ᠮᠠᠯᠵᠢᠬᠤ ᠦᠢᠯᠡᠳᠪᠦᠷᠢᠯᠡᠯ ᠦ᠋ᠨ ᠲᠤᠯᠭ᠎ᠠ ᠶ᠋ᠢᠨ ᠭᠤᠷᠪᠠᠨ ᠴᠢᠯᠠᠭᠤ-ᠬᠣᠨᠢᠴᠢᠨ ᠦᠯᠵᠡᠢᠰᠦ᠋ᠷᠥᠩМалжих үйлдвэрлэлийн тулаагийн гураван чулуу
ᠳ᠋ᠣᠺᠲ᠋ᠣᠷ ᠬᠣᠨᠢᠴᠢᠨ ᠦᠯᠵᠡᠢᠰᠦ᠋ᠷᠥᠩ
ᠮᠠᠯ ᠤ᠋ᠨ ᠠᠰᠢᠭ ᠰᠢᠮ᠎ᠡ ᠪᠡᠷ ᠥᠪᠡᠷ ᠦ᠋ᠨ ᠠᠮᠢᠳᠤᠷᠠᠯ ᠤ᠋ᠨ ᠪᠦᠬᠦᠢᠯᠡ ᠵᠦᠢᠯ ᠢ᠋ ᠪᠦᠷᠢᠯᠳᠦᠭᠦᠯᠵᠦ ᠢᠷᠡᠭᠰᠡᠨ ᠮᠠᠯᠴᠢᠳ ᠮᠠᠨᠢ ᠮᠠᠯ ᠢ᠋ᠶ᠋ᠠᠨ ᠪᠠᠢᠩᠭᠤ ᠵᠠᠬ᠎ᠠ ᠳᠡᠯᠭᠡᠭᠦᠷ ᠲᠦ᠍ ᠭᠠᠷᠭᠠᠵᠤ ᠬᠤᠳᠠᠯᠳᠤᠳᠠᠭ᠃ ᠬᠤᠳᠠᠯᠳᠤᠬᠤ ᠳ᠋ᠠᠭᠠᠨ ︽ ᠡᠨᠡ ᠵᠢᠯ ᠮᠠᠯ ᠤ᠋ᠨ ᠦᠨ᠎ᠡ ᠪᠠᠭᠤᠷᠠᠭᠰᠠᠨ᠂ ᠥᠨᠥ ᠵᠢᠯ ᠦ᠋ᠨ ᠮᠠᠯ ᠨᠢᠳᠤᠨᠤᠨ ᠠ᠋ᠴᠠ ᠦᠨ᠎ᠡ ᠲᠡᠢ ︾ ᠭᠡᠬᠦ ᠵᠡᠷᠭᠡ ᠪᠡᠷ ᠶᠠᠷᠢᠳᠠᠭ ᠨᠢ ᠣᠯᠠᠨ ᠴᠤ᠌᠂ ᠥᠪᠡᠷ ᠦ᠋ᠨ ᠮᠠᠯ ᠢ᠋ᠶ᠋ᠠᠨ ᠶᠠᠭ ᠬᠡᠳᠦᠢ ᠪᠡᠷ ᠬᠤᠳᠠᠯᠳᠤᠪᠠᠯ ᠵᠣᠬᠢᠰᠲᠠᠢ ᠡᠰᠡᠬᠦ᠂ ᠲᠡᠷᠡ ᠨᠢ ᠬᠢᠷᠢ ᠠᠰᠢᠭ ᠲᠠᠢ ᠡᠰᠡᠬᠦ᠂ ᠶᠠᠭᠠᠬᠢᠭᠠᠳ ᠡᠳᠦᠢ ᠦᠨ᠎ᠡ ᠪᠡᠷ ᠬᠤᠳᠠᠯᠳᠤᠪᠠᠯ ᠵᠣᠬᠢᠰᠲᠠᠢ ᠪᠠᠢᠳᠠᠭ ᠲᠠᠯ᠎ᠠ ᠪᠠᠷ ᠣᠢᠯᠠᠭᠠᠯᠲᠠ ᠦᠭᠡᠢ ᠪᠤᠶᠤ ᠳᠤᠲᠠᠮᠠᠭ ᠪᠠᠢᠳᠠᠭ ᠨᠢ ᠦᠨᠡᠨ᠃ ᠪᠤᠰᠤᠳ ᠠᠵᠢᠯ ᠲᠥᠷᠥᠯ ᠬᠢᠵᠦ ᠪᠠᠢᠭ᠎ᠠ ᠨᠢ ᠴᠦ᠍ ᠠᠳᠠᠯᠢᠬᠠᠨ᠂ ᠥᠪᠡᠷ ᠦ᠋ᠨ ᠪᠦᠲᠦᠭᠡᠭᠳᠡᠬᠦᠨ᠂ ᠬᠢᠵᠦ ᠬᠤᠳᠠᠯᠳᠤᠵᠤ ᠪᠠᠢᠭ᠎ᠠ ᠵᠦᠢᠯ ᠢ᠋ᠶ᠋ᠡᠨ ᠶᠠᠭ ᠬᠡᠳᠦᠢ ᠦᠨ᠎ᠡ ᠪᠡᠷ ᠬᠤᠳᠠᠯᠳᠤᠪᠠᠯ ᠵᠣᠬᠢᠰᠲᠠᠢ᠂ ᠶᠠᠭᠠᠬᠢᠪᠠᠯ ᠬᠥᠮᠦᠰ ᠢᠯᠡᠭᠦᠦ ᠠᠪᠬᠤ ᠲᠤᠬᠠᠢ ᠮᠡᠳᠡᠯᠭᠡ ᠮᠡᠬᠦᠰ ᠪᠠᠢᠳᠠᠭ᠃ ᠡᠨᠡ ᠤᠳᠠᠭᠠᠨ ᠤ᠋ ᠬᠢᠴᠢᠶᠡᠯ ᠳ᠋ᠦ᠍ ᠡᠨᠡ ᠪᠦᠬᠦᠨ ᠦ᠌ ᠨᠢᠭᠤᠴᠠ ᠶ᠋ᠢ ᠲᠠᠢᠯᠵᠤ᠂ ᠮᠠᠯᠴᠢᠳ ᠤ᠋ᠨ ᠦᠢᠯᠡᠳᠪᠦᠷᠢᠯᠡᠯ ᠠᠮᠢᠳᠤᠷᠠᠯ ᠳ᠋ᠤ᠌ ᠲᠤᠰᠠ ᠨᠢᠭᠡ ᠶ᠋ᠢ ᠨᠡᠮᠡᠨ᠎ᠡ᠃
ᠪᠢᠳᠡ ᠶᠠᠭᠤᠮ᠎ᠠ ᠶ᠋ᠢ ᠦᠨ᠎ᠡ ᠲᠡᠢ᠂ ᠬᠢᠮᠳᠠ ᠭᠡᠵᠦ ᠦᠨᠡᠯᠡᠬᠦ ᠳ᠋ᠡᠭᠡᠨ ᠶᠠᠭᠤᠨ ᠳ᠋ᠤ᠌ ᠰᠠᠭᠤᠷᠢᠯᠠᠭᠠᠳ ᠢᠩᠭᠢᠵᠦ ᠬᠡᠯᠡᠵᠦ ᠪᠠᠢᠭ᠎ᠠ ᠪᠠᠨ ᠣᠢᠯᠭᠠᠬᠤ ᠤᠴᠢᠷ ᠲᠠᠢ᠃ ᠢᠩᠭᠢᠵᠦ ᠪᠠᠢᠵᠤ ᠥᠪᠡᠷ ᠦ᠋ᠨ ᠦᠢᠯᠡᠳᠪᠦᠷᠢᠯᠡᠭᠰᠡᠨ ᠲᠠᠸᠠᠷ ᠪᠦᠲᠦᠭᠡᠭᠳᠡᠬᠦᠨ ᠢ᠋ᠶ᠋ᠡᠨ ᠵᠣᠬᠢᠰᠲᠠᠢ ᠦᠨ᠎ᠡ ᠪᠡᠷ᠂ ᠠᠰᠢᠭ ᠲᠠᠢ ᠭᠠᠵᠠᠷ ᠨᠢ ᠪᠣᠷᠣᠯᠠᠭᠤᠯᠵᠤ ᠴᠢᠳᠠᠨ᠎ᠠ᠃ ᠥᠩᠭᠡᠷᠡᠭᠰᠡᠨ ᠦ᠌ ᠤᠯᠠᠮᠵᠢᠯᠠᠯᠲᠤ ᠮᠠᠯ ᠠᠵᠤ ᠠᠬᠤᠢ ᠶ᠋ᠢᠨ ᠡᠵᠡᠩᠨᠡᠯᠲᠡ ᠶ᠋ᠢᠨ ᠶᠠᠪᠤᠴᠠ ᠣᠳᠣ ᠶ᠋ᠢᠨ ᠮᠠᠯᠴᠢᠳ ᠤ᠋ᠨ ᠡᠵᠡᠩᠨᠡᠯᠲᠡ ᠲᠡᠢ ᠥᠭᠡᠷ᠎ᠡ ᠪᠠᠢᠵᠤ᠂ ᠠᠰᠢᠭ ᠣᠷᠣᠯᠭ᠎ᠠ ᠪᠠᠭ᠎ᠠ ᠪᠠᠢᠳᠠᠭ᠃ ᠤᠴᠢᠷ ᠨᠢ ᠲᠡᠭᠦᠨ ᠦ᠌ ᠡᠷᠭᠢᠯᠲᠡ ᠤᠳᠠᠭᠠᠨ᠂ ᠬᠡᠷᠡᠭᠯᠡᠬᠦ ᠡᠪᠡᠰᠦ ᠪᠣᠷᠳᠣᠭ᠎ᠠ ᠠ᠋ᠴᠠ ᠡᠬᠢᠯᠡᠭᠡᠳ ᠬᠡᠷᠡᠭᠯᠡᠬᠦ ᠵᠦᠢᠯ ᠴᠦ᠍ ᠶᠡᠬᠡ ᠪᠣᠯᠵᠤ ᠥᠪᠡᠷ ᠦ᠋ᠨ ᠥᠷᠲᠡᠭ ᠥᠨᠳᠥᠷ ᠪᠣᠯᠤᠭᠰᠠᠨ ᠢ᠋ᠶ᠋ᠠᠷ ᠪᠠᠷᠠᠬᠤ ᠦᠭᠡᠢ᠂ ᠵᠢᠯ ᠦ᠋ᠨ ᠥᠩᠭᠡ ᠶ᠋ᠢ ᠳ᠋ᠡᠭᠡᠨ ᠲᠠᠷᠭᠤ ᠬᠦᠴᠦ ᠴᠦ᠍ ᠰᠠᠢᠨ ᠠᠪᠴᠤ ᠴᠢᠳᠠᠬᠤ ᠦᠭᠡᠢ ᠪᠠᠢᠳᠠᠭ᠃ ᠡᠨᠡ ᠪᠦᠬᠦᠨ ᠡᠴᠡ ᠪᠣᠯᠤᠭᠠᠳ ᠮᠠᠯ ᠤ᠋ᠨ ᠦᠨ᠎ᠡ ᠳᠣᠣᠷ᠎ᠠ ᠪᠣᠯᠵᠤ᠂ ᠮᠠᠯᠴᠢᠳ ᠤ᠋ᠨ ᠣᠯᠬᠤ ᠠᠰᠢᠭ ᠣᠷᠣᠯᠭ᠎ᠠ ᠴᠤ᠌ ᠪᠠᠭᠠᠰᠳᠠᠭ ᠢ᠋ ᠮᠠᠨ ᠤ᠋ ᠮᠠᠯᠴᠢᠳ ᠰᠠᠢᠨ ᠮᠡᠳᠡᠨ᠎ᠡ᠃ ᠭᠡᠲᠡᠯ᠎ᠡ ᠣᠳᠣ ᠡᠨᠡ ᠪᠦᠬᠦ ᠪᠠᠢᠳᠠᠯ ᠳ᠋ᠤ᠌ ᠥᠭᠡᠷᠡᠴᠢᠯᠡᠯᠲᠡ ᠭᠠᠷᠴᠤ ᠡᠬᠢᠯᠡᠭᠰᠡᠨ ᠪᠢᠯᠡ᠃ ᠡᠭᠦᠨ ᠦ᠌ ᠰᠢᠯᠲᠠᠭᠠᠨ ᠨᠢ ᠡᠷᠭᠢᠯᠲᠡ ᠪᠡᠨ ᠲᠦᠷᠭᠡᠰᠵᠦ᠂ ᠥᠪᠡᠷ ᠦ᠋ᠨ ᠥᠷᠲᠡᠭ ᠢ᠋ ᠪᠠᠭᠤᠷᠠᠭᠤᠯᠤᠨ᠂ ᠰᠢᠯᠢᠳᠡᠭ ᠡᠭᠦᠯᠳᠡᠷ ᠦ᠋ᠨ ᠮᠠᠯ ᠲᠡᠵᠢᠭᠡᠵᠦ᠂ ᠶᠠᠰᠤ ᠴᠢᠨᠠᠷ ᠢ᠋ ᠰᠠᠢᠵᠢᠷᠠᠭᠤᠯᠤᠭᠰᠠᠨ ᠲᠠᠢ ᠰᠠᠯᠤᠰᠢ ᠦᠭᠡᠢ ᠬᠣᠯᠪᠣᠭ᠎ᠠ ᠲᠠᠢ᠃ ᠡᠨᠡ ᠨᠢ ᠳᠠᠷᠤᠢ ᠪᠢᠳᠡᠨ ᠥᠨᠥᠳᠥᠷ ᠦ᠋ᠨ ᠬᠢᠴᠢᠶᠡᠯ ᠦ᠋ᠨ ᠠᠭᠤᠯᠭ᠎ᠠ ᠪᠣᠯᠬᠤ ᠮᠠᠯᠵᠢᠬᠤ ᠦᠢᠯᠡᠳᠪᠦᠷᠢᠯᠡᠯ ᠦ᠋ᠨ ᠲᠤᠯᠭ᠎ᠠ ᠶ᠋ᠢᠨ ᠭᠤᠷᠪᠠᠨ ᠴᠢᠯᠠᠭᠤ ᠪᠣᠯᠤᠭᠰᠠᠨ ᠦᠢᠯᠡᠳᠪᠦᠷᠢᠯᠡᠯ ᠦ᠋ᠨ ᠶᠠᠪᠤᠴᠠ ᠳ᠋ᠠᠬᠢ ᠶᠠᠰᠤ ᠴᠢᠨᠠᠷ᠂ ᠥᠪᠡᠷ ᠦ᠋ᠨ ᠥᠷᠲᠡᠭ᠂ ᠴᠠᠭ ᠬᠤᠭᠤᠴᠠᠭ᠎ᠠ ᠭᠤᠷᠪᠠ ᠶ᠋ᠢᠨ ᠳᠠᠩᠴᠠᠷᠰᠢᠭᠦᠯᠤᠯ ᠤ᠋ᠨ ᠬᠠᠷᠢᠴᠠᠭ᠎ᠠ ᠪᠣᠯᠤᠨ᠎ᠠ᠃
ᠨᠢᠭᠡ ᠂ ᠶᠠᠰᠤ ᠴᠢᠨᠠᠷ
ᠪᠢᠳᠡ ᠠᠮᠢᠳᠤᠷᠠᠯ ᠳᠤᠮᠳᠠ ᠪᠠᠨ ᠬᠡᠷᠡᠭᠯᠡᠬᠦ ᠪᠦᠬᠦ ᠵᠦᠢᠯ ᠢ᠋ᠶ᠋ᠡᠨ ᠵᠠᠬ᠎ᠠ ᠳᠡᠯᠭᠡᠭᠦᠷ ᠳᠡᠭᠡᠷ᠎ᠡ ᠡᠴᠡ ᠬᠤᠳᠠᠯᠳᠤᠨ ᠠᠪᠬᠤ ᠳ᠋ᠠᠭᠠᠨ ᠠᠯᠢ ᠪᠣᠯᠬᠤ ᠴᠢᠨᠠᠷ ᠰᠠᠢᠨ ᠵᠦᠢᠯ ᠢ᠋ ᠣᠯᠵᠤ ᠠᠪᠬᠤ ᠶ᠋ᠢ ᠬᠢᠴᠢᠶᠡᠳᠡᠭ᠃ ᠶᠠᠭ ᠡᠨᠡᠬᠦ ᠶᠣᠰᠣ ᠪᠠᠷ ᠪᠢᠳᠡ ᠵᠠᠬ᠎ᠠ ᠳᠡᠯᠭᠡᠭᠦᠷ ᠳᠡᠭᠡᠷ᠎ᠡ ᠮᠠᠯ ᠤ᠋ᠨ ᠪᠦᠲᠦᠭᠡᠭᠳᠡᠬᠦᠨ ᠬᠤᠳᠠᠯᠳᠤᠬᠤ ᠳ᠋ᠤ᠌ ᠶᠠᠭᠠᠬᠢᠵᠤ ᠬᠡᠷᠡᠭᠯᠡᠭᠴᠢᠳ ᠲᠦ᠍ ᠴᠢᠨᠠᠷ ᠰᠠᠢᠨ ᠲᠠᠸᠠᠷ ᠬᠠᠩᠭᠠᠬᠤ ᠲᠠᠯ᠎ᠠ ᠠ᠋ᠴᠠ ᠪᠣᠳᠣᠯᠬᠢᠯᠠᠬᠤ ᠬᠡᠷᠡᠭᠲᠡᠢ᠃ ᠢᠩᠭᠢᠵᠦ ᠪᠠᠢᠵᠤ ᠬᠡᠷᠡᠭᠯᠡᠭᠴᠢᠳ ᠦ᠋ᠨ ᠬᠦᠷᠢᠶᠡᠯᠡᠯ ᠢ᠋ ᠣᠯᠵᠤ᠂ ᠪᠣᠷᠣᠯᠠᠭᠤᠯᠤᠯᠲᠠ ᠰᠠᠢᠲᠠᠢ ᠪᠣᠯᠵᠤ ᠴᠢᠳᠠᠨ᠎ᠠ᠃
ᠬᠣᠶᠠᠷ ᠂ ᠥᠪᠡᠷ ᠦ᠋ᠨ ᠥᠷᠲᠡᠭ
ᠶᠠᠰᠤ ᠴᠢᠨᠠᠷ ᠰᠠᠢᠨ ᠵᠦᠢᠯ ᠮᠡᠳᠡᠭᠡᠵᠢ ᠥᠷᠲᠡᠭ ᠥᠨᠳᠥᠷ ᠪᠠᠢᠳᠠᠭ᠃ ᠡᠨᠡ ᠨᠢ ᠥᠷᠲᠡᠭ ᠬᠡᠳᠦᠢ ᠥᠨᠳᠥᠷ ᠪᠣᠯ ᠲᠡᠳᠦᠢ ᠶᠠᠰᠤ ᠴᠢᠨᠠᠷ ᠰᠠᠢᠨ ᠪᠠᠢᠵᠤ᠂ ᠬᠡᠷᠡᠭᠯᠡᠭᠴᠢᠳ ᠲᠡᠳᠦᠢᠴᠢᠨᠡᠭᠡᠨ ᠢᠯᠡᠭᠦᠦ ᠠᠪᠤᠨ᠎ᠠ ᠭᠡᠰᠡᠨ ᠦᠭᠡ ᠤᠤ? ᠠᠮᠢᠳᠤᠷᠠᠯ ᠳᠤᠮᠳᠠ ᠬᠡᠷᠡᠭᠯᠡᠭᠴᠢ ᠪᠣᠯᠤᠭᠰᠠᠨ ᠪᠢᠳᠡ ᠲᠡᠢᠮᠦ ᠪᠢᠰᠢ ᠭᠡᠳᠡᠭ ᠢ᠋ ᠮᠡᠬᠡᠢ ᠲᠣᠳᠣᠷᠬᠠᠢ ᠮᠡᠳᠡᠨ᠎ᠡ᠃ ᠬᠠᠷᠢᠨ ᠶᠠᠭᠤ ᠴᠢᠨᠠᠷ ᠰᠠᠢᠨ ᠮᠥᠷᠲᠡᠭᠡᠨ ᠬᠢᠮᠳᠠ ᠪᠠᠢᠬᠤ ᠶ᠋ᠢ ᠢᠯᠡᠭᠦᠦ ᠬᠦᠰᠡᠳᠡᠭ᠃ ᠡᠨᠡ ᠪᠣᠯ ᠳᠠᠷᠤᠢ ᠮᠠᠨ ᠤ᠋ ᠮᠠᠯ ᠤ᠋ᠨ ᠪᠦᠲᠦᠭᠡᠭᠳᠡᠬᠦᠨ ᠦ᠌ ᠬᠡᠷᠡᠭᠯᠡᠭᠴᠢᠳ ᠦ᠋ᠨ ᠬᠦᠰᠡᠯ ᠶᠤᠮ᠃ ᠲᠡᠢᠮᠦ ᠡᠴᠡ ᠪᠢᠳᠡ ᠮᠠᠯ ᠤ᠋ᠨ ᠪᠦᠲᠦᠭᠡᠭᠳᠡᠬᠦᠨ ᠢ᠋ᠶ᠋ᠡᠨ ᠬᠤᠳᠠᠯᠳᠤᠬᠤ ᠳ᠋ᠠᠭᠠᠨ ᠠᠯᠢ ᠪᠣᠯᠬᠤ ᠶᠠᠰᠤ ᠴᠢᠨᠠᠷ ᠢ᠋ ᠪᠠᠲᠤᠯᠠᠭᠰᠠᠨ ᠤ᠋ ᠰᠠᠭᠤᠷᠢᠨ ᠳᠡᠭᠡᠷ᠎ᠡ᠂ ᠡᠵᠡᠩᠨᠡᠯᠲᠡ ᠶ᠋ᠢᠨ ᠶᠠᠪᠤᠴᠠ ᠳ᠋ᠤ᠌ ᠥᠪᠡᠷ ᠦ᠋ᠨ ᠥᠷᠲᠡᠭ ᠢ᠋ ᠪᠠᠭᠤᠷᠠᠭᠤᠯᠬᠤ ᠲᠠᠯ᠎ᠠ ᠳᠡᠭᠡᠷ᠎ᠡ ᠠᠵᠢᠯ ᠬᠢᠵᠦ᠂ ᠬᠡᠷᠡᠭᠯᠡᠭᠴᠢᠳ ᠦ᠋ᠨ ᠬᠦᠰᠡᠯ ᠳ᠋ᠦ᠍ ᠨᠡᠢᠴᠡᠭᠦᠯᠦᠭᠰᠡᠨ ᠢ᠋ᠶ᠋ᠡᠷ ᠲᠠᠸᠠᠷ ᠤ᠋ᠨ ᠪᠣᠷᠣᠯᠠᠭᠤᠯᠤᠯᠲᠠ ᠪᠠᠨ ᠰᠠᠢᠨ ᠪᠠᠢᠯᠭᠠᠵᠤ ᠴᠢᠳᠠᠨ᠎ᠠ᠃
ᠭᠤᠷᠪᠠ ᠂ ᠴᠠᠭ ᠬᠤᠭᠤᠴᠠᠭ᠎ᠠ
ᠴᠠᠭ ᠬᠤᠭᠤᠴᠠᠭ᠎ᠠ ᠪᠣᠯ ᠦᠢᠯᠡᠳᠪᠦᠷᠢᠯᠡᠯ ᠦ᠋ᠨ ᠶᠠᠪᠤᠴᠠ ᠳ᠋ᠤ᠌ ᠶᠠᠰᠤ ᠴᠢᠨᠠᠷ᠂ ᠥᠪᠡᠷ ᠦ᠋ᠨ ᠥᠷᠲᠡᠭ ᠰᠢᠭ ᠣᠮᠲᠣᠭᠠᠢᠯᠠᠵᠤ ᠪᠣᠯᠣᠰᠢ ᠦᠭᠡᠢ ᠬᠦᠴᠦᠨ ᠵᠦᠢᠯ ᠪᠣᠯᠬᠤ ᠶᠤᠮ᠃ ᠣᠨᠴᠠᠭᠠᠢᠯᠠᠨ ᠣᠳᠣ ᠦᠶ᠎ᠡ ᠶ᠋ᠢᠨ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠡᠷᠡᠨ ᠳ᠋ᠦ᠍ ᠴᠠᠭ ᠬᠤᠭᠤᠴᠠᠭ᠎ᠠ ᠶ᠋ᠢᠨ ᠲᠤᠰ ᠪᠡᠶ᠎ᠡ ᠨᠢ ᠥᠷᠲᠡᠭ ᠪᠠᠢᠵᠤ᠂ ᠲᠡᠭᠦᠨ ᠢ᠋ ᠭᠡᠮᠨᠡᠭᠰᠡᠨ ᠢ᠋ᠶ᠋ᠡᠷ ᠡᠷᠭᠢᠯᠲᠡ ᠶ᠋ᠢ ᠲᠦᠷᠭᠡᠬᠡᠨ᠂ ᠥᠪᠡᠷ ᠦ᠋ᠨ ᠥᠷᠲᠡᠭ ᠢ᠋ ᠪᠠᠭᠤᠷᠠᠭᠤᠯᠵᠤ ᠴᠢᠳᠠᠨ᠎ᠠ᠃ ᠣᠳᠣᠬᠢᠴᠢᠯᠠᠭᠰᠠᠨ ᠮᠠᠯ ᠠᠵᠤ ᠠᠭᠤᠢ ᠡᠵᠡᠩᠨᠡᠵᠦ ᠪᠠᠢᠭ᠎ᠠ ᠮᠠᠯᠴᠢᠳ ᠮᠠᠯ ᠤ᠋ᠨ ᠡᠷᠭᠢᠯᠲᠡ ᠪᠡᠨ ᠲᠦᠷᠭᠡᠳᠬᠡᠭᠰᠡᠨ ᠢ᠋ᠶ᠋ᠡᠷ ᠭᠠᠷᠭᠠᠯᠲᠠ ᠪᠠᠨ ᠰᠢᠭᠤᠳ ᠨᠡᠮᠡᠭᠳᠡᠭᠦᠯᠬᠦ ᠪᠡᠷ ᠪᠠᠷᠠᠬᠤ ᠦᠭᠡᠢ ᠣᠷᠣᠭᠤᠯᠤᠯᠲᠠ ᠪᠠᠨ ᠪᠠᠭᠤᠷᠠᠭᠤᠯᠵᠤ ᠴᠢᠳᠠᠨ᠎ᠠ᠃
ᠶᠠᠰᠤ ᠴᠢᠨᠠᠷ᠂ ᠥᠪᠡᠷ ᠦ᠋ᠨ ᠥᠷᠲᠡᠭ᠂ ᠴᠠᠭ ᠬᠤᠭᠤᠴᠠᠭ᠎ᠠ ᠭᠤᠷᠪᠠ ᠪᠣᠯ ᠦᠢᠯᠡᠳᠪᠦᠷᠢᠯᠡᠯ ᠦ᠋ᠨ ᠶᠠᠪᠤᠴᠠ ᠳ᠋ᠤ᠌ ᠲᠠᠸᠠᠷ ᠤ᠋ᠨ ᠦᠨ᠎ᠡ ᠶ᠋ᠢᠨ ᠥᠰᠦᠯᠲᠡ ᠪᠠᠭᠤᠷᠠᠯᠲᠠ ᠳ᠋ᠤ᠌ ᠭᠣᠣᠯᠯᠠᠬᠤ ᠦᠢᠯᠡᠳᠦᠯ ᠦᠵᠡᠭᠦᠯᠵᠦ ᠪᠠᠢᠭ᠎ᠠ ᠨᠥᠬᠥᠴᠡᠯ ᠪᠣᠯᠬᠤ ᠶ᠋ᠢ ᠮᠡᠳᠡᠭᠰᠡᠨ ᠪᠢᠯᠡ᠃ ᠶᠠᠰᠤ ᠴᠢᠨᠠᠷ ᠢ᠋ ᠪᠠᠲᠤᠯᠠᠵᠤ᠂ ᠥᠪᠡᠷ ᠦ᠋ᠨ ᠥᠷᠲᠡᠭ ᠢ᠋ ᠪᠠᠭᠤᠷᠠᠭᠤᠯᠤᠨ᠂ ᠡᠷᠭᠢᠯᠲᠡ ᠶ᠋ᠢ ᠲᠦᠷᠭᠡᠳᠬᠡᠨ ᠴᠠᠭ ᠬᠤᠭᠤᠴᠠᠭ᠎ᠠ ᠶ᠋ᠢ ᠭᠡᠮᠨᠡᠭᠰᠡᠨ ᠢ᠋ᠶ᠋ᠡᠷ ᠵᠠᠬ᠎ᠠ ᠳᠡᠯᠭᠡᠭᠦᠷ ᠳᠡᠭᠡᠷ᠎ᠡ ᠬᠡᠷᠡᠭᠯᠡᠭᠴᠢᠳ ᠲᠡᠢ ᠪᠠᠢᠵᠤ ᠴᠢᠳᠠᠨ᠎ᠠ᠃ ᠬᠠᠷᠢᠨ ᠵᠠᠬ᠎ᠠ ᠳᠡᠯᠭᠡᠭᠦᠷ ᠳᠡᠭᠡᠷ᠎ᠡ ᠢᠯᠠᠭᠴᠢ ᠪᠣᠯᠬᠤ ᠳ᠋ᠤ᠌ ᠡᠨᠡ ᠭᠤᠷᠪᠠ ᠶ᠋ᠢᠨ ᠲᠡᠩᠴᠡᠭᠦᠷᠢ ᠶ᠋ᠢ ᠪᠠᠲᠤᠯᠠᠵᠤ᠂ ᠦᠷᠭᠦᠯᠵᠢ ᠪᠠᠷᠢᠮᠲᠠᠯᠠᠵᠤ ᠴᠢᠳᠠᠬᠤ ᠡᠰᠡᠬᠦ ᠡᠴᠡ ᠰᠢᠯᠲᠠᠭᠠᠯᠠᠨ᠎ᠠ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
