ᠮᠠᠯᠠᠭᠠᠨ ᠵᠠᠯᠠᠭ᠎ᠠ ᠡᠪᠡᠰᠦМалган залаа өвсMalgan zalaa övs
ᠮᠠᠯᠠᠭᠠᠨ ᠵᠠᠯᠠᠭ᠎ᠠ ᠡᠪᠡᠰᠦ
ᠲᠤᠰ ᠡᠮ ᠪᠣᠯ ᠲᠠᠷᠨᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠠᠯᠠᠭᠠᠨ ᠵᠠᠯᠠᠭ᠎ᠠ ᠡᠪᠡᠰᠦ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠪᠠᠷᠢᠳᠠᠰᠠᠽᠢᠨ᠂ ᠤᠯᠠᠭᠠᠨ ᠤᠲᠠᠰᠤ ᠡᠪᠡᠰᠦ᠂ ᠲᠡᠷᠭᠡᠨ ᠵᠠᠯᠠᠭ᠎ᠠ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃ ᠴᠠᠭᠠᠨ ᠥᠩᠭᠡᠲᠦ ᠰᠦ ᠲᠡᠢ᠃ ᠡᠰᠢ ᠨᠢ ᠶᠡᠷᠦ ᠳ᠋ᠡᠭᠡᠨ ᠤᠭ ᠤ᠋ᠨ ᠬᠡᠰᠡᠭ ᠡᠴᠡ ᠪᠡᠨ ᠠᠴᠠᠯᠠᠨ ᠰᠠᠯᠠᠭᠠᠯᠠᠵᠤ ᠬᠡᠪᠲᠡᠭᠡ ᠤᠷᠭᠤᠨ᠎ᠠ᠃ ᠤᠯᠠᠭᠠᠨ ᠥᠩᠭᠡ ᠲᠡᠢ᠂ ᠦᠰᠦ ᠦᠭᠡᠢ᠃ ᠨᠠᠪᠴᠢ ᠨᠢ 2ᠮᠥᠷ ᠢ᠋ᠶ᠋ᠡᠷ ᠴᠢᠭᠲᠠᠯᠠᠨ ᠤᠷᠭᠤᠨ᠎ᠠ᠂ ᠵᠤᠤᠪᠠᠩ ᠬᠡᠯᠪᠡᠷᠢ ᠲᠡᠢ᠂5~10mm ᠤᠷᠲᠤ᠂4~6mm ᠥᠷᠭᠡᠨ᠂ ᠲᠣᠭᠣᠷᠢᠭ ᠦᠵᠦᠭᠦᠷ ᠲᠡᠢ᠂ ᠤᠭ ᠨᠢ ᠲᠡᠭᠰᠢ ᠪᠤᠰᠤ᠂ ᠨᠠᠷᠢᠨ ᠬᠢᠷᠦᠭᠡᠨ ᠰᠢᠳᠦᠲᠦ ᠬᠥᠪᠡᠭᠡ ᠲᠡᠢ᠂ ᠨᠠᠪᠴᠢᠨ ᠤ᠋ ᠥᠪᠥᠷ ᠲᠠᠯ᠎ᠠ ᠨᠢ ᠨᠣᠭᠣᠭᠠᠨ᠃ ᠨᠠᠪᠴᠢᠨ ᠪᠠᠷᠢᠭᠤᠯ ᠨᠢ ᠮᠠᠰᠢ ᠣᠬᠣᠷ᠃ ᠲᠣᠰᠬᠣᠭᠤᠷ ᠨᠠᠪᠴᠢ ᠨᠢ ᠪᠦᠰᠡᠯᠢᠭ ᠬᠡᠯᠪᠡᠷᠢ ᠲᠡᠢ᠂ ᠶᠡᠷᠦ ᠳ᠋ᠡᠭᠡᠨ3 ᠭᠦᠨ ᠣᠨᠢ ᠲᠠᠢ᠃ ᠴᠣᠮᠣ ᠰᠢᠭ᠋ ᠴᠣᠮᠬᠠᠨ ᠪᠠᠭ ᠴᠡᠴᠡᠭ ᠨᠢ ᠭᠠᠭᠴᠠᠭᠠᠷ ᠢ᠋ᠶ᠋ᠠᠨ ᠡᠰᠢ ᠶ᠋ᠢᠨ ᠣᠷᠣᠢ ᠪᠤᠶᠤ ᠨᠠᠪᠴᠢᠨ ᠰᠤᠭᠤ ᠳ᠋ᠤ᠌ ᠳᠡᠯᠭᠡᠷᠡᠨ᠎ᠡ᠃ ᠶᠡᠷᠦᠩᠬᠡᠢ ᠪᠠᠭᠯᠠᠭᠴᠢ ᠨᠢ ᠲᠣᠩᠭᠣᠷᠤᠤ ᠲᠣᠭᠣᠷᠢᠭ ᠱᠣᠷᠣᠯᠵᠢᠨ ᠬᠡᠯᠪᠡᠷᠢ ᠲᠡᠢ᠂ ᠤᠯᠠᠪᠤᠷ ᠥᠩᠭᠡ ᠲᠡᠢ᠂ ᠬᠥᠪᠡᠭᠡ ᠨᠢ4 ᠣᠨᠢ ᠲᠠᠢ᠂ ᠵᠤᠤᠪᠠᠩ ᠬᠡᠯᠪᠡᠷᠢᠲᠦ4 ᠪᠤᠯᠴᠢᠷᠬᠠᠢ ᠲᠠᠢ᠃ ᠬᠡᠳᠦᠨ ᠬᠦᠢᠰ ᠡᠷ᠎ᠡ ᠴᠡᠴᠡᠭ ᠪᠣᠯᠤᠨ1 ᠬᠦᠢᠰ ᠡᠮ᠎ᠡ ᠴᠡᠴᠡᠭ ᠨᠢ ᠶᠡᠷᠦᠩᠬᠡᠢ ᠪᠠᠭᠯᠠᠭᠴᠢ ᠶ᠋ᠢᠨ ᠳᠣᠲᠣᠷ᠎ᠠ ᠨᠢ ᠳᠡᠯᠭᠡᠷᠡᠨ᠎ᠡ᠃ ᠡᠷ᠎ᠡ ᠴᠡᠴᠡᠭ ᠨᠢ ᠨᠢᠭᠡ ᠯᠡ ᠡᠷ᠎ᠡ ᠲᠣᠭᠣᠷᠴᠣᠭ ᠲᠠᠢ᠃ ᠡᠮ᠎ᠡ ᠴᠡᠴᠡᠭ ᠨᠢ ᠪᠠᠭ ᠴᠡᠴᠡᠭ ᠦ᠋ᠨ ᠭᠣᠣᠯ ᠳ᠋ᠤ᠌ ᠪᠠᠢᠷᠢᠯᠠᠨ᠎ᠠ᠃ ᠤᠮᠠᠢ ᠨᠢ ᠤᠷᠲᠤ ᠪᠠᠷᠢᠭᠤᠯ ᠲᠠᠢ᠂3 ᠲᠠᠰᠤᠭ ᠲᠠᠢ᠂3 ᠴᠡᠴᠡᠭ ᠦ᠋ᠨ ᠪᠠᠭᠠᠨ᠎ᠠ ᠲᠠᠢ᠂2 ᠣᠨᠢ ᠲᠠᠢ᠃ ᠬᠣᠩᠭᠣᠷᠴᠣᠭᠲᠤ ᠵᠢᠮᠢᠰ ᠨᠢ ᠬᠠᠪᠲᠠᠭᠠᠢ ᠥᠨᠳᠡᠭᠡᠯᠵᠢᠨ ᠪᠥᠭᠡᠳ ᠵᠢᠵᠢᠭ᠂3 ᠢᠷᠮᠡᠭ ᠲᠡᠢ᠂ ᠦᠰᠦ ᠦᠭᠡᠢ᠃ ᠦᠷ᠎ᠡ ᠨᠢ ᠥᠨᠳᠡᠭᠡᠯᠵᠢᠨ ᠬᠡᠯᠪᠡᠷᠢ ᠲᠡᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠡᠭᠡᠷ᠎ᠡ ᠲᠠᠯ᠎ᠠ᠂ ᠵᠠᠮ ᠤ᠋ᠨ ᠬᠠᠵᠠᠭᠤ ᠪᠣᠯᠤᠨ ᠬᠦᠷᠢᠶ᠎ᠡ ᠬᠠᠰᠢᠶᠠᠨ ᠳ᠋ᠤ᠌ ᠤᠷᠭᠤᠨ᠎ᠠ᠃ ᠪᠦᠬᠦ ᠤᠯᠤᠰ ᠤ᠋ᠨ ᠡᠯ᠎ᠡ ᠭᠠᠵᠠᠷ ᠲᠤ ᠪᠦᠷ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠲᠡᠭᠦᠵᠦ᠂ ᠰᠢᠪᠡᠷ ᠰᠢᠷᠣᠢ ᠪᠠ ᠬᠣᠯᠢᠮᠠᠭ ᠵᠦᠢᠯ ᠢ᠋ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠲᠡᠭᠰᠢ ᠴᠢᠨᠠᠷ ᠲᠠᠢ; ᠮᠣᠬᠣᠳᠠᠭ᠂ ᠬᠦᠯᠪᠡᠷᠢᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠴᠢᠰᠤ ᠶ᠋ᠢ ᠵᠣᠭᠰᠣᠭᠠᠬᠤ᠂ ᠥᠭᠡᠷᠢ ᠰᠢᠷ᠎ᠠ ᠤᠰᠤ ᠶ᠋ᠢ ᠬᠠᠲᠠᠭᠠᠬᠤ᠂ ᠰᠢᠷᠬ᠎ᠠ ᠶ᠋ᠢ ᠠᠨᠠᠭᠠᠬᠤ᠂ ᠰᠤᠳᠠᠯ ᠤ᠋ᠨ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠡᠯ᠎ᠡ ᠵᠦᠢᠯ ᠦ᠋ᠨ ᠰᠢᠯᠲᠠᠭᠠᠨ ᠢ᠋ᠶ᠋ᠠᠷ ᠴᠢᠰᠤ ᠭᠠᠷᠬᠤ᠂ ᠠᠭᠤᠰᠬᠢ ᠦᠭᠡᠷᠢᠯᠡᠭᠰᠡᠨ᠂ ᠨᠡᠪᠴᠢᠷᠡᠭᠰᠡᠨ᠂ ᠰᠤᠳᠠᠯ ᠰᠢᠷᠪᠥᠰᠥ ᠭᠡᠮᠲᠦᠭᠰᠡᠨ᠂ ᠲᠠᠷᠢᠬᠢᠨ ᠤ᠋ ᠭᠡᠮᠲᠦᠯ᠂ ᠴᠠᠭᠠᠨ ᠰᠤᠳᠠᠯ ᠤ᠋ᠨ ᠡᠪᠡᠳᠴᠢᠨ᠂ ᠤᠶᠠᠮᠠᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄地锦草
ᠠᠩᠭ᠌ᠯᠢ ᠨᠡᠷ᠎ᠡ᠄Euphorbia humifusa Willd.
ᠦᠰᠦᠭ ᠠᠮᠢᠯᠠᠭᠤᠯᠤᠭᠴᠢ᠄ ᠲᠤᠶᠠᠭ᠎ᠠ
ᠬᠢᠨᠠᠭᠴᠢ᠄ ᠴᠡᠪᠡᠷᠴᠡᠴᠡᠭ
