠤ ᠵᠤᠩᠭᠠᠷᠠᠯᠳᠤᠨ ᠰᠣᠩᠬᠤ ᠰᠢᠨᠵᠢ ᠲᠡᠮᠳᠡᠭ ᠣᠷᠣᠨ᠎ᠠ᠃ ᠡᠨᠡ ᠰᠢᠨᠵᠢ ᠲᠡᠮᠳᠡᠭ ᠨᠢ ᠥᠨᠳᠡᠭᠡᠨ ᠡᠰ ᠭᠠᠳᠠᠭᠰᠢᠯᠠᠬᠤ ᠠ᠋ᠴᠠ2-3 ᠡᠳᠦᠷ ᠦ᠋ᠨ ᠡᠮᠦᠨ᠎ᠡ ᠤᠮᠠᠢ ᠶ᠋ᠢᠨ ᠬᠦᠵᠦᠭᠦᠨ ᠦ᠌ ᠪᠤᠯᠴᠢᠷᠬᠠᠢ ᠠ᠋ᠴᠠ ᠲᠦᠭᠦᠬᠡᠢ ᠥᠨᠳᠡᠭᠡᠨ ᠦ᠌ ᠤᠭᠤᠷᠠᠭ ᠰᠢᠭ᠋ ᠲᠤᠩᠭᠠᠯᠠᠭ ᠰᠢᠩᠭᠡᠨ ᠰᠠᠯᠢᠰᠤ ᠳᠣᠷᠣᠭᠰᠢ ᠪᠠᠨ ᠭᠠᠷᠬᠤ ᠪᠠᠢᠳᠠᠯ ᠢ᠋ᠶ᠋ᠠᠷ ᠢᠯᠡᠷᠡᠨ᠎ᠡ᠃ ᠡᠯ᠎ᠡ ᠰᠢᠨᠵᠢ ᠲᠡᠮᠳᠡᠭ ᠢ᠋ ᠢᠯᠡᠷᠡᠭᠦᠯᠬᠦ ᠶ᠋ᠢᠨ ᠲᠤᠯᠠᠳᠠ ᠡᠮᠡᠭᠲᠡᠢ ᠬᠥᠮᠦᠨ ᠦᠲᠦᠷᠢᠶ᠎ᠡ ᠶ᠋ᠢᠨ ᠠᠮᠠᠰᠠᠷ ᠢ᠋ᠶ᠋ᠠᠨ ᠠᠮᠠᠰᠠᠷ ᠤᠤᠭᠤᠳᠠᠭ ᠴᠠᠭᠠᠰᠤ ᠪᠠᠷ ᠰᠢᠩᠭᠡᠭᠡᠨ ᠠᠷᠴᠢᠵᠤ᠂ ᠳᠠᠷᠠᠭ᠎ᠠ ᠪᠠᠷ ᠨᠢ ᠠᠷᠴᠢᠭᠳᠠᠭᠰᠠᠨ ᠱᠦᠭᠦᠷᠡᠯ ᠦ᠋ᠨ ᠢ᠋ᠶ᠋ᠡᠨ ᠬᠡᠯᠪᠡᠷᠢ ᠳᠦᠷᠰᠦ ᠶ᠋ᠢ ᠲᠣᠳᠣᠷᠠᠭᠤᠯᠬᠤ ᠶ᠋ᠢᠨ ᠲᠤᠯᠠᠳᠠ ᠴᠠᠭᠠᠰᠤ ᠶ᠋ᠢ ᠰᠠᠢᠲᠤᠷ ᠨᠤᠭᠤᠯᠤᠨ ᠡᠪᠬᠡᠨ᠎ᠡ᠃ ᠢᠩᠭᠢᠭᠡᠳ ᠴᠠᠭᠠᠰᠤ ᠶ᠋ᠢ ᠨᠤᠭᠤᠯᠤᠭᠰᠠᠨ ᠬᠠᠭᠤᠳᠠᠰᠤ ᠪᠠᠷ ᠨᠢ ᠬᠠᠮᠢᠭᠠᠰᠢ ᠴᠦ᠍ ᠳᠡᠯᠭᠡᠭᠰᠡᠨ ᠨᠠᠭᠠᠯᠳᠤᠩᠭᠢ ᠤᠶᠠᠨ ᠬᠠᠳᠠᠨ ᠰᠠᠯᠢᠰᠤ ᠤᠲᠠᠰᠤ ᠰᠢᠭ᠋ ᠰᠤᠨᠤᠨ᠎ᠠ᠃ ᠡᠨᠡ ᠰᠢᠨᠵᠢ ᠲᠡᠮᠳᠡᠭ ᠡᠮᠡᠭᠲᠡᠢᠴᠦᠳ ᠦ᠋ᠨ90% ᠳ᠋ᠤ᠌ ᠢᠯᠡᠷᠡᠳᠡᠭ᠃ 
       2. ᠬᠡᠪᠡᠯᠢ ᠶ᠋ᠢᠨ ᠳᠣᠣᠷᠠᠲᠤ ᠬᠡᠰᠡᠭ ᠢ᠋ᠶ᠋ᠡᠷ ᠪᠠᠷᠠᠭᠤᠨ ᠪᠤᠶᠤ ᠵᠡᠭᠦᠨ ᠠᠯᠢ ᠨᠢᠭᠡ ᠲᠠᠯ᠎ᠠ ᠪᠠᠷ ᠬᠥᠨᠳᠡᠭᠦᠷ ᠣᠷᠬᠢᠬᠤ ᠰᠢᠨᠵᠢ᠃ ᠡᠨᠡ ᠡᠪᠡᠳᠦᠯᠲᠡ ᠨᠢ ᠬᠡᠪ ᠭᠡᠨᠡᠳᠲᠡ ᠡᠭᠦᠰᠴᠦ᠂ ᠬᠡᠳᠦᠨ ᠴᠠᠭ ᠪᠣᠯᠤᠭᠠᠳ ᠠᠩᠬ᠎ᠠ ᠡᠪᠡᠳᠴᠦ᠂ ᠬᠥᠨᠳᠡᠭᠦᠷᠯᠡᠵᠦ ᠡᠬᠢᠯᠡᠭᠰᠡᠨ ᠰᠢᠭ ᠭᠡᠨᠡᠳᠲᠡ ᠠᠯᠠᠭ᠎ᠠ ᠪᠣᠯᠤᠨ᠎ᠠ᠃ ᠡᠪᠡᠳᠴᠢᠨ ᠣᠷᠣᠵᠤ ᠬᠥᠨᠳᠡᠭᠦᠷᠯᠡᠬᠦ ᠨᠢ ᠥᠨᠳᠡᠭᠡᠨ ᠡᠰ ᠦ᠋ᠨ ᠪᠣᠯᠪᠠᠰᠤᠷᠠᠭᠰᠠᠨ ᠴᠥᠪᠥᠷᠢᠭᠦᠦ ᠬᠠᠭᠠᠷᠠᠬᠤ ᠳ᠋ᠤ᠌ ᠲᠡᠭᠦᠨ ᠡᠴᠡ ᠪᠠᠭ᠎ᠠ ᠬᠡᠮᠵᠢᠶᠡᠨ ᠦ᠌ ᠴᠢᠰᠤ ᠪᠠ ᠰᠢᠩᠭᠡᠨ ᠭᠠᠷᠤᠭᠰᠠᠨ ᠲᠠᠢ ᠬᠣᠯᠪᠣᠭ᠎ᠠ ᠲᠠᠢ᠃ ᠡᠨᠡ ᠰᠢᠨᠵᠢ ᠲᠡᠮᠳᠡᠭ ᠨᠢ ᠡᠮᠡᠭᠲᠡᠢᠴᠦᠳ ᠦ᠋ᠨ ᠪᠠᠷᠤᠭᠴᠠᠭᠠᠯᠠᠪᠠᠯ 37% ᠳ᠋ᠤ᠌ ᠠᠵᠢᠭᠯᠠᠭᠳᠠᠨ᠎ᠠ᠃ ᠬᠡᠷᠪᠡ ᠪᠡᠶ᠎ᠡ ᠪᠡᠨ ᠮᠠᠰᠢ ᠰᠠᠢᠨ ᠬᠢᠨᠠᠮᠠᠭᠠᠢ ᠴᠠᠭᠳᠠᠵᠤ ᠴᠢᠳᠠᠳᠠᠭ ᠪᠣᠯ ᠳᠡᠭᠡᠷᠡᠬᠢ ᠰᠢᠨᠵᠢ ᠲᠡᠮᠳᠡᠭ ᠦᠨᠡᠬᠡᠷ ᠴᠢᠬᠤᠯᠠ᠃ ᠶᠠᠭᠠᠬᠢᠭᠠᠳ ᠭᠡᠪᠡᠯ ᠡᠨᠡ ᠰᠢᠨᠵᠢ ᠲᠡᠮᠳᠡᠭ ᠨᠢ ᠥᠨᠳᠡᠭᠡᠨ ᠡᠰ ᠭᠠᠳᠠᠭᠰᠢᠯᠠᠬᠤ ᠦᠶ᠎ᠡ ᠲᠡᠢ ᠶᠠᠭ ᠳᠠᠪᠬᠤᠴᠠᠳᠠᠭ᠃ 
       3.ᠥᠲᠥᠷᠢᠶᠡᠨ ᠡᠴᠡ ᠦᠵᠡᠭᠳᠡᠬᠦ ᠲᠡᠳᠦᠢ ᠪᠠᠭ᠎ᠠ ᠬᠡᠮᠵᠢᠶᠡᠨ ᠦ᠌ ᠶᠠᠭᠠᠨ ᠪᠤᠶᠤ ᠬᠠᠷ᠎ᠠ ᠬᠦᠷᠡᠩᠲᠦᠦ ᠥᠩᠭᠡ ᠶ᠋ᠢᠨ ᠱᠦᠭᠦᠷᠡᠯ ᠭᠠᠷᠤᠨ᠎ᠠ᠃ ᠡᠭᠦᠨ ᠢ᠋《ᠪᠠᠭ᠎ᠠ》 ᠰᠠᠷ᠎ᠠ ᠶ᠋ᠢᠨ ᠲᠡᠮᠳᠡᠭ ᠭᠡᠵᠦ ᠨᠡᠷᠡᠯᠡᠬᠦ ᠶᠣᠰᠣᠨ ᠪᠣᠢ᠃ ᠢᠩᠭᠢᠵᠦ ᠦᠵᠡᠭᠳᠡᠬᠦ ᠲᠡᠳᠦᠢ ᠪᠠᠭ᠎ᠠ ᠬᠡᠮᠵᠢᠶᠡᠨ ᠦ᠌ ᠴᠢᠰᠤ ᠭᠠᠷᠬᠤ ᠨᠢ ᠥᠨᠳᠡᠭᠡᠨ ᠡᠰ ᠭᠠᠳᠠᠭᠰᠢᠯᠠᠬᠤ ᠦᠶ᠎ᠡ ᠳ᠋ᠦ᠍ ᠴᠢᠰᠤᠨ ᠳ᠋ᠤ᠌ ᠡᠮ᠎ᠡ ᠪᠡᠯᠭᠡ ᠶ᠋ᠢᠨ ᠳᠠᠭᠠᠪᠤᠷᠢ ᠶ᠋ᠢᠨ ᠬᠡᠮᠵᠢᠶ᠎ᠡ ᠶᠡᠬᠡᠰᠴᠦ᠂ ᠡᠭᠦᠨ ᠦ᠌ ᠤᠯᠠᠮ ᠠ᠋ᠴᠠ ᠤᠮᠠᠢ ᠶ᠋ᠢᠨ ᠬᠥᠨᠳᠡᠢ ᠳ᠋ᠦ᠍ ᠴᠢᠰᠤᠨ ᠤ᠋ ᠤᠯᠠᠭᠠᠨ ᠴᠣᠭᠴᠠᠰ ᠨᠡᠪᠲᠡᠷᠡᠨ ᠣᠷᠣᠵᠤ ᠭᠠᠳᠠᠭᠰᠢᠯᠠᠬᠤ ᠲᠠᠢ ᠬᠣᠯᠪᠣᠭ᠎ᠠ ᠲᠠᠢ᠃ ᠥᠨᠳᠡᠭᠡᠨ ᠡᠰ ᠭᠠᠳᠠᠭᠰᠢᠯᠠᠵᠤ ᠪᠣᠢ ᠶ᠋ᠢᠨ ᠢᠯᠡᠷᠡᠯ ᠪᠣᠯᠤᠨ ᠠᠷᠠᠰᠤᠨ ᠳ᠋ᠤ᠌ ᠭᠠᠷᠳᠠᠭ᠃ 
       ᠬᠣᠶᠠᠳᠤᠭᠠᠷ ᠪᠦᠯᠦᠭ ᠰᠢᠨᠵᠢ ᠲᠡᠮᠳᠡᠭ ᠦ᠋ᠨ ᠲᠤᠬᠠᠢ ᠳ᠋ᠤ᠌ ᠪᠣᠯ ᠲᠡᠳᠡᠭᠡᠷ ᠨᠢ ᠪᠡᠶ᠎ᠡ ᠶ᠋ᠢᠨ ᠲᠣᠳᠣᠷᠬᠠᠢ ᠬᠡᠰᠡᠭ ᠲᠦ᠍ ᠠᠷᠠᠰᠤ ᠤᠯᠠᠢᠬᠤ᠂ ᠵᠠᠭᠠᠲᠤᠨᠠᠬᠤ᠂ ᠰᠤᠳᠠᠰᠤ ᠥᠷᠭᠡᠰᠦᠭᠰᠡᠨ ᠬᠡᠰᠡᠭ ᠢ᠋ᠶ᠋ᠡᠷ ᠬᠥᠨᠳᠡᠭᠦᠷᠯᠡᠬᠦ᠂ ᠦᠰᠦ ᠶᠡᠬᠡ ᠲᠣᠰᠣᠯᠢᠭ ᠪᠣᠯᠬᠤ ᠵᠡᠷᠭᠡ ᠪᠠᠢᠳᠠᠯ ᠢ᠋ᠶ᠋ᠠᠷ ᠢᠯᠡᠷᠡᠨ᠎ᠡ᠃ ᠥᠨᠳᠡᠭᠡᠨ ᠡᠰ ᠭᠠᠳᠠᠭᠰᠢᠯᠠᠬᠤ ᠦᠶ᠎ᠡ ᠳ᠋ᠦ᠍ ᠰᠡᠳᠬᠢᠯ ᠦ᠋ᠨ ᠲᠠᠯ᠎ᠠ ᠠ᠋ᠴᠠ ᠭᠤᠷᠪᠠᠳᠤᠭᠠᠷ ᠪᠦᠯᠦᠭ ᠰᠢᠨᠵᠢ ᠲᠡᠮᠳᠡᠭ ᠭᠠᠷᠤᠨ᠎ᠠ᠃ ᠡᠭᠦᠨ ᠳ᠋ᠦ᠍᠄ ᠳᠠᠭᠤ ᠴᠢᠮᠡᠭᠡ ᠳ᠋ᠦ᠍ ᠳᠤᠷ᠎ᠠ ᠦᠭᠡᠢᠴᠡᠬᠦ᠂ ᠰᠡᠳᠬᠢᠯ ᠦᠶ᠎ᠡ ᠦᠶ᠎ᠡ ᠵᠣᠪᠠᠭᠤᠷᠢᠯᠠᠬᠤ᠂ ᠬᠠᠢᠷ᠎ᠠ ᠬᠦᠷᠬᠦ ᠦᠭᠡᠢ ᠪᠠᠢᠬᠤ ᠵᠡᠷᠭᠡ ᠰᠢᠨᠵᠢ ᠲᠡᠮᠳᠡᠭ ᠠᠵᠢᠭᠯᠠᠭᠳᠠᠨ᠎ᠠ᠃ ᠰᠢᠨᠵᠢ ᠲᠡᠮᠳᠡᠭ ᠨᠢ ᠬᠣᠳᠣᠭᠣᠳᠣ ᠭᠡᠳᠡᠰᠦᠨ ᠦ᠌ ᠦᠢᠯᠡ ᠠᠵᠢᠯᠯᠠᠭ᠎ᠠ ᠲᠦᠷ ᠵᠠᠭᠤᠷ᠎ᠠ ᠬᠢᠮᠤᠷᠠᠬᠤ ᠪᠠᠢᠳᠠᠯ ᠢ᠋ᠶ᠋ᠠᠷ ᠢᠯᠡᠷᠡᠨ᠎ᠡ᠃ ᠡᠨᠡ ᠨᠢ ᠬᠣᠭᠣᠯᠠ ᠶ᠋ᠢᠨ ᠬᠣᠣᠷᠳᠠᠯᠭ᠎ᠠ ᠲᠠᠢ ᠶᠡᠬᠡᠬᠡᠨ ᠲᠥᠰᠲᠡᠢ ᠪᠠᠢᠳᠠᠭ᠃ ᠮᠥᠨ ᠰᠢᠭᠡᠰᠦ ᠣᠢᠷ᠎ᠠ ᠣᠢᠷᠠᠬᠠᠨ ᠬᠦᠷᠦᠨ᠎ᠡ᠃ ᠳᠥᠷᠪᠡᠳᠦᠭᠡᠷ ᠪᠦᠯᠦᠭ ᠰᠢᠨᠵᠢ ᠲᠡᠮᠳᠡᠭ ᠨᠢ ᠬᠣᠳᠣᠭᠣᠳᠣ ᠭᠡᠳᠡᠰᠦᠨ ᠦ᠌ ᠦᠢᠯᠡ ᠠᠵᠢᠯᠯᠠᠭ᠎ᠠ ᠲᠦᠷ ᠵᠠᠭᠤᠷ᠎ᠠ ᠬᠢᠮᠤᠷᠠᠬᠤ ᠪᠠᠢᠳᠠᠯ ᠢ᠋ᠶ᠋ᠠᠷ ᠢᠯᠡᠷᠡᠨ᠎ᠡ᠃ ᠡᠨᠡ ᠨᠢ ᠬᠣᠭᠣᠯᠠ ᠶ᠋ᠢᠨ ᠬᠣᠣᠷᠳᠠᠯᠭ᠎ᠠ ᠲᠠᠢ ᠶᠡᠬᠡᠬᠡᠨ ᠲᠥᠰᠲᠡᠢ ᠪᠠᠢᠳᠠᠭ᠃ ᠮᠥᠨ ᠰᠢᠭᠡᠰᠦ ᠣᠢᠷ᠎ᠠ ᠣᠢᠷᠠᠬᠠᠨ ᠬᠦᠷᠦᠨ᠎ᠡ᠃ ᠲᠠᠪᠤᠳᠤᠭᠠᠷ ᠪᠦᠯᠦᠭ ᠰᠢᠨᠵᠢ ᠲᠡᠮᠳᠡᠭ ᠨᠢ ᠣᠨᠴᠠ ᠶ᠋ᠢᠨ ᠰᠢᠯᠲᠠᠭᠠᠨ ᠦᠭᠡᠢ ᠪᠡᠷ ᠪᠡᠶ᠎ᠡ ᠲᠠᠪᠠ ᠦᠭᠡᠢ ᠣᠷᠬᠢᠬᠤ᠂ ᠡᠴᠡᠵᠦ ᠶᠠᠳᠠᠷᠠᠬᠤ ᠵᠡᠷᠭᠡ ᠶᠡᠷᠦᠩᠬᠡᠢ ᠰᠢᠨᠵᠢ ᠨᠦ᠍ᠭᠦᠳ ᠣᠷᠣᠨ᠎ᠠ᠃ ᠮᠥᠮᠥ ᠨᠡᠯᠢᠶᠡᠳ ᠲᠣᠮᠣᠷᠠᠵᠤ᠂ ᠵᠠᠷᠢᠮ ᠳ᠋ᠠᠭᠠᠨ ᠴᠢᠨᠦᠷᠡᠬᠦ ᠨᠢ ᠪᠣᠢ᠃ ᠡᠮᠡᠭᠲᠡᠢ ᠬᠥᠮᠦᠨ ᠪᠣᠯᠭᠠᠨ ᠥᠨᠳᠡᠭᠡᠨ ᠡᠰ ᠭᠠᠳᠠᠭᠰᠢᠯᠠᠬᠤ ᠦᠶ᠎ᠡ ᠳ᠋ᠦ᠍ ᠢᠯᠡᠷᠡᠳᠡᠭ ᠡᠳᠡᠭᠡᠷ ᠪᠦᠬᠦ ᠰᠢᠨᠵᠢ ᠲᠡᠮᠳᠡᠭ ᠢ᠋ ᠣᠢᠯᠠᠭᠠᠵᠤ ᠮᠡᠳᠡᠬᠦ ᠶ᠋ᠢ ᠬᠢᠴᠢᠶᠡᠪᠡᠯ ᠵᠣᠬᠢᠨ᠎ᠠ᠃ ᠥᠨᠳᠡᠭᠡᠨ ᠡᠰ ᠰᠠᠷ᠎ᠠ ᠪᠦᠷᠢ ᠪᠣᠯᠪᠠᠰᠤᠷᠠᠵᠤ᠂ ᠭᠠᠳᠠᠭᠰᠢᠯᠠᠬᠤ ᠳ᠋ᠤ᠌ ᠦᠨᠳᠦᠰᠦᠯᠡᠭᠰᠡᠨ ᠡᠨᠡᠬᠦ ᠹᠢᠽᠢᠣᠯᠣᠭᠢ ᠶ᠋ᠢᠨ ᠠᠷᠭ᠎ᠠ ᠶ᠋ᠢ ᠵᠥᠪ ᠠᠰᠢᠭᠯᠠᠵᠤ ᠰᠤᠷᠬᠤ ᠨᠢ ᠨᠠᠷᠢᠨ ᠤᠷᠠᠯᠢᠭ ᠶᠤᠮ᠃ ᠭᠡᠪᠡᠴᠦ ᠡᠨᠡ ᠤᠷᠠᠯᠢᠭ ᠨᠢ ᠡᠮᠡᠭᠲᠡᠢ ᠬᠥᠮᠦᠨ ᠪᠡᠶ᠎ᠡ ᠮᠠᠬᠠᠪᠣᠳ ᠤ᠋ᠨ ᠢ᠋ᠶ᠋ᠠᠨ ᠦᠢᠯᠡ ᠠᠵᠢᠯᠯᠠᠭ᠎ᠠ ᠶ᠋ᠢ᠂ ᠲᠤᠬᠠᠢᠯᠠᠪᠠᠯ ᠥᠨᠳᠡᠭᠡᠨ ᠡᠰ ᠭᠠᠳᠠᠭᠰᠢᠯᠠᠬᠤ ᠦᠢᠯᠡ ᠠᠵᠢᠯᠯᠠᠭ᠎ᠠ ᠶ᠋ᠢ ᠤᠳᠤᠷᠢᠳᠤᠨ ᠵᠢᠯᠣᠭᠣᠳᠬᠤ ᠬᠣᠪᠢᠨ ᠤ᠋ ᠴᠢᠳᠠᠪᠤᠷᠢ ᠪᠠᠨ ᠲᠡᠭᠦᠯᠳᠡᠷᠵᠢᠭᠦᠯᠦᠭᠡᠳ ᠲᠤᠰᠠᠯᠠᠨ᠎ᠠ᠃ 
       ᠥᠨᠳᠡᠭᠡᠨ ᠡᠰ ᠭᠠᠳᠠᠭᠰᠢᠯᠠᠬᠤ ᠦᠶ᠎ᠡ ᠶ᠋ᠢ ᠲᠣᠳᠣᠷᠬᠠᠢᠯᠠᠬᠤ ᠥᠭᠡᠷ᠎ᠡ ᠨᠢᠭᠡ ᠠᠷᠭ᠎ᠠ ᠪᠣᠯ ᠬᠠᠯᠠᠭᠤᠨ ᠬᠡᠮᠵᠢᠬᠦ ᠠᠷᠭ᠎ᠠ ᠶᠤᠮ᠃ ᠬᠠᠯᠠᠭᠤᠨ ᠢ᠋ ᠠᠮᠠ ᠪᠤᠶᠤ ᠰᠢᠯᠤᠭᠤᠨ ᠭᠡᠳᠡᠰᠦᠨ ᠦ᠌ ᠠᠯᠢ ᠨᠢᠭᠡᠨ ᠳ᠋ᠦ᠍ ᠤᠨᠲᠠᠭᠠᠳ ᠰᠡᠷᠢᠭᠰᠡᠨ ᠦ᠌ ᠳᠠᠷᠠᠭ᠎ᠠ᠂ ᠲᠣᠭᠲᠠᠮᠠᠯ ᠨᠢᠭᠡ ᠴᠠᠭ ᠲᠤ᠌ ᠣᠷᠣᠨ ᠠ᠋ᠴᠠ ᠪᠠᠨ ᠪᠣᠰᠤᠭ᠎ᠠ ᠦᠭᠡᠢ ᠪᠠᠢᠬᠤ ᠳ᠋ᠤ᠌ ᠨᠢᠭᠡ ᠯᠡ ᠬᠠᠯᠠᠭᠤᠨ ᠤ᠋ ᠰᠢᠯ ᠢ᠋ᠶ᠋ᠡᠷ ᠬᠡᠮᠵᠢᠨ᠎ᠡ᠃ ᠰᠢᠯᠤᠭᠤᠨ ᠭᠡᠳᠡᠰᠦᠨ ᠦ᠌ ᠬᠠᠯᠠᠭᠤᠨ ᠪᠣᠯ ᠥᠨᠳᠡᠭᠡᠪᠴᠢ ᠶ᠋ᠢᠨ ᠳᠠᠭᠠᠭᠠᠪᠤᠷᠢ ᠶ᠋ᠢᠨ ᠦᠢᠯᠡ ᠠᠵᠢᠯᠯᠠᠭ᠎ᠠ ᠶ᠋ᠢ ᠨᠡᠯᠢᠶᠡᠳ ᠦᠨᠡᠨ ᠵᠥᠪ ᠳᠤᠰᠬᠠᠨ ᠬᠠᠷᠠᠭᠤᠯᠳᠠᠭ᠃ ᠬᠠᠯᠠᠭᠤᠨ ᠢ᠋ ᠭᠤᠷᠪᠠ ᠠ᠋ᠴᠠ ᠳᠣᠷᠣᠭᠰᠢ ᠦᠭᠡᠢ ᠰᠠᠷ᠎ᠠ ᠬᠡᠮᠵᠢᠵᠦ᠂ ᠲᠡᠮᠳᠡᠭᠯᠡᠯ ᠬᠥᠲᠥᠯᠬᠦ ᠳ᠋ᠦ᠍ ᠬᠡᠵᠢᠶ᠎ᠡ ᠥᠨᠳᠡᠭᠡᠨ ᠡᠰ ᠭᠠᠳᠠᠭᠰᠢᠯᠠᠵᠤ ᠪᠠᠢᠭ᠎ᠠ ᠨᠢ ᠲᠣᠪ ᠲᠣᠳᠣᠷᠬᠠᠢ ᠪᠣᠯᠤᠨ᠎ᠠ᠃ ᠶᠡᠬᠡᠪᠴᠢᠯᠡᠨ ᠰᠠᠷ᠎ᠠ ᠶ᠋ᠢᠨ ᠲᠡᠮᠳᠡᠭ ᠢᠷᠡᠭᠰᠡᠨ ᠡᠬᠢᠨ ᠦ᠌ ᠡᠳᠦᠷ ᠡᠴᠡ ᠥᠨᠳᠡᠭᠡᠨ ᠡᠰ ᠭᠠᠳᠠᠭᠰᠢᠯᠠᠬᠤ ᠦᠶ᠎ᠡ ᠬᠦᠷᠲᠡᠯ᠎ᠡ ᠰᠢᠯᠤᠭᠤᠨ ᠭᠡᠳᠡᠰᠦᠨ ᠦ᠌ ᠬᠠᠯᠠᠭᠤᠨ36.7-37 ᠭᠡᠮ ᠪᠠᠢᠭᠰᠠᠨ ᠠ᠋ᠴᠠ ᠥᠨᠳᠡᠭᠡᠨ ᠡᠰ ᠭᠠᠳᠠᠭᠰᠢᠯᠠᠭᠰᠠᠨ ᠮᠥᠴᠡ ᠡᠴᠡ ᠳᠠᠷᠠᠭ᠎ᠠ ᠰᠠᠷ᠎ᠠ ᠶ᠋ᠢᠨ ᠲᠡᠮᠳᠡᠭ ᠢᠷᠡᠬᠦ ᠬᠦᠷᠲᠡᠯ᠎ᠡ ᠰᠢᠯᠤᠭᠤᠨ ᠭᠡᠳᠡᠰᠦᠨ ᠦ᠌ ᠬᠠᠯᠠᠭᠤᠨ0.6-1 ᠭᠡᠮ ᠬᠦᠷᠲᠡᠯ᠎ᠡ ᠭᠡᠨᠡᠳᠲᠡ ᠳᠡᠭᠡᠭᠰᠢᠯᠡᠨ᠎ᠡ᠃ ᠢᠩᠭᠢᠵᠦ ᠥᠨᠳᠡᠭᠡᠨ ᠡᠰ ᠭᠠᠳᠠᠭᠰᠢᠯᠠᠭᠰᠠᠨ ᠠ᠋ᠴᠠ ᠬᠣᠢᠰᠢ48 ᠠ᠋ᠴᠠ ᠳᠣᠷᠣᠭᠰᠢ ᠦᠭᠡᠢ ᠴᠠᠭ ᠤ᠋ᠨ ᠳᠠᠷᠠᠭ᠎ᠠ ᠬᠠᠯᠠᠭᠤᠨ ᠭᠡᠨᠡᠳᠲᠡ ᠨᠡᠮᠡᠭᠳᠡᠳᠡᠭ ᠬᠢᠭᠡᠳ ᠪᠡᠶ᠎ᠡ ᠭᠦᠢᠴᠡᠭᠰᠡᠨ ᠥᠨᠳᠡᠭᠡᠨ ᠡᠰ ᠠᠮᠢᠳᠤᠷᠠᠬᠤ ᠴᠢᠳᠠᠪᠤᠷᠢ ᠪᠠᠨ24 ᠴᠠᠭ ᠬᠠᠳᠠᠭᠠᠯᠠᠳᠠᠭ ᠤᠴᠢᠷ ᠠ᠋ᠴᠠ ᠥᠨᠳᠡᠭᠡᠨ ᠡᠰ ᠭᠠᠳᠠᠭᠰᠢᠯᠠᠬᠤ ᠶ᠋ᠢᠨ ᠡᠮᠦᠨᠡᠬᠢ ᠬᠡᠦᠬᠡᠳ ᠣᠯᠬᠤ ᠦᠭᠡᠢ ᠦᠶ᠎ᠡ ᠨᠢ ᠬᠠᠯᠠᠭᠤᠨ ᠨᠡᠮᠡᠭᠳᠡᠭᠰᠡᠨ ᠡᠴᠡ ᠬᠣᠢᠰᠢ ᠭᠤᠷᠪᠠᠨ ᠡᠳᠦᠷ ᠦ᠋ᠨ ᠳᠠᠷᠠᠭ᠎ᠠ ᠡᠬᠢᠯᠡᠳᠡᠭ᠃ ᠥᠨᠳᠡᠭᠡᠨ ᠡᠰ ᠪᠣᠯᠪᠠᠰᠤᠷᠠᠬᠤ ᠬᠤᠭᠤᠴᠠᠭ᠎ᠠ ᠪᠠᠭ᠎ᠠ ᠵᠡᠷᠭᠡ ᠬᠡᠯᠪᠡᠯᠵᠡᠵᠦ ᠪᠣᠯᠬᠤ ᠶ᠋ᠢ ᠬᠠᠷᠠᠭᠠᠯᠵᠠᠨ ᠦᠵᠡᠵᠦ᠂ ᠡᠨᠡ ᠠᠷᠭ᠎ᠠ ᠶ᠋ᠢ ᠤᠯᠠᠮ ᠪᠠᠲᠤᠯᠠᠭ᠎ᠠ ᠲᠠᠢ ᠪᠣᠯᠭᠠᠬᠤ ᠶ᠋ᠢᠨ ᠲᠤᠯᠠᠳᠠ ᠥᠨᠳᠡᠭᠡᠨ ᠡᠰ ᠭᠠᠳᠠᠭᠰᠢᠯᠠᠬᠤ ᠠ᠋ᠴᠠ ᠡᠮᠦᠨ᠎ᠡ ᠪᠠ ᠳᠠᠷᠠᠭ᠎ᠠ2-3 ᠡᠳᠦᠷ ᠬᠡᠮᠨᠡᠵᠦ ᠠᠪᠬᠤ ᠬᠡᠷᠡᠭᠲᠡᠢ᠃ ᠡᠢᠨᠬᠦ ᠰᠠᠷ᠎ᠠ ᠶ᠋ᠢᠨ ᠲᠡᠮᠳᠡᠭ ᠦ᠋ᠨ ᠮᠥᠴᠡᠯᠭᠡ ᠶ᠋ᠢᠨ ᠭᠣᠣᠯ ᠤ᠋ᠨ7-8 ᠬᠣᠨᠣᠭ ᠡᠩᠭᠡᠷ ᠵᠥᠷᠢᠭᠦᠯᠬᠦ ᠦᠭᠡᠢ ᠪᠣᠯ ᠵᠢᠷᠮᠦᠰᠦᠨ ᠪᠣᠯᠬᠤ ᠦᠭᠡᠢ᠃ ᠥᠨᠳᠡᠭᠡᠨ ᠡᠰ ᠥᠨᠳᠡᠭᠡᠪᠴᠢ ᠡᠴᠡ ᠭᠠᠳᠠᠭᠰᠢᠯᠠᠭᠰᠠᠨ ᠤ᠋ ᠳᠠᠷᠠᠭᠠᠬᠢ ᠡᠬᠢᠨ ᠦ᠌ 1-3 ᠡᠳᠦᠷ ᠯᠡ ᠦᠷ᠎ᠡ ᠲᠣᠭᠲᠠᠬᠤ ᠪᠣᠯᠤᠨ᠎ᠠ᠃ ᠬᠠᠷᠢᠨ ᠡᠷ᠎ᠡ ᠪᠡᠯᠭᠡ ᠶ᠋ᠢᠨ ᠡᠰ ᠦᠲᠦᠷᠢᠶᠡᠨ ᠳ᠋ᠦ᠍ ᠠᠮᠢᠳᠤᠷᠠᠬᠤ ᠴᠢᠳᠠᠪᠤᠷᠢ ᠪᠠᠨ3 ᠬᠣᠨᠣᠭ ᠬᠦᠷᠲᠡᠯ᠎ᠡ ᠬᠠᠳᠠᠭᠠᠯᠠᠵᠤ ᠴᠢᠳᠠᠳᠠᠭ ᠤᠴᠢᠷ ᠠ᠋ᠴᠠ ᠬᠡᠵᠢᠶ᠎ᠡ ᠡᠩᠭᠡᠷ ᠵᠥᠷᠢᠭᠦᠯᠬᠦ ᠳ᠋ᠦ᠍ ᠬᠡᠦᠬᠡᠳ ᠣᠯᠬᠤ ᠦᠭᠡᠢ ᠪᠠᠢᠬᠤ ᠪᠣᠢ? ᠭᠡᠳᠡᠭ ᠡᠳᠦᠷ ᠢ᠋ ᠲᠦᠪᠡᠭ ᠦᠭᠡᠢ ᠣᠯᠵᠤ ᠪᠣᠯᠤᠨ᠎ᠠ᠃ ᠡᠭᠦᠨ ᠦ᠌ ᠲᠤᠯᠠᠳᠠ ᠰᠠᠷ᠎ᠠ ᠶ᠋ᠢᠨ ᠲᠡᠮᠳᠡᠭ ᠦ᠋ᠨ ᠮᠥᠴᠡᠯᠭᠡ ᠶ᠋ᠢᠨ ᠬᠣᠨᠣᠭ ᠠ᠋ᠴᠠ18 ᠶ᠋ᠢ ᠬᠠᠰᠤᠬᠤ ᠳ᠋ᠤ᠌ ᠵᠢᠷᠮᠦᠰᠦᠨ ᠪᠣᠯᠵᠤ ᠪᠣᠯᠵᠣᠰᠢ ᠦᠭᠡᠢ ᠡᠬᠢᠨ ᠦ᠌ ᠡᠳᠦᠷ᠂11 ᠶ᠋ᠢ ᠬᠠᠰᠤᠬᠤ ᠳ᠋ᠤ᠌ ᠰᠡᠭᠦᠯ ᠦ᠋ᠨ ᠡᠳᠦᠷ ᠭᠠᠷᠤᠨ᠎ᠠ᠃ ᠲᠤᠬᠠᠢᠯᠠᠪᠠᠯ30 ᠬᠣᠨᠣᠭ ᠤ᠋ᠨ ᠮᠥᠴᠡᠯᠭᠡ ᠲᠡᠢ ᠡᠮᠡᠭᠲᠡᠢ ᠳ᠋ᠦ᠍ ᠵᠢᠷᠮᠦᠰᠦᠨ ᠪᠣᠯᠬᠤ ᠪᠣᠯᠵᠣᠰᠢ ᠦᠭᠡᠢ ᠦᠶ᠎ᠡ ᠨᠢ ᠰᠡᠭᠦᠯ ᠦ᠋ᠨ ᠰᠠᠷ᠎ᠠ ᠶ᠋ᠢᠨ ᠲᠡᠮᠳᠡᠭ ᠦ᠋ᠨ ᠡᠬᠢᠨ ᠦ᠌ ᠡᠳᠦᠷ ᠡᠴᠡ ᠬᠣᠢᠰᠢᠬᠢ12-19ᠳᠠᠬᠢ ᠡᠳᠦᠷ ᠶᠦᠮ᠃ ᠲᠠᠨ ᠤ᠋ ᠰᠠᠷ᠎ᠠ ᠶ᠋ᠢᠨ ᠲᠡᠮᠳᠡᠭ ᠲᠣᠭᠲᠠᠮᠠᠯ ᠪᠢᠰᠢ᠂ ᠶᠠᠩᠵᠤ ᠪᠦᠷᠢ ᠪᠡᠷ ᠡᠷᠭᠢᠳᠡᠭ ᠴᠦ᠍ ᠭᠡᠰᠡᠨ ᠡᠨᠡ ᠠᠷᠭ᠎ᠠ ᠶ᠋ᠢ ᠬᠡᠷᠡᠭᠯᠡᠵᠦ ᠪᠣᠯᠤᠨ᠎ᠠ᠃ ᠢᠩᠭᠢᠬᠦ ᠳ᠋ᠦ᠍ ᠵᠢᠷᠮᠦᠰᠦᠨ ᠪᠣᠯᠬᠤ ᠦᠭᠡᠢ ᠦᠶ᠎ᠡ ᠯᠡ ᠪᠣᠭᠣᠨᠢᠰᠤᠨ᠎ᠠ᠃ ᠵᠢᠷᠮᠦᠰᠦᠨ ᠪᠣᠯᠵᠤ ᠪᠣᠯᠵᠣᠰᠢ ᠦᠭᠡᠢ ᠦᠶ᠎ᠡ ᠶ᠋ᠢ ᠡᠢᠮᠦ ᠡᠮᠡᠭᠲᠡᠢ ᠳ᠋ᠦ᠍ ᠣᠯᠬᠤ ᠳ᠋ᠠᠭᠠᠨ ᠬᠠᠮᠤᠭ ᠤ᠋ᠨ ᠪᠣᠭᠣᠨᠢ ᠮᠥᠴᠡᠯᠭᠡ ᠡᠴᠡ18 ᠶ᠋ᠢ᠂ ᠬᠠᠮᠤᠭ ᠤ᠋ᠨ ᠤᠷᠲᠤ ᠮᠥᠴᠡᠯᠭᠡ ᠡᠴᠡ11 ᠶ᠋ᠢ ᠬᠠᠰᠤᠨ᠎ᠠ᠃ 
       ᠵᠢᠱ᠌ᠢᠶ᠎ᠡ ᠨᠢ᠄A ᠭᠡᠳᠡᠭ ᠡᠮᠡᠭᠲᠡᠢ ᠳ᠋ᠦ᠍ ᠡᠨᠡ ᠵᠢᠯ ᠦ᠋ᠨ ᠬᠠᠮᠤᠭ ᠤ᠋ᠨ ᠪᠣᠭᠣᠨᠢ ᠮᠥᠴᠡᠯᠭᠡ24 ᠬᠣᠨᠣᠭ᠂ ᠬᠠᠮᠤᠭ ᠤᠷᠲᠤ ᠨᠢ30 ᠬᠣᠨᠣᠭ ᠦᠷᠭᠦᠯᠵᠢᠯᠡᠭᠰᠡᠨ ᠪᠠᠢᠪᠠᠯ ᠵᠢᠷᠮᠦᠰᠦᠨ ᠪᠣᠯᠵᠤ ᠪᠣᠯᠵᠣᠰᠢ ᠦᠭᠡᠢ ᠦᠶ᠎ᠡ ᠨᠢ ᠰᠠᠷ᠎ᠠ ᠶ᠋ᠢᠨ ᠲᠡᠮᠳᠡᠭ ᠢᠷᠡᠭᠰᠡᠨ ᠡᠳᠦᠷ ᠡᠴᠡ ᠬᠣᠢᠰᠢᠬᠢ6-19 ᠡᠳᠦᠷ ᠪᠣᠯᠤᠨ᠎ᠠ᠃ ᠵᠢᠷᠮᠦᠰᠦᠯᠡᠬᠦ ᠡᠴᠡ ᠰᠡᠷᠭᠡᠢᠯᠡᠬᠦ ᠶ᠋ᠢᠨ ᠲᠤᠯᠠᠳᠠ ᠡᠮᠡᠭᠲᠡᠢ ᠬᠥᠮᠦᠨ ᠥᠪᠡᠷ ᠢ᠋ᠶ᠋ᠡᠨ ᠶᠠᠩᠵᠤ ᠪᠦᠷᠢ ᠶ᠋ᠢᠨ ᠮᠧᠬᠠᠨᠢᠭ ᠪᠣᠯᠤᠨ ᠬᠢᠮᠢ ᠶ᠋ᠢᠨ ᠠᠷᠭ᠎ᠠ ᠬᠡᠷᠡᠭᠯᠡᠵᠦ ᠪᠣᠯᠤᠨ᠎ᠠ᠃ ᠡᠭᠦᠨ ᠦ᠌ ᠲᠤᠯᠠᠳᠠ ᠬᠤᠷᠢᠴᠠᠯ ᠤ᠋ᠨ ᠦᠢᠯᠡᠳᠦᠯᠭᠡ ᠳᠠᠭᠤᠰᠤᠩᠭᠤᠲᠠ ᠡᠮᠡᠭᠲᠡᠢ ᠬᠥᠮᠦᠨ ᠶᠠᠪᠠᠭᠠᠨ ᠰᠠᠭᠤᠵᠤ᠂ ᠤᠰᠤ ᠪᠠᠷ ᠤᠬᠢᠶᠠᠯᠭ᠎ᠠ ᠬᠢᠵᠦ᠂ ᠦᠲᠦᠷᠢᠶᠡᠨ ᠡᠴᠡ ᠦᠷ᠎ᠡ ᠶ᠋ᠢᠨ ᠰᠢᠩᠭᠡᠨ ᠢ᠋ ᠤᠬᠢᠶᠠᠵᠤ ᠭᠠᠷᠭᠠᠵᠤ ᠪᠣᠯᠤᠨ᠎ᠠ᠃ ᠬᠤᠷᠢᠴᠠᠯ ᠤ᠋ᠨ ᠦᠶ᠎ᠡ ᠳ᠋ᠦ᠍ ᠪᠡᠯᠭᠡ ᠶ᠋ᠢᠨ ᠡᠷᠬᠡᠲᠡᠨ ᠦ᠌ ᠴᠢᠰᠤᠨ ᠴᠢᠰᠤᠨ ᠡᠷᠭᠢᠯᠲᠡ ᠶᠡᠬᠡᠳᠬᠦ ᠤᠴᠢᠷ ᠠ᠋ᠴᠠ ᠬᠦᠢᠲᠡᠨ ᠤᠰᠤ ᠪᠠᠷ ᠤᠬᠢᠶᠠᠬᠤ ᠶ᠋ᠢ ᠬᠠᠲᠠᠭᠤ ᠬᠣᠷᠢᠭᠯᠠᠨ᠎ᠠ᠃ ᠤᠬᠢᠶᠠᠯᠭ᠎ᠠ ᠶ᠋ᠢ ᠪᠠᠭ᠎ᠠ ᠵᠡᠷᠭᠡ ᠬᠦᠴᠦᠯᠢᠭ᠂ ᠪᠦᠯᠢᠶᠡᠨ ᠤᠰᠤ ᠪᠠᠷ ᠬᠢᠪᠡᠯ ᠵᠣᠬᠢᠨ᠎ᠠ᠃ ᠶᠠᠭᠠᠬᠢᠭᠠᠳ ᠭᠡᠪᠡᠯ ᠡᠷ᠎ᠡ ᠪᠡᠯᠭᠡ ᠶ᠋ᠢᠨ ᠡᠰ ᠱᠦᠯᠲᠦᠯᠢᠭ ᠣᠷᠴᠢᠨ ᠳ᠋ᠤ᠌ ᠯᠠ ᠬᠥᠳᠡᠯᠭᠡᠨ ᠬᠠᠳᠠᠭᠠᠯᠠᠳᠠᠭ᠃ ᠡᠢᠮᠦ ᠡᠴᠡ ᠤᠬᠢᠶᠠᠬᠤ ᠤᠰᠤᠨ ᠳ᠋ᠠᠭᠠᠨ ᠶᠡᠬᠡᠪᠴᠢᠯᠡᠨ1 ᠯᠢᠲ᠋ᠷ ᠪᠤᠴᠠᠯᠤᠭᠰᠠᠨ ᠪᠦᠯᠢᠶᠡᠨ ᠤᠰᠤᠨ ᠳ᠋ᠤ᠌1 ᠴᠠᠢ ᠶ᠋ᠢᠨ ᠬᠠᠯᠪᠠᠭ᠎ᠠ ᠬᠣᠭᠣᠯᠠᠨ ᠤ᠋ ᠽᠣᠤ᠂ ᠡᠰᠡᠪᠡᠯ1 ᠴᠠᠢ ᠶ᠋ᠢᠨ ᠬᠠᠯᠪᠠᠭ᠎ᠠ ᠰᠠᠯᠢᠰᠤᠯᠢᠭ ᠪᠤᠶᠤ ᠬᠦᠴᠢᠯ ᠳᠤᠰᠤᠭᠠᠠᠵᠤ ᠬᠡᠷᠡᠭᠯᠡᠨ᠎ᠡ᠃ ᠤᠬᠢᠶᠠᠯᠭ᠎ᠠ ᠳ᠋ᠤ᠌ ᠵᠠᠪᠠᠯ ᠬᠦᠴᠦᠲᠡᠢ ᠦᠢᠯᠡᠴᠢᠯᠡᠭᠡ ᠲᠡᠢ ᠬᠠᠲᠠᠭᠤ ᠠᠭᠤᠰᠤᠮᠠᠯ ᠬᠡᠷᠡᠭᠯᠡᠬᠦ ᠬᠡᠷᠡᠭ ᠦᠭᠡᠢ᠃ ᠬᠤᠷᠢᠴᠠᠯ ᠦᠢᠯᠡᠳᠦᠭᠰᠡᠨ ᠦ᠌ ᠳᠠᠷᠠᠭ᠎ᠠ ᠡᠮᠡᠭᠲᠡᠢ ᠬᠥᠮᠦᠨ ᠬᠡᠳᠦᠢ ᠴᠢᠨᠡᠭᠡ ᠱᠠᠯᠠᠪᠬᠠᠨ ᠪᠣᠰᠪᠠᠯ᠂ ᠲᠡᠳᠦᠢ ᠴᠢᠨᠡᠭᠡ ᠡᠷ᠎ᠡ ᠪᠡᠯᠭᠡ ᠶ᠋ᠢᠨ ᠡᠰ᠂ ᠦᠷ᠎ᠡ ᠶ᠋ᠢᠨ ᠰᠢᠩᠭᠡᠨ ᠳᠣᠷᠣᠭᠰᠢ ᠪᠠᠨ ᠤᠷᠤᠰᠤᠨ ᠭᠠᠷᠴᠤ ᠤᠬᠢᠶᠠᠬᠤ ᠳ᠋ᠤ᠌ ᠬᠢᠯᠪᠠᠷᠬᠠᠨ ᠪᠠᠢᠳᠠᠭ᠃ ᠪᠠᠭ᠎ᠠ ᠵᠡᠷᠭᠡ ᠬᠡᠪᠲᠡᠪᠡᠯ5-10 ᠮᠢᠨᠦ᠋ᠲ ᠲᠦ᠍ ᠤᠮᠠᠢ ᠶ᠋ᠢᠨ ᠬᠦᠵᠦᠭᠦᠨ ᠳ᠋ᠦ᠍ ᠣᠷᠣᠵᠤ ᠤᠬᠢᠶᠠᠯᠭ᠎ᠠ ᠬᠢᠭᠰᠡᠨ ᠦ᠌ ᠬᠡᠷᠡᠭ ᠦᠭᠡᠢ ᠪᠣᠯᠤᠨ᠎ᠠ᠃ ᠤᠬᠢᠶᠠᠯᠭ᠎ᠠ ᠶ᠋ᠢᠨ ᠤᠰᠤ ᠶ᠋ᠢ ᠬᠦᠴᠦᠲᠡᠢ ᠭᠣᠭᠣᠵᠢᠭᠤᠯᠬᠤ ᠶ᠋ᠢᠨ ᠲᠤᠯᠠᠳᠠ1.5-2 ᠮᠧᠲ᠋ᠷ ᠦ᠋ᠨ ᠥᠨᠳᠥᠷ ᠲᠦ᠍ ᠰᠠᠪᠠ ᠪᠠᠨ ᠳᠡᠭᠦᠵᠢᠯᠡᠨ᠎ᠡ᠃ ᠤᠬᠢᠶᠠᠯᠭ᠎ᠠ ᠶ᠋ᠢᠨ ᠦᠵᠦᠭᠦᠷ ᠢ᠋ ᠦᠲᠦᠷᠢᠶᠡᠨ ᠳ᠋ᠦ᠍ ᠠᠯᠢ ᠪᠣᠯᠬᠤ ᠪᠠᠷ ᠭᠦᠨ ᠣᠷᠣᠭᠤᠯᠤᠨ᠎ᠠ᠃ ᠵᠢᠷᠮᠦᠰᠦᠯᠡᠬᠦ ᠡᠴᠡ ᠰᠡᠷᠭᠡᠢᠯᠡᠬᠦ ᠬᠠᠮᠤᠭ ᠤ᠋ᠨ ᠦᠷ᠎ᠡ ᠳ᠋ᠦᠩ ᠲᠡᠢ᠂ ᠳᠡᠯᠭᠡᠷᠡᠭᠰᠡᠨ ᠠᠷᠭ᠎ᠠ ᠶ᠋ᠢᠨ ᠨᠢᠭᠡ ᠨᠢ ᠶᠡᠷᠦᠨᠳᠡᠭ ᠶᠦᠮ᠃ ᠰᠡᠭᠦᠯ ᠦ᠋ᠨ ᠦᠶ᠎ᠡ ᠳ᠋ᠦ᠍ ᠡᠨᠡ ᠠᠷᠭ᠎ᠠ ᠶ᠋ᠢ ᠥᠷᠭᠡᠨ ᠬᠡᠷᠡᠭᠯᠡᠬᠦ ᠪᠣᠯᠤᠯ᠎ᠠ᠃ ᠡᠨᠡ ᠠᠷᠭ᠎ᠠ ᠨᠢ ᠵᠢᠷᠮᠦᠰᠦᠯᠡᠬᠦ ᠡᠴᠡ ᠰᠡᠷᠭᠡᠢᠯᠡᠬᠦ ᠪᠤᠰᠤᠳ ᠠᠷᠭ᠎ᠠ ᠠ᠋ᠴᠠ ᠬᠡᠳᠦ ᠬᠡᠳᠦᠨ ᠳᠠᠪᠠᠭᠤᠯᠢᠭ ᠲᠠᠯ᠎ᠠ ᠲᠠᠢ᠃ ᠲᠤᠬᠠᠢᠯᠠᠪᠠᠯ᠂ ᠲᠣᠭᠲᠠᠮᠠᠯ ᠡᠮ ᠤᠤᠭᠤᠭᠠᠳ ᠪᠠᠢᠬᠤ ᠪᠣᠯᠤᠨ ᠬᠤᠷᠢᠴᠠᠯ ᠦᠢᠯᠡᠳᠬᠦ ᠶ᠋ᠢᠨ ᠡᠮᠦᠨ᠎ᠡ ᠪᠠ ᠲᠡᠭᠦᠨ ᠦ᠌ ᠳᠠᠷᠠᠭ᠎ᠠ ᠨᠢ ᠵᠠᠪᠠᠯ ᠪᠣᠰᠴᠤ ᠤᠬᠢᠶᠠᠯᠭ᠎ᠠ ᠬᠢᠬᠦ ᠶ᠋ᠢ ᠱᠠᠭᠠᠷᠳᠠᠬᠤ ᠦᠭᠡᠢ᠃ ᠶᠡᠷᠦᠨᠳᠡᠭ ᠢ᠋ ᠰᠠᠷ᠎ᠠ ᠶ᠋ᠢᠨ ᠲᠡᠮᠳᠡᠭ ᠢᠷᠡᠵᠦ ᠳᠠᠭᠤᠰᠤᠭᠰᠠᠨ ᠤ᠋ ᠳᠠᠷᠠᠭᠠᠬᠢ ᠡᠬᠢᠨ ᠦ᠌ ᠡᠳᠦᠷ ᠦ᠋ᠳ ᠲᠦ᠍ ᠵᠥᠪᠬᠡᠨ ᠨᠠᠷᠢᠨ ᠮᠡᠷᠭᠡᠵᠢᠯ ᠦ᠋ᠨ ᠡᠮᠴᠢ ᠲᠠᠯᠪᠢᠨ᠎ᠠ᠃ ᠶᠡᠷᠦᠨᠳᠡᠭ ᠲᠠᠯᠪᠢᠭᠤᠯᠤᠭᠰᠠᠨ ᠤ᠋ ᠳᠠᠷᠠᠭᠠᠬᠢ ᠡᠬᠢᠨ ᠦ᠌ ᠡᠳᠦᠷ ᠦ᠋ᠳ ᠲᠦ᠍ ᠬᠡᠪᠡᠯᠢ ᠡᠪ ᠦᠭᠡᠢ ᠣᠷᠬᠢᠵᠤ ᠪᠣᠯᠤᠨ᠎ᠠ᠃ ᠭᠡᠪᠡᠴᠦ ᠡᠨᠡ ᠨᠢ ᠲᠦᠳᠡᠯ ᠦᠭᠡᠢ ᠠᠷᠢᠯᠤᠨ᠎ᠠ᠃ ᠶᠡᠷᠦᠨᠳᠡᠭ ᠢ᠋ ᠳᠤᠮᠳᠠᠴᠢ ᠪᠠᠷ2-3 ᠵᠢᠯ ᠲᠠᠯᠪᠢᠭᠠᠳ ᠠᠪᠤᠨ᠎ᠠ᠃ ᠢᠩᠭᠢᠭᠡᠳ ᠭᠤᠷᠪᠠᠨ ᠰᠠᠷ᠎ᠠ ᠥᠩᠭᠡᠷᠡᠭᠰᠡᠨ ᠦ᠌ ᠳᠠᠷᠠᠭ᠎ᠠ ᠱᠠᠭᠠᠷᠳᠠᠯᠭ᠎ᠠ ᠲᠠᠢ ᠪᠣᠯ ᠳᠠᠬᠢᠨ ᠲᠠᠯᠪᠢᠵᠤ ᠪᠣᠯᠤᠨ᠎ᠠ᠃᠃ ᠶᠡᠷᠦᠨᠳᠡᠭ ᠨᠢ ᠵᠢᠷᠮᠦᠰᠦᠯᠡᠬᠦ ᠡᠴᠡ95-98% ᠬᠠᠮᠠᠭᠠᠯᠠᠨ᠎ᠠ᠃ ᠶᠡᠷᠦᠨᠳᠡᠭ ᠨᠢ ᠵᠢᠷᠮᠦᠰᠦᠯᠡᠬᠦ ᠡᠴᠡ ᠴᠣᠬᠣᠮ ᠶᠠᠭᠠᠬᠢᠵᠤ ᠬᠠᠮᠠᠭᠠᠯᠠᠳᠠᠭ ᠪᠣᠢ ᠭᠡᠪᠡᠯ ᠤᠮᠠᠢ ᠶ᠋ᠢᠨ ᠬᠣᠭᠣᠯᠠᠢ ᠪᠠᠷ ᠥᠨᠳᠡᠭᠡᠨ ᠡᠰ ᠳᠠᠭᠠᠷᠢᠨ ᠭᠠᠷᠬᠤ ᠶ᠋ᠢ ᠡᠷᠡᠰ ᠬᠤᠷᠳᠤᠳᠬᠠᠳᠠᠭ ᠲᠤ᠌ ᠣᠷᠣᠰᠢᠨ᠎ᠠ᠃ ᠢᠩᠭᠢᠭᠰᠡᠭᠡᠷ ᠥᠨᠳᠡᠭᠡᠨ ᠡᠰ ᠡᠷ᠎ᠡ ᠪᠡᠯᠭᠡ ᠶ᠋ᠢᠨ ᠡᠰ ᠲᠡᠢ《ᠤᠴᠠᠷᠠᠵᠤ》 ᠠᠮᠵᠢᠬᠤ ᠦᠭᠡᠢ᠃ ᠶᠡᠷᠦᠨᠳᠡᠭ ᠨᠢ ᠪᠦᠬᠦ ᠡᠮᠡᠭᠲᠡᠢ ᠬᠥᠮᠦᠨ ᠳ᠋ᠦ᠍ ᠲᠠᠯᠪᠢᠵᠤ ᠪᠣᠯᠬᠤ ᠦᠭᠡᠢ᠃ ᠪᠡᠯᠭᠡ ᠡᠷᠬᠡᠲᠡᠨ ᠦ᠌ ᠰᠣᠴᠢᠮᠠᠭ᠂ ᠳᠠᠬᠢᠳᠠᠭ ᠠᠷᠬᠠᠭ ᠦᠷᠪᠢᠰᠦᠯ ᠲᠡᠢ ᠡᠮᠡᠭᠲᠡᠢ ᠳ᠋ᠦ᠍ ᠶᠡᠷᠦᠨᠳᠡᠭ ᠲᠠᠯᠪᠢᠬᠤ ᠶ᠋ᠢ ᠬᠣᠷᠢᠭᠯᠠᠨ᠎ᠠ᠃ ᠲᠥᠷᠥᠭᠰᠡᠨ ᠡᠴᠡ ᠬᠣᠢᠰᠢ ᠭᠤᠷᠪᠠ ᠠ᠋ᠴᠠ ᠳᠣᠭᠣᠭᠰᠢ ᠦᠭᠡᠢ ᠰᠠᠷ᠎ᠠ ᠪᠣᠯᠤᠭᠰᠠᠨ ᠤ᠋ ᠳᠠᠷᠠᠭ᠎ᠠ᠂ ᠦᠷ᠎ᠡ ᠬᠥᠨᠳᠡᠭᠦᠯᠦᠭᠰᠡᠨ ᠡᠴᠡ ᠬᠣᠢᠰᠢ ᠳᠠᠬᠢᠨ ᠰᠠᠷ᠎ᠠ ᠶ᠋ᠢᠨ ᠲᠡᠮᠳᠡᠭ ᠢᠷᠡᠭᠰᠡᠨ ᠡᠴᠡ ᠬᠣᠢᠰᠢ ᠶᠡᠷᠦᠨᠳᠡᠭ ᠲᠠᠯᠪᠢᠬᠤ ᠶ᠋ᠢ ᠵᠥᠪᠰᠢᠶᠡᠷᠡᠨ᠎ᠡ᠃ ᠡᠮᠡᠭᠲᠡᠢᠴᠦᠳ ᠶᠡᠷᠦᠨᠳᠡᠭ ᠲᠠᠯᠪᠢᠬᠤ ᠳᠤᠷᠠᠲᠠᠢ ᠪᠠᠢᠳᠠᠭ᠂ ᠶᠠᠭᠠᠬᠢᠭᠠᠳ ᠭᠡᠪᠡᠯ ᠵᠢᠷᠮᠦᠰᠦᠨ ᠪᠣᠯᠴᠢᠬᠠᠬᠤ ᠪᠣᠢ ᠭᠡᠳ ᠠᠶᠤᠬᠤ ᠠᠢᠳᠠᠰ ᠦᠭᠡᠢ᠃ ᠠᠮᠢᠳᠤ ᠶ᠋ᠢᠨ ᠵᠢᠷᠭᠠᠯ ᠠᠮᠰᠠᠨ ᠡᠳ᠋ᠯᠡᠬᠦ ᠪᠣᠯᠤᠮᠵᠢ ᠣᠯᠭᠣᠳᠠᠭ᠃ ᠬᠡᠷᠪᠡ ᠲᠠ ᠵᠢᠷᠮᠦᠰᠦᠨ ᠪᠣᠯᠬᠤ ᠶ᠋ᠢ ᠬᠦᠰᠡᠬᠦ ᠦᠭᠡᠢ ᠪᠠᠢᠪᠠᠯ ᠳᠡᠭᠡᠷᠡᠬᠢ ᠠᠷᠭ᠎ᠠ ᠨᠤᠭᠤᠳ ᠢ᠋ ᠰᠠᠢᠲᠤᠷ ᠰᠤᠳᠤᠯᠵᠤ᠂ ᠣᠢᠯᠠᠭᠠᠬᠤ ᠬᠡᠷᠡᠭᠲᠡᠢ᠃ ᠭᠡᠬᠦ ᠳ᠋ᠡᠭᠡᠨ ᠡᠨᠳᠡ ᠥᠭᠦᠯᠡᠭᠰᠡᠨ ᠬᠡᠳᠦᠨ ᠠᠷᠭ᠎ᠠ ᠪᠠᠷ ᠵᠢᠷᠮᠦᠰᠦᠯᠡᠬᠦ ᠡᠴᠡ ᠰᠡᠷᠭᠡᠢᠯᠡᠬᠦ ᠠᠷᠭ᠎ᠠ ᠪᠠᠷᠠᠭᠳᠠᠬᠤ ᠦᠭᠡᠢ᠃ ᠡᠢᠮᠦ ᠡᠴᠡ ᠪᠤᠰᠤᠳ ᠠᠷᠭ᠎ᠠ ᠶ᠋ᠢᠨ ᠲᠠᠯ᠎ᠠ ᠪᠠᠷ ᠡᠮᠡᠭᠲᠡᠢᠴᠦᠳ ᠦ᠋ᠨ ᠡᠮᠴᠢ ᠡᠴᠡ ᠵᠥᠪᠯᠡᠯᠭᠡ ᠠᠪᠴᠤ ᠪᠣᠯᠤᠨ᠎ᠠ᠃