ᠠᠵᠢᠯ ᠦᠢᠯᠡᠰ ᠦ᠋ᠨ ᠠᠯᠲᠠᠨ ᠭᠠᠷᠤᠭ᠎ᠠ-ᠬᠣᠨᠢᠴᠢᠨ ᠦᠯᠵᠡᠢᠰᠦ᠋ᠷᠥᠩАжил үйлсийн алтан гараа
ᠳ᠋ᠣᠺᠲ᠋ᠣᠷ ᠬᠣᠨᠢᠴᠢᠨ ᠦᠯᠵᠡᠢᠰᠦ᠋ᠷᠥᠩ
«ᠠᠵᠢᠯ ᠦᠢᠯᠡᠰ ᠡᠷᠬᠢᠯᠡᠵᠦ ᠬᠢᠨ᠎ᠡ» ᠭᠡᠬᠦ ᠪᠡᠷ ᠬᠥᠮᠦᠰ ᠲᠠᠩᠳᠠ ᠲᠣᠮᠣ ᠲᠣᠮᠣ ᠵᠦᠢᠯ ᠢ᠋ ᠪᠣᠳᠣᠳᠠᠭ᠃ ᠮᠠᠯ ᠠᠵᠤ ᠠᠬᠤᠢ ᠭᠡᠬᠦ ᠨᠢᠭᠡ ᠲᠣᠮᠣ ᠰᠠᠯᠪᠤᠷᠢ ᠠᠵᠤ ᠠᠬᠤᠢ ᠶ᠋ᠢ ᠨᠢᠷᠤᠭᠤᠨ ᠳ᠋ᠠᠭᠠᠨ ᠡᠭᠦᠷᠴᠦ ᠶᠠᠪᠤᠭ᠎ᠠ ᠮᠠᠯᠴᠢᠳ ᠤ᠋ᠨ ᠠᠮᠢᠳᠤᠷᠠᠯ ᠪᠣᠯ ᠲᠡᠷᠡ ᠴᠢᠭ ᠢ᠋ᠶ᠋ᠡᠷ ᠢ᠋ᠶ᠋ᠡᠨ ᠨᠢᠭᠡ ᠲᠣᠮᠣ ᠠᠵᠢᠯ ᠦᠢᠯᠡᠰ ᠪᠢᠯᠡ᠃ ᠪᠢᠳᠡ ᠠᠵᠢᠯ ᠦᠢᠯᠡᠰ ᠡᠷᠬᠢᠯᠡᠵᠦ᠂ ᠲᠡᠭᠦᠨ ᠦ᠌ ᠪᠡᠨ ᠲᠥᠯᠥᠭᠡ ᠬᠦᠴᠦ ᠬᠥᠳᠡᠯᠮᠦᠷᠢ ᠪᠡᠨ ᠵᠣᠷᠢᠭᠤᠯᠬᠤ ᠳ᠋ᠠᠭᠠᠨ ᠵᠦᠭᠡᠷ ᠨᠢᠭᠡ ᠬᠢᠬᠦ ᠶ᠋ᠢᠨ ᠲᠥᠯᠥᠭᠡ ᠬᠢᠵᠦ ᠪᠠᠢᠭ᠎ᠠ ᠪᠢᠰᠢ᠂ ᠬᠠᠷᠢᠨ ᠡᠷᠬᠢᠯᠡᠵᠦ ᠬᠢᠵᠦ ᠪᠠᠢᠭ᠎ᠠ ᠵᠦᠢᠯ ᠢ᠋ᠶ᠋ᠡᠨ ᠥᠩ ᠲᠡᠢ ᠥᠭᠡᠳᠡ ᠲᠡᠢ ᠠᠪᠴᠤ ᠶᠠᠪᠤᠨ᠂ ᠠᠵᠤ ᠠᠬᠤᠢ ᠶ᠋ᠢᠨ ᠦᠷ᠎ᠡ ᠠᠰᠢᠭ ᠣᠯᠵᠤ ᠂ ᠥᠪᠡᠷ ᠦ᠋ᠨ ᠠᠮᠢᠳᠤᠷᠠᠯ ᠦᠢᠯᠡᠰ ᠢ᠋ᠶ᠋ᠡᠨ ᠤᠯᠠᠮ ᠪᠦᠷ ᠳᠡᠭᠡᠭᠰᠢᠯᠡᠭᠦᠯᠬᠦ ᠨᠢ ᠬᠥᠮᠦᠨ ᠪᠣᠯᠭᠠᠨ ᠤ᠋ ᠪᠣᠳᠣᠵᠤ ᠵᠢᠳᠬᠦᠵᠦ ᠪᠠᠢᠭ᠎ᠠ ᠵᠦᠢᠯ᠃ ᠭᠡᠬᠦ ᠳ᠋ᠡᠭᠡᠨ ᠠᠮᠢᠳᠤᠷᠠᠯ ᠮᠥᠷᠥᠭᠡᠳᠦᠯ ᠢ᠋ᠶ᠋ᠡᠷ ᠪᠣᠯᠳᠠᠭ ᠦᠭᠡᠢ ᠬᠥᠮᠦᠨ ᠪᠣᠯᠭᠠᠨ ᠤ᠋ ᠬᠢᠵᠦ ᠡᠷᠬᠢᠯᠡᠵᠦ ᠪᠠᠢᠭ᠎ᠠ ᠵᠦᠢᠯ ᠨᠢ ᠠᠮᠵᠢᠯᠲᠠ ᠠᠯᠳᠠᠭ᠎ᠠ ᠠᠯᠢ ᠠᠯᠢᠨ ᠢ᠋ ᠨᠢ ᠳᠠᠭᠠᠭᠤᠯᠤᠭᠰᠠᠨ ᠪᠠᠢᠳᠠᠭ᠃ ᠬᠠᠷᠢᠨ ᠡᠨᠡ ᠪᠦᠬᠦᠨ ᠦ᠌ ᠤᠴᠢᠷ ᠢ᠋ ᠲᠠᠢᠯᠬᠤ ᠳ᠋ᠤ᠌ ᠥᠨᠥᠳᠥᠷ ᠦ᠋ᠨ ᠬᠢᠴᠢᠶᠡᠯ ᠲᠤᠰᠠ ᠪᠣᠯᠤᠨ᠎ᠠ᠃
«ᠠᠵᠢᠯ ᠬᠢᠪᠡᠯ ᠠᠮᠠ ᠲᠣᠰᠣᠲᠤᠨᠠ» ᠭᠡᠳᠡᠭ᠃ ᠬᠥᠮᠦᠨ ᠦ᠌ ᠬᠢᠭᠰᠡᠨ ᠪᠦᠲᠦᠭᠡᠭᠰᠡᠨ ᠦ᠌ ᠠᠷᠤ ᠳ᠋ᠤ᠌ ᠨᠥᠷᠢ ᠶᠡᠬᠡ ᠬᠦᠴᠦ ᠬᠥᠳᠡᠯᠮᠦᠷᠢ ᠰᠢᠩᠭᠡᠵᠦ ᠪᠠᠢᠭ᠎ᠠ ᠭᠡᠳᠡᠭ ᠲᠦ᠍ ᠬᠡᠨ ᠴᠤ᠌ ᠡᠷᠡᠭᠡᠯᠵᠡᠬᠦ ᠦᠭᠡᠢ᠃ ᠬᠠᠷᠢᠨ ᠪᠤᠰᠤᠳ ᠲᠠᠢ ᠠᠳᠠᠯᠢᠬᠠᠨ ᠪᠤᠶᠤ ᠪᠦᠷ ᠶᠡᠬᠡ ᠬᠦᠴᠦ ᠬᠥᠳᠡᠯᠮᠦᠷᠢ ᠣᠷᠣᠭᠤᠯᠤᠭᠰᠠᠨ ᠠᠲᠠᠯ᠎ᠠ ᠪᠤᠰᠤᠳ ᠲᠠᠢ ᠠᠳᠠᠯᠢᠬᠠᠨ ᠠᠮᠵᠢᠯᠲᠠ ᠳ᠋ᠤ᠌ ᠬᠦᠷᠴᠦ ᠴᠢᠳᠠᠳᠠᠭ ᠦᠭᠡᠢ ᠨᠢ ᠪᠢᠳᠡᠨ ᠦ᠌ ᠪᠣᠳᠠᠲᠠᠢ ᠬᠢᠬᠦ ᠠᠷᠭ᠎ᠠ ᠪᠠᠷᠢᠯ ᠲᠠᠢ ᠰᠠᠯᠤᠰᠢ ᠦᠭᠡᠢ ᠬᠣᠯᠪᠣᠭ᠎ᠠ ᠲᠠᠢ ᠵᠦᠢᠯ ᠪᠣᠯᠬᠤ ᠶ᠋ᠢ ᠬᠥᠮᠦᠰ ᠲᠡᠳᠦᠢ ᠯᠡ ᠣᠢᠯᠠᠭᠠᠳᠠᠭ ᠦᠭᠡᠢ᠃ ᠡᠨᠡ ᠬᠢᠴᠢᠶᠡᠯ ᠳ᠋ᠦ᠍ ᠠᠵᠢᠯ ᠦᠢᠯᠡᠰ ᠡᠷᠬᠢᠯᠡᠵᠦ᠂ ᠠᠵᠢᠯ ᠠᠮᠢᠳᠤᠷᠠᠯ ᠢ᠋ᠶ᠋ᠠᠨ ᠥᠭᠡᠳᠡ ᠲᠠᠲᠠᠬᠤ ᠳᠥᠷᠪᠡᠨ ᠵᠦᠢᠯ ᠦ᠋ᠨ ᠠᠷᠭ᠎ᠠ ᠪᠠᠷᠢᠯ ᠢ᠋ ᠲᠠᠨᠢᠯᠴᠠᠭᠤᠯᠬᠤ ᠪᠣᠯᠤᠨ᠎ᠠ᠃
ᠨᠢᠭᠡ ᠂ ᠬᠠᠷᠢᠴᠠᠭ᠎ᠠ
ᠪᠢᠳᠡᠨ ᠦ᠌ ᠡᠷᠭᠢᠨ ᠲᠣᠭᠣᠷᠢᠨ ᠳ᠋ᠤ᠌ ᠬᠥᠮᠦᠰ ᠬᠠᠷᠢᠴᠠᠭ᠎ᠠ ᠪᠠᠨ ᠲᠦᠰᠢᠭᠯᠡᠵᠦ᠂ ᠠᠵᠢᠯ ᠦᠢᠯᠡᠰ ᠡᠬᠢᠯᠡᠭᠦᠯᠵᠦ ᠪᠠᠢᠨ᠎ᠠ ᠦᠵᠡᠭᠳᠡᠯ ᠵᠥᠩᠳᠡᠭᠡᠨ᠃ ᠪᠢᠳᠡ ᠡᠭᠦᠨ ᠢ᠋ ᠪᠠᠰᠠ ᠵᠥᠪ ᠢ᠋ᠶ᠋ᠡᠷ ᠣᠢᠯᠠᠭᠠᠵᠤ ᠂ ᠵᠥᠪ ᠢ᠋ᠶ᠋ᠡᠷ ᠠᠰᠢᠭᠯᠠᠬᠤ ᠬᠡᠷᠡᠭᠲᠡᠢ᠃ ᠥᠪᠡᠷ ᠲᠦ᠍ ᠪᠠᠢᠭ᠎ᠠ ᠪᠣᠯᠤᠮᠵᠢ ᠪᠠᠨ ᠥᠪᠡᠷ ᠦ᠋ᠨ ᠠᠵᠢᠯ ᠦᠢᠯᠡᠰ ᠲᠡᠭᠡᠨ ᠵᠥᠪ ᠢ᠋ᠶ᠋ᠡᠷ ᠦᠢᠯᠡᠴᠢᠯᠡᠭᠦᠯᠬᠦ ᠨᠢ ᠡᠷᠬᠢᠯᠡᠵᠦ ᠬᠢᠵᠦ ᠪᠠᠢᠭ᠎ᠠ ᠵᠦᠢᠯ ᠢ᠋ᠶ᠋ᠡᠨ ᠲᠦᠷᠭᠡᠳᠬᠡᠬᠦ ᠨᠢᠭᠡᠨ ᠴᠢᠬᠤᠯᠠ ᠠᠷᠭ᠎ᠠ ᠵᠠᠮ ᠪᠣᠯᠤᠨ᠎ᠠ᠃
ᠬᠣᠶᠠᠷ ᠂ ᠲᠣᠮᠣ ᠪᠠᠷ ᠡᠬᠢᠯᠡᠭᠦᠯᠬᠦ
ᠣᠢᠷ᠎ᠠ ᠶ᠋ᠢᠨ ᠵᠢᠯ ᠦ᠋ᠳ ᠲᠦ᠍ ᠠᠵᠤ ᠠᠬᠤᠢᠯᠠᠯ ᠡᠷᠬᠢᠯᠡᠭᠴᠢᠳ ᠡᠴᠡ ᠡᠬᠢᠯᠡᠨ ᠣᠶᠤᠲᠠᠳ ᠮᠠᠯᠴᠢᠳ ᠭᠡᠰᠡᠨ ᠦᠭᠡᠢ ᠪᠦᠭᠦᠳᠡ ᠬᠠᠮᠲᠤᠷᠠᠬᠤ ᠪᠤᠶᠤ ᠪᠡᠯᠡ ᠲᠠᠲᠠᠬᠤ ᠬᠡᠯᠪᠡᠷᠢ ᠪᠠᠷ ᠠᠵᠢᠯ ᠦᠢᠯᠡᠰ ᠢ᠋ᠶ᠋ᠡᠨ ᠲᠣᠮᠣ ᠪᠠᠷ ᠡᠬᠢᠯᠡᠭᠦᠯᠵᠦ ᠪᠠᠢᠭ᠎ᠠ ᠦᠵᠡᠭᠳᠡᠯ ᠣᠯᠠᠰᠢᠷᠠᠭᠰᠠᠨ᠃ ᠡᠨᠡ ᠨᠢ ᠥᠪᠡᠷ ᠢ᠋ᠶ᠋ᠡᠨ ᠬᠥᠷᠥᠩᠭᠡ ᠮᠥᠩᠭᠥ ᠪᠠᠭ᠎ᠠ ᠴᠤ᠌ ᠠᠵᠢᠯ ᠤ᠋ᠨ ᠭᠠᠷᠤᠭ᠎ᠠ ᠪᠠᠨ ᠥᠨᠳᠥᠷ ᠡᠴᠡ ᠡᠬᠢᠯᠡᠭᠦᠯᠵᠦ ᠂ ᠪᠤᠰᠤᠳ ᠠ᠋ᠴᠠ ᠨᠢᠭᠡ ᠠᠯᠬᠤᠮ ᠲᠡᠷᠢᠭᠦᠯᠡᠵᠦ ᠴᠢᠳᠠᠳᠠᠭ᠃ ᠶᠠᠮᠠᠷ ᠴᠤ᠌ ᠵᠦᠢᠯ ᠥᠪᠡᠷ ᠲᠡᠭᠡᠨ ᠲᠣᠬᠢᠷᠠᠭᠰᠠᠨ ᠨᠥᠬᠥᠴᠡᠯ ᠲᠡᠢ ᠪᠠᠢᠳᠠᠭ ᠤ᠋ᠨ ᠠᠳᠠᠯᠢ᠂ ᠵᠢᠯ ᠦᠢᠯᠡᠰ ᠢ᠋ ᠲᠣᠮᠣ ᠪᠠᠷ ᠡᠬᠢᠯᠡᠭᠦᠯᠬᠦ ᠳ᠋ᠦ᠍ ᠴᠦ᠍ ᠥᠪᠡᠷ ᠦ᠋ᠨ ᠭᠡᠰᠡᠨ ᠥᠨᠳᠥᠷ ᠱᠠᠭᠠᠷᠳᠠᠯᠭ᠎ᠠ ᠲᠠᠢ ᠪᠠᠢᠳᠠᠭ ᠪᠢᠯᠡ᠃ ᠡᠨᠡ ᠨᠢ ᠵᠠᠪᠠᠯ ᠡᠵᠡᠩᠨᠡᠯᠲᠡ ᠶ᠋ᠢᠨ ᠠᠷᠭ᠎ᠠ ᠪᠠᠷᠢᠯ᠂ ᠰᠠᠩᠬᠦᠦ ᠡᠳ᠋ ᠦ᠋ᠨ ᠵᠠᠰᠠᠭ ᠤ᠋ᠨ ᠴᠢᠳᠠᠮᠵᠢ ᠲᠠᠢ ᠤᠳᠤᠷᠢᠳᠤᠭᠴᠢ ᠪᠤᠶᠤ ᠪᠠᠨ ᠪᠦᠷᠢᠯᠳᠦᠬᠦᠨ ᠲᠡᠢ ᠪᠠᠢᠵᠤ᠂ ᠥᠪᠡᠷ ᠢ᠋ ᠪᠡᠨ ᠴᠠᠭ ᠦᠶ᠎ᠡ ᠶ᠋ᠢᠨ ᠬᠥᠭᠵᠢᠯᠲᠡ ᠶ᠋ᠢ ᠳᠠᠭᠠᠵᠤ ᠬᠥᠭᠵᠢᠭᠦᠯᠵᠦ ᠴᠢᠳᠠᠭᠰᠠᠨ ᠪᠠᠢᠬᠤ ᠶ᠋ᠢ ᠱᠠᠭᠠᠷᠳᠠᠳᠠᠭ᠃ ᠢᠩᠭᠢᠵᠦ ᠪᠠᠢᠵᠤ ᠲᠣᠮᠣ ᠠᠵᠤ ᠠᠬᠤᠢᠯᠠᠯ ᠬᠥᠭᠵᠢᠵᠦ᠂ ᠵᠠᠬ᠎ᠠ ᠵᠡᠭᠡᠯᠢ ᠳ᠋ᠦ᠍ ᠣᠷᠣᠨ ᠪᠠᠢᠷᠢ ᠪᠠᠨ ᠡᠵᠡᠯᠡᠵᠦ ᠴᠢᠳᠠᠨ᠎ᠠ᠃
ᠭᠤᠷᠪᠠ ᠂ ᠰᠠᠭᠤᠷᠢ ᠲᠠᠯᠪᠢᠵᠤ ᠠᠭᠠᠵᠢᠮ ᠲᠣᠮᠣᠷᠠᠬᠤ
ᠲᠣᠮᠣ ᠪᠠᠷ ᠡᠬᠢᠯᠡᠭᠦᠯᠬᠦ ᠲᠡᠢ ᠠᠳᠠᠯᠢᠳᠬᠠᠪᠠᠯ ᠡᠨᠡᠬᠦ ᠬᠡᠯᠪᠡᠷᠢ ᠶ᠋ᠢᠨ ᠡᠬᠢᠯᠡᠯᠲᠡ ᠨᠢ ᠪᠠᠭ᠎ᠠ ᠬᠡᠯᠪᠡᠷᠢ ᠶ᠋ᠢᠨ ᠪᠠᠢᠵᠤ᠂ ᠶᠠᠪᠤᠴᠠ ᠳᠤᠮᠳᠠ ᠪᠠᠨ ᠲᠣᠮᠣᠷᠠᠵᠤ᠂ ᠤᠷᠲᠤ ᠬᠤᠭᠤᠴᠠᠭᠠᠨ ᠤ᠋ ᠬᠥᠭᠵᠢᠯᠲᠡ ᠶ᠋ᠢ ᠬᠦᠨᠳᠦᠳᠬᠡᠭᠰᠡᠨ ᠪᠠᠢᠳᠠᠭ᠃ ᠰᠠᠭᠤᠷᠢ ᠲᠠᠯᠪᠢᠵᠤ ᠠᠭᠠᠵᠢᠮ ᠲᠣᠮᠣᠷᠠᠬᠤ ᠪᠣᠯ ᠠᠵᠤ ᠦᠢᠯᠡᠰ ᠡᠷᠬᠢᠯᠡᠬᠦ ᠳ᠋ᠦ᠍ ᠨᠢᠭᠡᠨ ᠪᠠᠲᠤᠯᠠᠭ᠎ᠠ ᠲᠠᠢ ᠬᠡᠯᠪᠡᠷᠢ ᠪᠠᠢᠵᠤ᠂ ᠥᠷᠥᠭᠡᠰᠦᠯ ᠢ᠋ᠶ᠋ᠡᠷ ᠲᠣᠮᠣᠷᠠᠬᠤ ᠵᠢᠴᠢ ᠶᠡᠬᠡ ᠶ᠋ᠢ ᠬᠥᠭᠡᠭᠡᠴᠡᠯᠳᠦᠬᠦ ᠡᠴᠡ ᠵᠠᠢᠯᠠᠰᠬᠢᠵᠦ ᠴᠢᠳᠠᠬᠤ ᠪᠠᠷ ᠪᠠᠷᠠᠬᠤ ᠦᠭᠡᠢ᠂ ᠠᠯᠳᠠᠭᠳᠠᠯ ᠢ᠋ ᠬᠠᠮᠤᠭ ᠳᠣᠣᠷ᠎ᠠ ᠬᠡᠮᠵᠢᠶᠡᠨ ᠳ᠋ᠦ᠍ ᠬᠢᠵᠠᠭᠠᠷᠯᠠᠵᠤ ᠴᠢᠳᠠᠨ᠎ᠠ ᠃ ᠡᠢᠮᠦ ᠡᠴᠡ ᠮᠠᠯᠴᠢᠳ ᠬᠥᠷᠥᠩᠭᠡ ᠮᠥᠩᠭᠥ ᠪᠠᠭ᠎ᠠ᠂ ᠠᠵᠤ ᠠᠬᠤᠢ ᠶ᠋ᠢᠨ ᠮᠡᠳᠡᠯᠭᠡ ᠮᠡᠷᠭᠡᠵᠢᠯ ᠳᠣᠣᠷ᠎ᠠ ᠵᠡᠷᠭᠡ ᠨᠥᠬᠥᠴᠡᠯ ᠪᠠᠢᠳᠠᠯ ᠲᠠᠢ ᠪᠠᠨ ᠤᠶᠠᠯᠳᠤᠭᠤᠯᠤᠨ᠂ ᠠᠵᠢᠯ ᠦᠢᠯᠡᠰ ᠪᠣᠯᠤᠨ ᠥᠪᠡᠷ ᠢ᠋ ᠪᠡᠨ ᠵᠡᠷᠭᠡ ᠬᠥᠭᠵᠢᠭᠦᠯᠬᠦ ᠳ᠋ᠦ᠍ ᠡᠨᠡ ᠬᠡᠯᠪᠡᠷᠢ ᠬᠠᠮᠤᠭ ᠲᠣᠬᠢᠷᠠᠮᠵᠢᠲᠠᠢ᠃
ᠳᠥᠷᠪᠡ ᠂ ᠪᠤᠰᠤᠳ ᠲᠠᠢ ᠬᠠᠮᠲᠤᠷᠠᠬᠤ
ᠪᠤᠰᠤᠳ ᠲᠠᠢ ᠬᠠᠮᠲᠤᠷᠠᠬᠤ ᠪᠣᠯ ᠣᠳᠣ ᠦᠶ᠎ᠡ ᠳ᠋ᠦ᠍ ᠲᠦᠭᠡᠮᠡᠯ ᠬᠡᠷᠡᠭᠯᠡᠭᠳᠡᠵᠦ ᠪᠠᠢᠭ᠎ᠠ ᠠᠵᠤ ᠠᠬᠤᠢ ᠶ᠋ᠢᠨ ᠬᠡᠯᠪᠡᠷᠢ ᠪᠣᠯᠤᠨ᠎ᠠ᠃ ᠡᠨᠡ ᠪᠣᠯ ᠠᠰᠢᠭᠯᠠᠵᠤ ᠪᠣᠯᠬᠤ ᠬᠦᠴᠦᠨ ᠪᠦᠬᠦᠨ ᠢ᠋ ᠠᠰᠢᠭᠯᠠᠵᠤ᠂ ᠬᠠᠮᠲᠤ ᠪᠠᠷ ᠬᠥᠭᠵᠢᠬᠦ ᠶ᠋ᠢ ᠤᠷᠢᠳᠠᠯ ᠪᠣᠯᠭᠠᠭᠰᠠᠨ ᠢ᠋ᠶ᠋ᠠᠷ ᠢ᠋ᠶ᠋ᠠᠨ ᠴᠠᠭ ᠦᠶ᠎ᠡ ᠶ᠋ᠢᠨ ᠬᠥᠭᠵᠢᠯᠲᠡ ᠳ᠋ᠦ᠍ ᠵᠣᠬᠢᠴᠠᠠᠭᠰᠠᠨ ᠪᠠᠢᠳᠠᠭ᠃ ᠡᠢᠮᠦ ᠡᠴᠡ ᠬᠥᠷᠥᠩᠭᠡ ᠮᠥᠩᠭᠥ ᠴᠤᠭᠯᠠᠭᠤᠯᠬᠤ᠂ ᠥᠪᠡᠷ ᠲᠦ᠍ ᠪᠠᠢᠭ᠎ᠠ ᠨᠥᠬᠥᠴᠡᠯ ᠪᠣᠯᠤᠮᠵᠢ ᠪᠠᠨ ᠪᠦᠷᠢᠨ ᠠᠰᠢᠭᠯᠠᠬᠤ ᠵᠢᠴᠢ ᠡᠷᠦᠰᠳᠡᠯ ᠢ᠋ ᠰᠥᠷᠴᠦ᠂ ᠤᠳᠠᠭᠠᠨ ᠬᠤᠭᠤᠴᠠᠭᠠᠨ ᠳ᠋ᠤ᠌ ᠬᠥᠭᠵᠢᠯᠲᠡ ᠪᠡᠨ ᠪᠠᠲᠤᠯᠠᠬᠤ ᠳ᠋ᠤ᠌ ᠠᠰᠢᠭᠯᠠᠵᠤ ᠪᠣᠯᠬᠤ ᠪᠦᠲᠦᠮᠵᠢᠲᠡᠢ ᠬᠡᠯᠪᠡᠷᠢ ᠶ᠋ᠢᠨ ᠨᠢᠭᠡ ᠪᠣᠯᠤᠨ᠎ᠠ᠃
ᠠᠵᠢᠯ ᠦᠢᠯᠡᠰ ᠡᠷᠬᠢᠯᠡᠬᠦ ᠳ᠋ᠡᠭᠡᠨ ᠶᠠᠮᠠᠷ ᠬᠡᠯᠪᠡᠷᠢ ᠪᠡᠷ ᠶᠠᠭᠤ ᠬᠢᠭᠰᠡᠨ ᠴᠦ᠍ ᠥᠪᠡᠷ ᠦ᠋ᠨ ᠢ᠋ᠶ᠋ᠡᠨ ᠨᠥᠬᠥᠴᠡᠯ ᠪᠠᠢᠳᠠᠯ ᠠ᠋ᠴᠠ ᠡᠭᠦᠰᠦᠨ᠂ ᠳᠡᠭᠡᠷᠡᠬᠢ ᠳᠥᠷᠪᠡᠨ ᠵᠦᠢᠯ ᠦ᠋ᠨ ᠠᠷᠭ᠎ᠠ ᠪᠠᠷᠢᠯ ᠤ᠋ᠨ ᠠᠯᠢ ᠲᠣᠬᠢᠷᠠᠮᠵᠢᠲᠠᠢ ᠶ᠋ᠢ ᠨᠢ ᠰᠣᠩᠭᠣᠨ ᠬᠡᠷᠡᠭᠯᠡᠬᠦ ᠨᠢ ᠠᠮᠵᠢᠯᠲᠠ ᠣᠯᠬᠤ ᠶ᠋ᠢᠨ ᠪᠠᠰᠠ ᠨᠢᠭᠡᠨ ᠰᠠᠭᠤᠷᠢ ᠪᠣᠯᠤᠨ᠎ᠠ᠃ ᠭᠡᠬᠦ ᠳ᠋ᠡᠭᠡᠨ ᠮᠠᠯᠴᠢᠳ ᠤ᠋ᠨ ᠬᠤᠪᠢ ᠳ᠋ᠤ᠌ ᠰᠠᠭᠤᠷᠢ ᠲᠠᠯᠪᠢᠵᠤ ᠠᠭᠠᠵᠢᠮ ᠲᠣᠮᠣᠷᠠᠬᠤ ᠪᠣᠯᠤᠨ ᠪᠤᠰᠤᠳ ᠲᠠᠢ ᠬᠠᠮᠲᠤᠷᠠᠬᠤ ᠪᠣᠯ ᠢᠯᠡᠭᠦᠦ ᠦᠷ᠎ᠡ ᠥᠭᠭᠦᠭᠡᠴᠢ ᠲᠡᠢ ᠬᠡᠯᠪᠡᠷᠢ ᠪᠣᠯᠬᠤ ᠬᠢᠴᠢᠶᠡᠯ ᠦ᠋ᠨ ᠠᠭᠤᠯᠭ᠎ᠠ ᠡᠴᠡ ᠣᠢᠯᠭᠠᠭᠰᠠᠨ ᠭᠡᠳᠡᠭ ᠲᠦ᠍ ᠡᠷᠡᠭᠡᠯᠵᠡᠬᠦ ᠦᠭᠡᠢ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
