ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2025 ᠣᠨ ᠤ᠋ 7 ᠰᠠᠷ᠎ᠠИтгэлт Хамба бламын сургааль
ᠬᠠᠮᠪᠤ ᠪᠯᠠᠮ᠎ᠠ ᠳ᠋ᠠᠮᠪᠠ ᠠᠶᠤᠰᠢᠶᠸᠪ/
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
2025.07.01
ᠮᠣᠭᠠᠢ ᠵᠢᠯ ᠂ ᠮᠣᠷᠢ ᠰᠠᠷ᠎ᠠ ᠶ᠋ᠢᠨ 6 ᠤ᠋ ᠴᠠᠭᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠢᠷᠡᠭᠡᠳᠦᠢ ᠶ᠋ᠢᠨ ᠴᠠᠭ ᠮᠡᠳᠡᠳᠡᠭ ᠬᠥᠮᠦᠨ ᠪᠠᠢᠨ᠎ᠠ᠃ ᠢᠲᠡᠭᠡᠯᠲᠦ ᠪᠠᠭᠰᠢ᠄《 ᠥᠪᠡᠷ ᠪᠤᠰᠤᠳ ᠤ᠋ᠨ ᠮᠤᠩᠬᠠᠭ ᠢ᠋ ᠳᠠᠷᠤᠭᠠᠳ ᠪᠡᠯᠭᠡ ᠪᠢᠯᠢᠭ ᠳᠡᠯᠭᠡᠷᠡᠭᠦᠯᠬᠦ》ᠭᠡᠮᠡᠨ ᠠᠢᠯᠠᠳᠤᠯ᠎ᠠ᠃
2025.07.02
ᠮᠣᠭᠠᠢ ᠵᠢᠯ ᠂ ᠮᠣᠷᠢ ᠰᠠᠷ᠎ᠠ ᠶ᠋ᠢᠨ 7 ᠤ᠋ ᠬᠠᠷ᠎ᠠ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠯᠠᠮᠠ ᠶ᠋ᠢᠨ ᠲᠠᠬᠢᠯ ᠡᠷᠭᠦᠬᠦ ᠨᠢ ᠦᠵᠡᠭᠳᠡᠨ᠎ᠡ᠃ ᠢᠲᠡᠭᠡᠯᠲᠦ ᠪᠠᠭᠰᠢ᠄《ᠲᠠᠬᠢᠯ ᠪᠦᠬᠦᠨ ᠲᠤᠶᠠᠭᠠᠷᠠᠵᠤ ᠬᠡᠷᠡᠯᠳᠦᠳᠡᠭ》ᠭᠡᠮᠡᠨ ᠠᠢᠯᠠᠳᠤᠯ᠎ᠠ᠃
2025.07.03
ᠮᠣᠭᠠᠢ ᠵᠢᠯ ᠂ ᠮᠣᠷᠢ ᠰᠠᠷ᠎ᠠ ᠶ᠋ᠢᠨ 8 ᠤ᠋ ᠬᠠᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠭᠣᠣᠯ ᠤ᠋ᠨ ᠢᠯᠴᠢ ᠶᠡᠬᠡ ᠪᠣᠯᠤᠭ᠎ᠠ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《ᠭᠣᠣᠯ ᠰᠡᠳᠬᠢᠯ ᠡᠴᠡ ᠢᠵᠠᠭᠤᠷ ᠤ᠋ᠨ ᠲᠠᠪᠤᠨ ᠪᠤᠷᠬᠠᠳ ᠰᠡᠷᠭᠦᠳᠡᠭ》ᠭᠡᠮᠡᠨ ᠠᠢᠯᠠᠳᠤᠯ᠎ᠠ᠃
2025.07.04
ᠮᠣᠭᠠᠢ ᠵᠢᠯ ᠂ ᠮᠣᠷᠢ ᠰᠠᠷ᠎ᠠ ᠶ᠋ᠢᠨ 9 ᠦ᠌ ᠬᠥᠬᠡ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠨᠢᠰᠸᠠᠨᠢᠰ ᠤ᠋ᠨ ᠶᠧᠯᠸᠢ ᠳ᠋ᠦ᠍ ᠪᠡᠨ ᠠᠪᠲᠠᠭᠰᠠᠨ ᠵᠣᠪᠠᠯᠠᠩ ᠤ᠋ᠨ ᠠᠮᠢᠲᠠᠳ》 ᠭᠡᠨ᠎ᠡ᠃ ᠢᠲᠡᠭᠡᠯᠲᠦ ᠪᠠᠭᠰᠢ᠄《ᠨᠠᠷᠢᠨ ᠤᠳᠬ᠎ᠠ ᠶ᠋ᠢ ᠮᠡᠳᠡᠳᠡᠭ ᠭᠦᠨ ᠤᠬᠠᠭᠠᠨ》ᠭᠡᠮᠡᠨ ᠠᠢᠯᠠᠳᠤᠯ᠎ᠠ᠃
2025.07.05
ᠮᠣᠭᠠᠢ ᠵᠢᠯ ᠂ ᠮᠣᠷᠢ ᠰᠠᠷ᠎ᠠ ᠶ᠋ᠢᠨ 10 ᠤ᠋ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠦᠨᠡᠨ ᠰᠢᠳᠤᠷᠭᠤ ᠬᠥᠮᠦᠨ ᠦ᠌ ᠵᠠᠮ ᠨᠢ ᠰᠢᠷᠦᠭᠦᠨ ᠭᠡᠵᠦ ᠰᠣᠨᠣᠰᠤᠭᠳᠠᠭ᠎ᠠ᠃ᠢᠲᠡᠭᠡᠯᠲᠦ ᠪᠠᠭᠰᠢ᠄ 《ᠬᠢᠵᠠᠭᠠᠷ ᠦᠭᠡᠢ ᠣᠭᠲᠠᠷᠭᠤᠢ ᠮᠡᠲᠦ ᠴᠢᠨᠠᠷ ᠲᠤ᠌ ᠣᠷᠣᠰᠢᠬᠤ》ᠭᠡᠮᠡᠨ ᠠᠢᠯᠠᠳᠤᠯ᠎ᠠ᠃
2025.07.06
ᠮᠣᠭᠠᠢ ᠵᠢᠯ ᠂ ᠮᠣᠷᠢ ᠰᠠᠷ᠎ᠠ ᠶ᠋ᠢᠨ 11 ᠦ᠌ ᠤᠯᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠡᠨᠡ ᠠᠶᠤᠯᠲᠠᠢ ᠶᠢᠷᠲᠢᠨᠴᠦ ᠳᠡᠭᠡᠷ᠎ᠡ ᠳᠤᠷᠠᠨ ᠳ᠋ᠤ᠌ ᠪᠠᠨ ᠠᠩᠭᠠᠯᠵᠠᠬᠤ ᠨᠢ ᠭᠡᠮ ᠲᠡᠢ》 ᠭᠡᠨ᠎ᠡ᠃ ᠢᠲᠡᠭᠡᠯᠲᠦ ᠪᠠᠭᠰᠢ᠄《ᠤᠬᠠᠭᠠᠨ ᠪᠣᠳᠣᠯ ᠤ᠋ᠨ ᠮᠡᠳᠡᠬᠦ ᠶᠠᠭᠤᠮᠠᠨ ᠦᠭᠡᠢ᠃ ᠮᠢᠬᠠᠨ ᠪᠡᠶ᠎ᠡ ᠶ᠋ᠢᠨ ᠴᠢᠳᠠᠬᠤ ᠶᠠᠭᠤᠮᠠᠨ ᠦᠭᠡᠢ》ᠭᠡᠮᠡᠨ ᠠᠢᠯᠠᠳᠤᠯ᠎ᠠ᠃
2025.07.07
ᠮᠣᠭᠠᠢ ᠵᠢᠯ ᠂ ᠮᠣᠷᠢ ᠰᠠᠷ᠎ᠠ ᠶ᠋ᠢᠨ 12 ᠊ᠤᠨ ᠤᠯᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《 ᠥᠪᠡᠷ ᠦ᠋ᠨ ᠢ᠋ᠶ᠋ᠡᠨ ᠭᠡᠭᠡᠨ ᠰᠠᠭᠤᠷᠢ ᠲᠠᠯᠪᠢᠭᠠᠳ ᠪᠡᠯᠡᠨ ᠪᠠᠢᠨ᠎ᠠ》᠃ ᠢᠲᠡᠭᠡᠯᠲᠦ ᠪᠠᠭᠰᠢ᠄《ᠡᠨᠳᠡ ᠭᠠᠭᠴᠠᠬᠠᠨ ᠭᠡᠭᠡᠨ ᠢᠲᠡᠭᠡᠯ ᠬᠡᠷᠡᠭᠲᠡᠢ》ᠭᠡᠮᠡᠨ ᠠᠢᠯᠠᠳᠤᠯ᠎ᠠ᠃
2025.07.08
ᠮᠣᠭᠠᠢ ᠵᠢᠯ ᠂ ᠮᠣᠷᠢ ᠰᠠᠷ᠎ᠠ ᠶ᠋ᠢᠨ 13 ᠤ᠋ ᠰᠢᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠣᠭᠣᠭᠠᠨ ᠬᠤᠪᠴᠠᠰᠤ ᠲᠠᠢ ᠲᠣᠯᠣᠭᠠᠢ ᠶ᠋ᠢᠨ ᠣᠷᠣᠢ ᠳ᠋ᠤ᠌ ᠤᠰᠢᠨᠢᠱᠠ( ᠴᠢᠮᠡᠭᠯᠡᠯ) ᠲᠡᠢ ᠡᠮᠡᠭᠲᠡᠢ ᠦᠵᠡᠭᠳᠡᠪᠡ᠃ ᠢᠲᠡᠭᠡᠯᠲᠦ ᠪᠠᠭᠰᠢ᠄ 《 ᠣᠯᠠᠨ ᠤ᠋ ᠦᠢᠯᠡ ᠲᠡᠳᠬᠦᠭᠴᠢ ᠥᠬᠢᠨ ᠲᠩᠷᠢ》 ᠭᠡᠮᠡᠨ ᠠᠢᠯᠠᠳᠤᠯ᠎ᠠ᠃
2025.07.09
ᠮᠣᠭᠠᠢ ᠵᠢᠯ ᠂ ᠮᠣᠷᠢ ᠰᠠᠷ᠎ᠠ ᠶ᠋ᠢᠨ 14 ᠦ᠌ ᠰᠢᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦᠢᠯᠡ ᠪᠦᠲᠦᠭᠡᠬᠦ ᠳ᠋ᠦ᠍ ᠶᠡᠬᠡ ᠪᠠᠶᠠᠷᠲᠠᠢ ᠪᠠᠢᠨ᠎ᠠ᠃ ᠢᠲᠡᠭᠡᠯᠲᠦ ᠪᠠᠭᠰᠢ᠄ 《ᠦᠢᠯᠡ ᠶ᠋ᠢᠨ ᠣᠷᠴᠢᠯᠠᠩᠠ᠋ᠴᠠ ᠠᠩᠭᠢᠷᠠᠬᠣ᠌( ᠰᠠᠯᠬᠤ)ᠬᠡᠷᠡᠭᠲᠡᠢ》ᠭᠡᠮᠡᠨ ᠠᠢᠯᠠᠳᠤᠯ᠎ᠠ᠃
2025.07.10
ᠮᠣᠭᠠᠢ ᠵᠢᠯ ᠂ ᠮᠣᠷᠢ ᠰᠠᠷ᠎ᠠ ᠶ᠋ᠢᠨ 15 ᠤ᠋ ᠴᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠨᠣᠮ ᠤ᠋ᠨ ᠲᠡᠳᠬᠦᠭᠴᠢ ᠰᠠᠬᠢᠭᠤᠰᠤᠨ ᠨᠤᠭᠤᠳ ᠢ᠋ ᠮᠠᠭᠲᠠᠵᠤ ᠪᠠᠢᠯ᠎ᠠ᠃ᠢᠲᠡᠭᠡᠯᠲᠦ ᠪᠠᠭᠰᠢ ᠄《ᠡᠨᠡ ᠲᠠᠬᠢᠯ ᠤ᠋ᠨ ᠣᠷᠣᠨ ᠳ᠋ᠤ᠌ ᠢᠷᠦᠭᠡᠯ ᠦ᠋ᠨ ᠬᠦᠴᠦ ᠶᠡᠬᠡ》ᠭᠡᠮᠡᠨ ᠠᠢᠯᠠᠳᠤᠯ᠎ᠠ᠃
2025.07.11
ᠮᠣᠭᠠᠢ ᠵᠢᠯ ᠂ᠮᠣᠷᠢ ᠰᠠᠷ᠎ᠠ ᠶ᠋ᠢᠨ 16 ᠤ᠋ ᠴᠠᠭᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠄ 《ᠣᠶᠤᠨ ᠪᠢᠯᠢᠭ ᠤᠬᠠᠭᠠᠨ ᠰᠢᠨᠵᠢᠯᠡᠭᠡ ᠶ᠋ᠢᠨ ᠬᠡᠮᠵᠢᠶᠡᠨ ᠳ᠋ᠦ᠍》ᠭᠡᠨ᠎ᠡ᠃ᠢᠲᠡᠭᠡᠯᠲᠦ ᠪᠠᠭᠰᠢ᠄ 《 ᠡᠩᠬᠦᠷᠡᠢᠯᠲᠦ ᠵᠢᠷᠦᠬᠡᠨ ᠦ᠌ ᠤᠭ ᠠ᠋ᠴᠠ ᠢᠳᠡᠭᠡ》ᠭᠡᠮᠡᠨ ᠠᠢᠯᠠᠳᠤᠯ᠎ᠠ᠃
2025.07.12
ᠮᠣᠭᠠᠢ ᠵᠢᠯ ᠂ᠮᠣᠷᠢ ᠰᠠᠷ᠎ᠠ ᠶ᠋ᠢᠨ 17 ᠤ᠋ ᠬᠠᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠢᠲᠡᠭᠡᠯᠲᠦ ᠪᠠᠭᠰᠢ ᠶ᠋ᠢᠨ ᠲᠠᠷᠨᠢ ᠲᠣᠭᠠᠯᠠᠨ᠎ᠠ᠃ᠢᠲᠡᠭᠡᠯᠲᠦ ᠪᠠᠭᠰᠢ᠄《ᠦᠨᠳᠦᠰᠦᠨ ᠪᠠᠭᠰᠢ ᠶ᠋ᠢᠨ ᠠᠷᠭ᠎ᠠ ᠬᠠᠮᠤᠭ ᠳᠡᠭᠡᠳᠦ ᠰᠢᠳᠢ ᠬᠠᠢᠷᠠᠯᠠᠬᠤ》ᠭᠡᠮᠡᠨ ᠠᠢᠯᠠᠳᠤᠯ᠎ᠠ᠃
2025.07.13
ᠮᠣᠭᠠᠢ ᠵᠢᠯ ᠂ ᠮᠣᠷᠢ ᠰᠠᠷ᠎ᠠ ᠶ᠋ᠢᠨ 18 ᠤ᠋ ᠬᠠᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠂ ᠬᠡᠳᠦᠨ ᠬᠥᠮᠦᠰ ᠮᠤᠩᠬᠠᠭ ᠠ᠋ᠴᠠ ᠠᠷᠢᠯᠭᠠᠬᠤ ᠭᠡᠨ᠎ᠡ᠃ ᠢᠲᠡᠭᠡᠯᠲᠦ ᠪᠠᠭᠰᠢ᠄ 《ᠰᠠᠢᠨ ᠵᠠᠮ ᠳ᠋ᠤ᠌ ᠭᠠᠷᠭᠠᠭᠠᠳ ᠳᠡᠯᠪᠢ》ᠭᠡᠮᠡᠨ ᠠᠢᠯᠠᠳᠤᠯ᠎ᠠ᠃
2025.07.14
ᠮᠣᠭᠠᠢ ᠵᠢᠯ ᠂ᠮᠣᠷᠢ ᠰᠠᠷ᠎ᠠ ᠶ᠋ᠢᠨ 19 ᠦ᠌ ᠬᠥᠬᠡ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠣᠮ ᠤ᠋ᠨ ᠰᠠᠩ ᠳ᠋ᠤ᠌ ᠶᠡᠬᠡ ᠨᠣᠮ ᠤ᠋ᠳ ᠢ᠋ ᠠᠪᠴᠢᠷᠠᠭ᠎ᠠ᠃ ᠢᠲᠡᠭᠡᠯᠲᠦ ᠪᠠᠭᠰᠢ᠄《 ᠨᠣᠮ ᠤ᠋ᠨ ᠬᠦᠰᠡᠯ ᠪᠠᠢᠪᠠᠯ᠂ᠳᠡᠯᠭᠡᠷᠡᠵᠦ ᠲᠣᠳᠣᠷᠠᠬᠤ》ᠭᠡᠮᠡᠨ ᠠᠢᠯᠠᠳᠤᠯ᠎ᠠ᠃
2025.07.15
ᠮᠣᠭᠠᠢ ᠵᠢᠯ ᠂ ᠮᠣᠷᠢ ᠰᠠᠷ᠎ᠠ ᠶ᠋ᠢᠨ 20 ᠤ᠋ ᠬᠥᠬᠡᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠢᠯᠴᠢ ᠠᠳᠢᠰ ᠲᠠᠢ ᠪᠠᠭᠤᠴᠠ ᠦᠵᠡᠭᠳᠡᠨ᠎ᠡ᠃ ᠢᠲᠡᠭᠡᠯᠲᠦ ᠪᠠᠭᠰᠢ᠄ 《ᠰᠡᠳᠬᠢᠵᠦ ᠶᠠᠪᠤᠭᠰᠠᠨ ᠬᠥᠮᠦᠨ ᠦ᠌ ᠵᠣᠷᠢᠭ》ᠭᠡᠮᠡᠨ ᠠᠢᠯᠠᠳᠤᠯ᠎ᠠ᠃
2025.07.16
ᠮᠣᠭᠠᠢ ᠵᠢᠯ ᠂ ᠮᠣᠷᠢ ᠰᠠᠷ᠎ᠠ ᠶ᠋ᠢᠨ 21 ᠦ᠌ ᠤᠯᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠡᠬᠡᠨᠡᠷ ᠦ᠋ᠨ ᠲᠣᠯᠣᠭᠠᠢ ᠶ᠋ᠢᠨ ᠣᠷᠣᠢ ᠳ᠋ᠤ᠌ ᠷᠠᠰᠢᠶᠠᠨ ᠳᠤᠰᠤᠵᠤ ᠪᠠᠢᠨ᠎ᠠ᠃ ᠢᠲᠡᠭᠡᠯᠲᠦ ᠪᠠᠭᠰᠢ᠄《ᠡᠩᠬᠡ ᠮᠡᠨᠳᠦ ᠶ᠋ᠢᠨ ᠬᠤᠷ᠎ᠠ ᠶ᠋ᠢᠨ ᠷᠠᠰᠢᠶᠠᠨ ᠰᠡᠳᠬᠢᠯ ᠰᠡᠷᠭᠦᠭᠡᠨ᠎ᠡ》ᠭᠡᠮᠡᠨ ᠠᠢᠯᠠᠳᠤᠯ᠎ᠠ᠃
2025.07.17
ᠮᠣᠭᠠᠢ ᠵᠢᠯ ᠂ ᠮᠣᠷᠢ ᠰᠠᠷ᠎ᠠ ᠶ᠋ᠢᠨ 22 ᠊ᠤᠨ ᠤᠯᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠠᠰᠤᠨ ᠤ᠋ ᠬᠡᠷᠡᠭ ᠪᠦᠲᠦᠭᠡᠵᠦ ᠶᠠᠪᠤᠭᠰᠠᠨ ᠬᠥᠮᠦᠨ ᠳ᠋ᠦ᠍ ᠢᠲᠡᠭᠡᠯᠲᠦ ᠪᠠᠭᠰᠢ᠄《 ᠬᠠᠯᠳᠠᠪᠤᠷᠢ ᠨᠢᠰᠸᠠᠨᠢᠰ ᠤ᠋ᠨ ᠭᠣᠣᠯ ᠢ᠋ ᠨᠢ ᠳᠠᠰᠤᠯ》ᠭᠡᠮᠡᠨ ᠠᠢᠯᠠᠳᠤᠯ᠎ᠠ᠃
2025.07.18
ᠮᠣᠭᠠᠢ ᠵᠢᠯ ᠂ ᠮᠣᠷᠢ ᠰᠠᠷ᠎ᠠ ᠶ᠋ᠢᠨ 23 ᠤ᠋ ᠰᠢᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《 ᠠᠮᠢᠳᠤ ᠶᠠᠪᠤᠬᠤ ᠶ᠋ᠢᠨ ᠭᠠᠪᠢᠶ᠎ᠠ》ᠭᠡᠨ᠎ᠡ᠃ ᠢᠲᠡᠭᠡᠯᠲᠦ ᠪᠠᠭᠰᠢ᠄ 《 ᠬᠥᠮᠦᠨ ᠦ᠌ ᠬᠣᠭᠣᠷᠣᠨᠳᠣ ᠶᠠᠰᠤ ᠬᠠᠶᠠᠨ ᠦᠭᠡᠢ ᠬᠠᠮᠤᠭ ᠶᠠᠭᠤᠮ᠎ᠠ ᠡᠪᠯᠡᠷᠡᠭᠦᠯᠬᠦ ᠳ᠋ᠦ᠍ ᠬᠣᠭᠣᠰᠣᠨ ᠴᠢᠨᠠᠷ ᠪᠠᠷᠢᠭᠰᠠᠨ ᠲᠠᠢ ᠠᠳᠠᠯᠢ》ᠭᠡᠮᠡᠨ ᠠᠢᠯᠠᠳᠤᠯ᠎ᠠ᠃
2025.07.19
ᠮᠣᠭᠠᠢ ᠵᠢᠯ᠂ ᠮᠣᠷᠢ ᠰᠠᠷ᠎ᠠ ᠶ᠋ᠢᠨ 24 ᠦ᠌ ᠰᠢᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ ᠨᠥᠭᠦᠭᠡ ᠯᠠᠮᠠ ᠳ᠋ᠤ᠌ ᠮᠠᠭᠤ ᠰᠠᠨᠠᠭᠠᠳ᠄ 《ᠡᠨᠡ ᠶᠠᠮᠠᠷ ᠬᠥᠮᠦᠨ ᠭᠡᠭᠴᠢ ᠲᠠ》 ᠭᠡᠳ ᠨᠤᠲᠤᠭ ᠤ᠋ᠨ ᠠᠶᠠᠯᠭᠤ ᠪᠠᠷ ᠳᠤᠤᠭᠠᠷᠤᠨ᠎ᠠ᠃ ᠢᠲᠡᠭᠡᠯᠲᠦ ᠪᠠᠭᠰᠢ᠄ 《 ᠭᠡᠭᠡᠷᠡᠬᠦ ᠦᠭᠡᠢ ᠴᠠᠭ ᠲᠤ᠌ ᠬᠥᠮᠦᠨ ᠦ᠌ ᠳᠣᠲᠣᠷ᠎ᠠ ᠶᠠᠭᠤ ᠪᠠᠢᠭᠰᠠᠨ ᠢ᠋ ᠨᠢ ᠮᠡᠳᠡᠬᠦ ᠠᠷᠭ᠎ᠠ ᠦᠭᠡᠢ》ᠭᠡᠮᠡᠨ ᠠᠢᠯᠠᠳᠤᠯ᠎ᠠ᠃
2025.07.20
ᠮᠣᠭᠠᠢ ᠵᠢᠯ ᠂ ᠮᠣᠷᠢ ᠰᠠᠷ᠎ᠠ ᠶ᠋ᠢᠨ 25 ᠤ᠋ ᠴᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠡᠴᠡᠷᠬᠡᠬᠦ ᠳᠤᠷᠠᠲᠠᠢ ᠬᠥᠮᠦᠨ ᠳ᠋ᠦ᠍ ᠢᠲᠡᠭᠡᠯᠲᠦ ᠪᠠᠭᠰᠢ᠄ 《ᠥᠪᠡᠷ ᠢ᠋ᠶ᠋ᠡᠨ ᠭᠡᠭᠡᠷᠡᠬᠦ ᠦᠭᠡᠢ ᠪᠠᠢᠭᠠᠳ ᠪᠤᠰᠤᠳ ᠢ᠋ ᠠᠪᠤᠷᠠᠬᠤ ᠨᠢ ᠬᠤᠳᠠᠯ》ᠭᠡᠮᠡᠨ ᠠᠢᠯᠠᠳᠤᠯ᠎ᠠ᠃
2025.07.21
ᠮᠣᠭᠠᠢ ᠵᠢᠯ ᠂ ᠮᠣᠷᠢ ᠰᠠᠷ᠎ᠠ ᠶ᠋ᠢᠨ 26 ᠤ᠋ ᠴᠠᠭᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠶᠢᠷᠲᠢᠨᠴᠦ ᠪᠣᠯ ᠠᠶᠤᠯ ᠵᠣᠪᠠᠯᠠᠩ ᠲᠠᠢ ᠲᠦᠢᠮᠡᠷ》ᠭᠡᠨ᠎ᠡ᠃ ᠢᠲᠡᠭᠡᠯᠲᠦ ᠪᠠᠭᠰᠢ᠄ 《 ᠰᠦᠵᠢᠭ ᠦ᠋ᠨ ᠬᠦᠴᠦ ᠪᠡᠷ ᠠᠮᠤᠭᠤᠯᠠᠩ ᠦᠵᠡᠭᠳᠡᠬᠦ》ᠭᠡᠮᠡᠨ ᠠᠢᠯᠠᠳᠤᠯ᠎ᠠ᠃
2025.07.22
ᠮᠣᠭᠠᠢ ᠵᠢᠯ ᠂ ᠮᠣᠷᠢ ᠰᠠᠷ᠎ᠠ ᠶ᠋ᠢᠨ 27 ᠤ᠋ ᠬᠠᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠬᠠᠮᠤᠭ ᠠᠮᠢᠲᠠᠨ ᠳ᠋ᠤ᠌ ᠲᠤᠰᠠᠯᠠᠬᠤ ᠭᠡᠳ ᠡᠨᠡᠷᠢᠬᠦᠢ ᠰᠡᠳᠬᠢᠯ ᠦ᠋ᠨ ᠬᠥᠳᠡᠯᠭᠡᠭᠡᠨ ᠲᠡᠢ ᠪᠠᠢᠨ᠎ᠠ᠃ 335 ᠣᠨ ᠭᠡᠳ᠂ ᠦᠵᠡᠭᠳᠡᠭᠡ᠃ᠢᠲᠡᠭᠡᠯᠲᠦ ᠪᠠᠭᠰᠢ᠄ 《ᠪᠤᠶᠠᠨ ᠬᠡᠰᠢᠭ ᠬᠤᠷ᠎ᠠ ᠮᠡᠲᠦ ᠪᠠᠭᠤᠬᠤ》ᠭᠡᠮᠡᠨ ᠠᠢᠯᠠᠳᠤᠯ᠎ᠠ᠃
2025.07.23
ᠮᠣᠭᠠᠢ ᠵᠢᠯ ᠂ ᠮᠣᠷᠢ ᠰᠠᠷ᠎ᠠ ᠶ᠋ᠢᠨ 29 ᠦ᠌ ᠬᠠᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠭᠤᠷᠪᠠᠨ ᠶᠠᠩᠵᠤ ᠶ᠋ᠢᠨ ᠡᠮ ᠦ᠋ᠨ ᠤᠷᠭᠤᠮᠠᠯ ᠦᠵᠡᠭᠳᠡᠨ᠎ᠡ᠃ ᠢᠲᠡᠭᠡᠯᠲᠦ ᠪᠠᠭᠰᠢ᠄ 《ᠮᠤᠩᠬᠠᠭ ᠤᠬᠠᠭᠠᠨ ᠤ᠋ ᠪᠠ ᠡᠷᠡᠭᠦᠯ ᠤᠬᠠᠭᠠᠨ ᠤ᠋ ᠨᠣᠮ ᠢ᠋ ᠦᠵᠡᠭᠦᠯᠦᠭᠡᠳ ᠭᠤᠷᠪᠠᠳᠠᠬᠢ ᠨᠢ ᠴᠢᠨᠦ》ᠭᠡᠮᠡᠨ ᠠᠢᠯᠠᠳᠤᠯ᠎ᠠ᠃
2025.07.24
ᠮᠣᠭᠠᠢ ᠵᠢᠯ ᠂ ᠮᠣᠷᠢ ᠰᠠᠷ᠎ᠠ ᠶ᠋ᠢᠨ 30 ᠤ᠋ ᠬᠥᠬᠡ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠶᠡᠬᠡ ᠮᠥᠷᠡᠨ ᠦ᠌ ᠡᠬᠢᠨ ᠪᠤᠯᠠᠭ ᠲᠤ᠌ ᠨᠢ ᠰᠢᠲᠦᠭᠡᠨ ᠲᠠᠯᠪᠢᠭ᠎ᠠ ᠲᠠᠢ ᠪᠠᠢᠨ᠎ᠠ᠃ ᠢᠲᠡᠭᠡᠯᠲᠦ ᠪᠠᠭᠰᠢ᠄《ᠳᠡᠭᠡᠳᠦ ᠪᠠᠭᠰᠢ ᠶ᠋ᠢᠨ ᠠᠳᠢᠰ ᠰᠢᠩᠭᠡᠭᠡᠭᠰᠡᠨ ᠶᠦᠮ》ᠭᠡᠮᠡᠨ ᠠᠢᠯᠠᠳᠤᠯ᠎ᠠ᠃
2025.07.25
ᠮᠣᠭᠠᠢ ᠵᠢᠯ ᠂ ᠬᠣᠨᠢ ᠰᠠᠷ᠎ᠠ ᠶ᠋ᠢᠨ 1 ᠦ᠌ ᠬᠥᠬᠡᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠶᠡᠬᠡ ᠪᠡᠷ ᠰᠠᠨᠠᠭ᠎ᠠ ᠵᠣᠪᠠᠨ ᠠᠪᠤᠷᠠᠯ ᠭᠤᠶᠤᠨ᠎ᠠ᠃ ᠢᠲᠡᠭᠡᠯᠲᠦ ᠪᠠᠭᠰᠢ᠄ 《ᠥᠩᠭᠡᠲᠦ ᠶᠢᠷᠲᠢᠨᠴᠦ ᠡᠴᠡ ᠶᠠᠭᠤ ᠴᠤ᠌ ᠭᠤᠶᠤᠨ ᠦᠭᠡᠢ ᠥᠪᠡᠷ ᠦ᠋ᠨ ᠡᠷᠬᠡ ᠪᠡᠷ ᠠᠮᠢᠳᠤᠷᠠ》ᠭᠡᠮᠡᠨ ᠠᠢᠯᠠᠳᠤᠯ᠎ᠠ᠃
2025.07.26
ᠮᠣᠭᠠᠢ ᠵᠢᠯ ᠂ ᠬᠣᠨᠢ ᠰᠠᠷ᠎ᠠ ᠶ᠋ᠢᠨ 2 ᠊ᠤᠨ ᠤᠯᠠᠭᠠᠨ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠳᠡᠭᠡᠳᠦ ᠪᠠᠭᠰᠢ ᠠ᠋ᠴᠠ ᠠᠳᠢᠰ ᠬᠦᠷᠲᠡᠭᠰᠡᠨ᠃ ᠢᠲᠡᠭᠡᠯᠲᠦ ᠪᠠᠭᠰᠢ᠄ 《ᠰᠡᠳᠬᠢᠯ ᠢ᠋ᠶ᠋ᠡᠷ ᠳᠦᠭᠦᠷᠡᠩ ᠠᠮᠤᠷ ᠪᠠᠶᠠᠰᠬᠤᠯᠠᠩ》ᠭᠡᠮᠡᠨ ᠠᠢᠯᠠᠳᠤᠯ᠎ᠠ᠃
2025.07.27
ᠮᠣᠭᠠᠢ ᠵᠢᠯ ᠂ ᠬᠣᠨᠢ ᠰᠠᠷ᠎ᠠ ᠶ᠋ᠢᠨ 3 ᠤ᠋ ᠤᠯᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠴᠢ ᠪᠢ ᠭᠡᠰᠡᠨ ᠢ᠋ᠶ᠋ᠡᠷ ᠨᠠᠰᠤ ᠥᠩᠭᠡᠷᠡᠵᠦ ᠪᠠᠢᠨ᠎ᠠ》ᠭᠡᠨ᠎ᠡ᠃ ᠢᠲᠡᠭᠡᠯᠲᠦ ᠪᠠᠭᠰᠢ᠄ 《ᠠᠷᠭ᠎ᠠ ᠪᠢᠯᠢᠭ ᠬᠣᠶᠠᠷ ᠢ᠋ ᠰᠢᠲᠦᠨ ᠪᠠᠷᠢᠯᠳᠤᠯᠭ᠎ᠠ ᠲᠠᠢ ᠪᠡᠷᠢ》 ᠭᠡᠮᠡᠨ ᠠᠢᠯᠠᠳᠤᠯ᠎ᠠ᠃
2025.07.28
ᠮᠣᠭᠠᠢ ᠵᠢᠯ ᠂ ᠬᠣᠨᠢ ᠰᠠᠷ᠎ᠠ ᠶ᠋ᠢᠨ 4 ᠦ᠌ ᠰᠢᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《 ᠮᠠᠢᠳᠠᠷᠢ ᠪᠤᠷᠬᠠᠨ ᠤ᠋ ᠭᠣᠷᠣᠭ᠎ᠠ ᠭᠦᠢᠴᠡᠳᠬᠡᠮ》 ᠭᠡᠨ᠎ᠡ᠃ ᠢᠲᠡᠭᠡᠯᠲᠦ ᠪᠠᠭᠰᠢ᠄ 《ᠡᠷᠡᠭᠦᠯ ᠡᠩᠬᠡ ᠰᠡᠳᠬᠢᠯ ᠢ᠋ᠶ᠋ᠡᠷ ᠪᠦᠲᠦᠭᠡᠭᠲᠢ[бүтээгты]》ᠭᠡᠮᠡᠨ ᠠᠢᠯᠠᠳᠤᠯ᠎ᠠ᠃
2025.07.29
ᠮᠣᠭᠠᠢ ᠵᠢᠯ ᠂ ᠬᠣᠨᠢ ᠰᠠᠷ᠎ᠠ ᠶ᠋ᠢᠨ 5 ᠤ᠋ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠳᠤᠮ ᠢ᠋ᠶ᠋ᠠᠷ ᠢ᠋ᠶ᠋ᠠᠨ ᠬᠠᠲᠠᠭᠤ ᠰᠠᠬᠢᠭᠤᠰᠤᠨ ᠲᠠᠢ ᠨᠤᠲᠤᠭ ᠪᠠᠢᠨ᠎ᠠ᠃ ᠢᠲᠡᠭᠡᠯᠲᠦ ᠪᠠᠭᠰᠢ᠄ 《ᠰᠠᠬᠢᠭᠤᠰᠤᠨ ᠰᠡᠷᠭᠦᠵᠦ ᠬᠥᠭᠵᠢᠬᠦ ᠳᠦᠷᠢ ᠪᠠᠢᠳᠠᠯ ᠲᠠᠢ》ᠭᠡᠮᠡᠨ ᠠᠢᠯᠠᠳᠤᠯ᠎ᠠ᠃
2025.07.30
ᠮᠣᠭᠠᠢ ᠵᠢᠯ ᠂ ᠬᠣᠨᠢ ᠰᠠᠷ᠎ᠠ ᠶ᠋ᠢᠨ 6 ᠤ᠋ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠣᠳᠣ ᠨᠣᠮ ᠦᠵᠡᠬᠦ ᠴᠠᠭ ᠢᠷᠡᠭᠡ》 ᠭᠡᠨ᠎ᠡ᠃ ᠢᠲᠡᠭᠡᠯᠲᠦ ᠪᠠᠭᠰᠢ᠄ 《ᠲᠠᠷᠨᠢ ᠦᠵᠡᠬᠦ ᠭᠡᠪᠡᠯ ᠰᠡᠳᠬᠢᠯ ᠦ᠋ᠨ ᠵᠢᠷᠭᠠᠯ ᠬᠡᠷᠡᠭᠲᠡᠢ》ᠭᠡᠮᠡᠨ ᠠᠢᠯᠠᠳᠤᠯ᠎ᠠ᠃
2025.07.31
ᠮᠣᠭᠠᠢ ᠵᠢᠯ ᠂ ᠬᠣᠨᠢ ᠰᠠᠷ᠎ᠠ ᠶ᠋ᠢᠨ 7 ᠤ᠋ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠥᠪᠡᠷ ᠢ᠋ᠶ᠋ᠡᠨ ᠥᠪᠡᠷ ᠲᠡᠢ ᠪᠡᠨ ᠣᠳᠣ ᠡᠨᠳᠡ ᠣᠷᠣᠰᠢᠬᠤ》᠃ ᠢᠲᠡᠭᠡᠯᠲᠦ ᠪᠠᠭᠰᠢ᠄《ᠰᠤᠳᠤᠷ ᠤ᠋ᠨ ᠬᠦᠴᠦ ᠴᠢᠳᠠᠯ ᠰᠡᠳᠬᠢᠯ ᠳ᠋ᠦ᠍ ᠰᠢᠩᠭᠡᠬᠦ ᠳ᠋ᠦ᠍ ᠪᠦᠭᠦᠳᠡ ᠨᠢᠰᠸᠠᠨᠢᠰ ᠠᠷᠢᠯᠤᠨ᠎ᠠ》ᠭᠡᠮᠡᠨ ᠠᠢᠯᠠᠳᠤᠯ᠎ᠠ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》
ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ
