ᠮᠥᠩᠭᠥᠨ ᠳ᠋ᠢᠭᠳᠡМөнгөн дэгдMöngön degd
ᠮᠥᠩᠭᠥᠨ ᠳ᠋ᠢᠭᠳᠡ
ᠲᠤᠰ ᠡᠮ ᠪᠣᠯ ᠪᠠᠷᠰ ᠤ᠋ᠨ ᠴᠢᠬᠢ ᠡᠪᠡᠰᠦᠨ ᠦ᠌ ᠢᠵᠠᠭᠤᠷ ᠤ᠋ᠨ ᠤᠷᠭᠤᠮᠠᠯ ᠪᠣᠯᠬᠤ ᠮᠥᠩᠭᠥᠨ ᠳ᠋ᠢᠭᠳᠡ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠥᠯᠳᠢᠭ᠂ ᠨᠠᠮᠤᠭᠠᠨᠡ᠂ ᠨᠠᠮᠤᠷ ᠤ᠋ᠨ ᠴᠠᠭᠠᠨ ᠴᠡᠴᠡᠭ ᠭᠡᠳᠡᠭ᠃
[ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠨᠠᠪᠴᠢ ᠨᠢ50cm· ᠤᠵᠠᠭᠤᠷ ᠤ᠋ᠨ ᠨᠠᠪᠴᠢ ᠨᠢ ᠪᠣᠳᠠᠯᠠᠨ ᠤᠷᠭᠤᠨ᠎ᠠ᠂ ᠥᠨᠳᠡᠭᠡᠯᠵᠢᠨ ᠡᠴᠡ ᠵᠢᠷᠦᠬᠡᠨ ᠬᠡᠯᠪᠡᠷᠢ ᠲᠡᠢ᠂1~3cm ᠤᠷᠲᠤ᠂1.5~3.5cm ᠥᠷᠭᠡᠨ᠂ ᠱᠣᠪᠬᠣ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂ ᠪᠦᠲᠦᠨ ᠬᠥᠪᠡᠭᠡ ᠲᠡᠢ᠂ ᠨᠠᠪᠴᠢᠨ ᠪᠠᠷᠢᠭᠤᠯ ᠨᠢ ᠤᠷᠲᠤ᠃ ᠴᠡᠴᠡᠭ ᠦ᠋ᠨ ᠡᠰᠢᠨ ᠦ᠌ ᠳᠤᠮᠳᠠ ᠬᠡᠰᠡᠭ ᠲᠡᠭᠡᠨ1 ᠨᠠᠪᠴᠢ ᠲᠠᠢ᠂ ᠪᠠᠷᠢᠭᠤᠯ ᠦᠭᠡᠢ᠂ ᠬᠡᠯᠪᠡᠷᠢ ᠨᠢ ᠤᠵᠠᠭᠤᠷ ᠤ᠋ᠨ ᠨᠠᠪᠴᠢ ᠲᠠᠢ ᠪᠠᠨ ᠠᠳᠠᠯᠢ᠃ ᠭᠠᠭᠴᠠ ᠴᠡᠴᠡᠭ ᠣᠷᠣᠢ ᠳ᠋ᠤᠨᠢ ᠳᠡᠯᠭᠡᠷᠡᠨ᠎ᠡ᠃ ᠴᠠᠭᠠᠨ ᠠ᠋ᠴᠠ ᠰᠢᠷᠠᠩᠭᠤᠢ ᠴᠠᠭᠠᠨ ᠥᠩᠭᠡ ᠲᠡᠢ᠂ ᠳ᠋ᠢᠶᠠᠮᠧᠲ᠋ᠷ ᠨᠢ2~3.5cm᠂ ᠲᠡᠷᠢᠭᠦᠯᠡᠭᠴᠢ ᠴᠡᠴᠡᠭ ᠬᠡᠯᠪᠡᠷᠢ ᠲᠡᠢ᠂ 5 ᠲᠣᠭᠳᠣᠢ ᠢᠯᠲᠠᠰᠤ ᠨᠢ ᠤᠷᠲᠤᠯᠢᠭ ᠵᠤᠤᠪᠠᠩ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ5᠂ ᠥᠨᠳᠡᠭᠡᠯᠵᠢᠨ ᠲᠣᠭᠣᠷᠢᠭ ᠬᠡᠯᠪᠡᠷᠢ ᠲᠡᠢ᠃5 ᠡᠷ᠎ᠡ ᠲᠣᠭᠣᠷᠴᠣᠭ ᠲᠠᠢ᠂ ᠳᠣᠷᠣᠢᠲᠠᠭᠰᠠᠨ ᠡᠷ᠎ᠡ ᠲᠣᠭᠣᠷᠴᠣᠭ ᠤ᠋ᠨ ᠳᠤᠮᠳᠠ ᠠ᠋ᠴᠠ ᠳᠡᠭᠡᠭᠰᠢ ᠨᠢ ᠰᠢᠷᠬᠡᠭᠯᠡᠨ ᠰᠠᠯᠤᠨ᠎ᠠ᠃ ᠰᠡᠵᠢᠭᠦᠷ ᠬᠡᠯᠲᠡᠰ ᠦ᠋ᠨ ᠦᠵᠦᠭᠦᠷ ᠲᠤᠨᠢ ᠲᠣᠯᠣᠭᠠᠢ ᠬᠡᠯᠪᠡᠷᠢᠲᠦ ᠪᠤᠯᠴᠢᠷᠬᠠᠢ ᠲᠠᠢ᠃ ᠴᠡᠴᠡᠭ ᠦ᠋ᠨ ᠪᠠᠭᠠᠨ᠎ᠠ ᠨᠢ ᠪᠣᠭᠣᠨᠢ᠂ ᠦᠵᠦᠭᠦᠷ ᠲᠦ᠋ᠨᠢ4 ᠲᠤᠨᠢ ᠣᠨᠢ ᠲᠠᠢ᠃ ᠬᠣᠩᠭᠣᠷᠴᠣᠭᠲᠤ ᠵᠢᠮᠢᠰ ᠨᠢ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠳᠡᠭᠡᠷ᠎ᠡ ᠬᠡᠰᠡᠭ ᠲᠡᠭᠡᠨ4 ᠣᠨᠢ ᠲᠠᠢ᠃ ᠣᠯᠠᠨ ᠦᠷ᠎ᠡ ᠲᠡᠢ7~8 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠣᠢ ᠶ᠋ᠢᠨ ᠬᠥᠪᠡᠭᠡ᠂ ᠠᠭᠤᠯᠠᠨ ᠭᠣᠣ᠂ ᠨᠠᠮᠤᠭᠵᠢᠭᠰᠠᠨ ᠲᠠᠯ᠎ᠠ ᠭᠠᠵᠠᠷ ᠲᠤ᠌ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠤ᠋ ᠰᠡᠭᠦᠯᠴᠢ᠂ ᠨᠠᠮᠤᠷ ᠤ᠋ᠨ ᠡᠬᠢᠨ ᠳ᠋ᠦ᠍ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠠᠪᠴᠤ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠪᠡᠲᠡᠭᠢ ᠶ᠋ᠢ ᠡᠪᠳᠡᠬᠦ᠂ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠪᠡᠲᠡᠭᠢ᠂ ᠴᠢᠰᠤ ᠰᠢᠷ᠎ᠠ ᠶ᠋ᠢᠨ ᠬᠠᠯᠠᠭᠤᠨ ᠢ᠋ ᠠᠷᠢᠯᠭᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄梅花草
ᠠᠩᠭ᠌ᠯᠢ ᠨᠡᠷ᠎ᠡ᠄parnassia plustris L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠴᠡᠪᠡᠷᠴᠡᠴᠡᠭ
