ᠮᠠᠯᠵᠢᠬᠤ ᠦᠢᠯᠡᠳᠪᠦᠷᠢᠯᠡᠯ ᠰᠢᠨ᠎ᠡ ᠭᠠᠷᠤᠴᠠ-ᠬᠣᠨᠢᠴᠢᠨ ᠦᠯᠵᠡᠢᠰᠦ᠋ᠷᠥᠩМалжих үйлдвэрлэл шинэд гарц ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠠᠯᠵᠢᠬᠤ ᠦᠢᠯᠡᠳᠪᠦᠷᠢᠯᠡᠯ ᠰᠢᠨ᠎ᠡ ᠭᠠᠷᠤᠴᠠ-ᠬᠣᠨᠢᠴᠢᠨ ᠦᠯᠵᠡᠢᠰᠦ᠋ᠷᠥᠩМалжих үйлдвэрлэл шинэд гарц

ᠮᠠᠯᠵᠢᠬᠤ ᠦᠢᠯᠡᠳᠪᠦᠷᠢᠯᠡᠯ ᠰᠢᠨ᠎ᠡ ᠭᠠᠷᠤᠴᠠ-ᠬᠣᠨᠢᠴᠢᠨ ᠦᠯᠵᠡᠢᠰᠦ᠋ᠷᠥᠩМалжих үйлдвэрлэл шинэд гарц

ᠠᠩᠭᠢᠯᠠᠯ:ᠠᠵᠤ ᠠᠬᠤᠢ
2025-08-08

168

        ᠳ᠋ᠣᠺᠲ᠋ᠣᠷ ᠬᠣᠨᠢᠴᠢᠨ ᠦᠯᠵᠡᠢᠰᠦ᠋ᠷᠥᠩ  

    ᠣᠢᠷ᠎ᠠ ᠶ᠋ᠢᠨ ᠵᠢᠯ ᠦ᠋ᠳ ᠲᠦ᠍ ᠪᠠᠢᠭᠠᠯᠢ ᠶ᠋ᠢᠨ ᠭᠠᠢ ᠭᠠᠮᠰᠢᠭ ᠣᠯᠠᠰᠢᠷᠠᠭᠰᠠᠨ ᠵᠢᠴᠢ ᠪᠡᠯᠴᠢᠭᠡᠷ ᠤᠰᠤ ᠵᠢᠯ ᠳᠠᠷᠠᠭᠠᠯᠠᠨ ᠮᠠᠭᠤᠳᠠᠭᠰᠠᠨ ᠠ᠋ᠴᠠ ᠪᠣᠯᠵᠤ ᠮᠠᠯᠴᠢᠳ ᠤ᠋ᠨ ᠤᠯᠠᠮᠵᠢᠯᠠᠯᠲᠤ ᠮᠠᠯ ᠠᠵᠤ ᠠᠬᠤᠢ ᠠ᠋ᠴᠠ ᠣᠯᠬᠤ ᠠᠰᠢᠭ ᠣᠷᠣᠯᠭ᠎ᠠ ᠪᠠᠭᠠᠰᠤᠭᠰᠠᠨ ᠪᠤᠶᠤ ᠴᠢᠨᠠᠭᠰᠢᠯᠠᠭᠠᠳ ᠪᠠᠢᠭᠠᠯᠢ ᠶ᠋ᠢᠨ ᠮᠠᠯ ᠠᠵᠤ ᠠᠬᠤᠢ ᠡᠷᠬᠢᠯᠡᠬᠦ ᠪᠣᠯᠤᠮᠵᠢ ᠪᠠᠢᠬᠤ ᠦᠭᠡᠢ ᠪᠣᠯᠵᠤ ᠪᠣᠢ᠃ ᠡᠨᠡᠬᠦ ᠪᠠᠢᠳᠠᠯ ᠳ᠋ᠤ᠌ ᠮᠠᠯᠴᠢᠳ ᠨᠥᠬᠥᠴᠡᠯ ᠲᠡᠢ ᠪᠣᠯ ᠥᠪᠡᠷ ᠦ᠋ᠨ ᠤᠯᠠᠮᠵᠢᠯᠠᠯᠲᠤ ᠪᠠᠢᠭᠠᠯᠢ ᠶ᠋ᠢᠨ ᠮᠠᠯ ᠠᠵᠤ ᠠᠬᠤᠢ ᠪᠠᠨ ᠦᠷᠭᠦᠯᠵᠢᠯᠡᠨ ᠬᠥᠭᠵᠢᠭᠦᠯᠵᠦ ᠠᠪᠴᠤ ᠶᠠᠪᠤᠬᠤ ᠨᠢ ᠮᠣᠩᠭᠣᠯᠴᠤᠳ ᠤ᠋ᠨ ᠬᠤᠪᠢ ᠳ᠋ᠤ᠌ ᠶᠡᠬᠡ ᠠᠵᠠᠲᠠᠢ ᠶᠠᠪᠤᠳᠠᠯ ᠮᠥᠨ᠃ ᠭᠡᠲᠡᠯ᠎ᠡ ᠨᠥᠬᠥᠴᠡᠯ ᠦᠭᠡᠢ ᠪᠣᠯᠵᠤ ᠪᠠᠢᠭ᠎ᠠ ᠲᠡᠳᠡᠭᠡᠷ ᠭᠠᠵᠠᠷ ᠣᠷᠣᠨ ᠤ᠋ ᠮᠠᠯᠴᠢᠳ ᠤ᠋ᠨ ᠡᠮᠦᠨ᠎ᠡ ᠮᠠᠯ ᠠᠵᠤ ᠠᠭᠤᠢ ᠪᠠᠨ ᠡᠷᠬᠢᠯᠡᠬᠦ ᠡᠰᠡᠬᠦ᠂ ᠡᠷᠬᠢᠯᠡᠪᠡᠯ ᠶᠠᠭᠠᠬᠢᠵᠤ ᠡᠷᠬᠢᠯᠡᠬᠦ᠂ ᠲᠡᠭᠦᠨ ᠡᠴᠡ ᠠᠰᠢᠭ ᠣᠷᠣᠯᠭ᠎ᠠ ᠣᠯᠵᠤ ᠠᠮᠢᠳᠤᠷᠠᠯ ᠢ᠋ᠶ᠋ᠠᠨ ᠠᠪᠴᠤ ᠶᠠᠪᠤᠵᠤ ᠴᠢᠳᠠᠬᠤ ᠡᠰᠡᠬᠦ ᠭᠡᠳ ᠵᠥᠩᠳᠡᠭᠡᠨ ᠣᠯᠠᠨ ᠠᠰᠠᠭᠤᠳᠠᠯ ᠲᠤᠯᠭᠠᠷᠠᠵᠤ ᠡᠬᠢᠯᠡᠭᠰᠡᠨ ᠪᠢᠯᠡ᠃ ᠡᠨᠡ ᠪᠦᠬᠦ ᠠᠰᠠᠭᠤᠳᠠᠯ ᠢ᠋ ᠰᠢᠢᠳᠬᠦ ᠳ᠋ᠦ᠍ ᠪᠢᠳᠡ ᠡᠬᠢᠯᠡᠭᠡᠳ ᠥᠪᠡᠷ ᠦ᠋ᠨ ᠨᠥᠬᠥᠴᠡᠯ ᠪᠠᠢᠳᠠᠯ ᠳ᠋ᠠᠭᠠᠨ ᠵᠠᠳᠠᠯᠤᠯᠲᠠ ᠬᠢᠬᠦ ᠬᠡᠷᠡᠭᠲᠡᠢ᠃ 
ᠪᠡᠯᠴᠢᠭᠡᠷ ᠤᠰᠤ ᠮᠠᠭᠤᠳᠠᠵᠤ᠂ ᠪᠠᠢᠭᠠᠯᠢ ᠶ᠋ᠢᠨ ᠭᠠᠮᠰᠢᠭ ᠣᠯᠠᠰᠢᠷᠠᠭᠰᠠᠨ ᠨᠢ ᠭᠠᠭᠴᠠ ᠮᠣᠩᠭᠣᠯ ᠨᠤᠲᠤᠭ ᠲᠤ᠌ ᠲᠤᠯᠭᠠᠷᠠᠵᠤ ᠪᠠᠢᠭ᠎ᠠ ᠠᠰᠠᠭᠤᠳᠠᠯ ᠪᠢᠰᠢ᠂ ᠬᠠᠷᠢᠨ ᠪᠦᠬᠦ ᠬᠥᠮᠦᠨ ᠲᠥᠷᠥᠯᠬᠢᠲᠡᠨ ᠦ᠌ ᠡᠮᠦᠨ᠎ᠡ ᠲᠠᠯᠪᠢᠭᠳᠠᠵᠤ ᠪᠠᠢᠭ᠎ᠠ ᠠᠰᠠᠭᠤᠳᠠᠯ ᠪᠣᠯᠤᠭᠠᠳ ᠪᠠᠢᠨ᠎ᠠ᠃ ᠡᠢᠮᠦ ᠪᠠᠢᠳᠠᠯ ᠳ᠋ᠤ᠌ ᠪᠢᠳᠡ ᠥᠪᠡᠷ ᠦ᠋ᠨ ᠨᠤᠲᠤᠭ ᠪᠡᠯᠴᠢᠭᠡᠷ ᠢ᠋ᠶ᠋ᠡᠨ ᠬᠠᠮᠠᠭᠠᠯᠠᠵᠤ ᠵᠦᠢ ᠵᠣᠬᠢᠰᠲᠠᠢ ᠬᠤᠪᠢᠶᠠᠷᠢᠯᠠᠨ᠂ ᠮᠠᠯ ᠠᠵᠤ ᠠᠬᠤᠢ ᠳ᠋ᠤ᠌ ᠬᠦᠷᠲᠡᠭᠡᠬᠦ ᠠᠰᠢᠯᠠᠮᠵᠢ ᠶ᠋ᠢ ᠨᠢ ᠥᠨᠳᠥᠷᠰᠡᠭᠡᠬᠦ ᠨᠢ ᠨᠤᠲᠤᠭ ᠪᠡᠯᠴᠢᠭᠡᠷ ᠢ᠋ᠶ᠋ᠡᠨ ᠬᠠᠮᠠᠭᠠᠯᠠᠵᠤ᠂ ᠰᠡᠷᠭᠦᠭᠡᠬᠦ ᠳ᠋ᠦ᠍ ᠲᠤᠰᠠᠲᠠᠢ ᠮᠥᠷᠲᠡᠭᠡᠨ ᠮᠠᠯ ᠠᠵᠤ ᠠᠬᠠᠢ ᠪᠠᠨ ᠦᠷᠭᠦᠯᠵᠢᠯᠡᠨ ᠠᠪᠴᠤ ᠶᠠᠪᠤᠬᠤ  ᠳ᠋ᠤ᠌ ᠮᠠᠰᠢ ᠬᠡᠷᠡᠭᠲᠡᠢ ᠠᠯᠬᠤᠮ ᠪᠣᠯᠤᠨ᠎ᠠ᠃ 
ᠬᠥᠮᠦᠨ ᠪᠦᠬᠦᠨ ᠦ᠌ ᠮᠡᠳᠡᠭᠡᠵᠢ ᠣᠳᠣ ᠪᠣᠯ ᠵᠠᠬ᠎ᠠ ᠳᠡᠯᠭᠡᠭᠦᠷ  ᠦ᠋ᠨ ᠠᠵᠤ ᠠᠬᠤᠢ ᠶ᠋ᠢᠨ ᠴᠠᠭ ᠡᠷᠡᠨ᠃ ᠡᠨᠡ ᠪᠣᠯ ᠪᠦᠬᠦ ᠵᠦᠢᠯ ᠵᠠᠬ᠎ᠠ ᠳᠡᠯᠭᠡᠭᠦᠷ ᠦ᠋ᠨ ᠬᠠᠩᠭᠠᠯᠭ᠎ᠠ ᠬᠡᠷᠡᠭᠴᠡᠭᠡ ᠪᠡᠷ ᠣᠴᠢᠵᠤ ᠰᠢᠢᠳᠪᠦᠷᠢᠯᠡᠭᠳᠡᠨ᠎ᠡ ᠭᠡᠰᠡᠨ ᠦᠭᠡ ᠃ ᠶᠠᠮᠠᠷ ᠨᠢᠭᠡᠨ ᠲᠠᠸᠠᠷ  ᠤ᠋ᠨ ᠬᠠᠩᠭᠠᠯᠭ᠎ᠠ ᠨᠢ ᠬᠥᠮᠦᠰ ᠦ᠋ᠨ ᠬᠡᠷᠡᠭᠯᠡᠬᠦ ᠬᠡᠷᠡᠭᠴᠡᠭᠡᠨ ᠡᠴᠡ ᠶᠡᠬᠡ ᠪᠣᠯᠬᠤ ᠳ᠋ᠤ᠌ ᠲᠡᠭᠦᠨ ᠦ᠌ ᠦᠨ᠎ᠡ ᠪᠠᠭᠤᠷᠴᠤ᠂ ᠡᠰᠡᠷᠭᠦ ᠪᠡᠷ ᠪᠠᠭ᠎ᠠ ᠪᠣᠯᠬᠤ ᠳ᠋ᠤ᠌ ᠬᠠᠷᠢᠨ ᠦᠨ᠎ᠡ ᠨᠢ ᠥᠰᠳᠡᠭ᠃ ᠬᠠᠷᠢᠨ ᠶᠠᠮᠠᠷ ᠨᠢᠭᠡᠨ ᠬᠥᠮᠦᠨ ᠦ᠌ ᠰᠠᠨᠠᠭ᠎ᠠ ᠪᠠᠷ ᠣᠴᠢᠵᠤ ᠦᠨ᠎ᠡ ᠬᠠᠩᠰᠢ  ᠲᠣᠭᠲᠠᠭᠠᠳᠠᠭ ᠦᠭᠡᠢ᠃ ᠪᠢᠳᠡ ᠪᠦᠬᠦᠨ ᠦ᠌ ᠮᠡᠳᠡᠭᠡᠵᠢ ᠥᠩᠭᠡᠷᠡᠭᠰᠡᠨ ᠬᠡᠳᠦᠨ ᠵᠢᠯ ᠳ᠋ᠦ᠍ ᠬᠣᠨᠢᠨ ᠤ᠋ ᠦᠨ᠎ᠡ ᠶᠡᠬᠡ ᠪᠡᠷ ᠪᠠᠭᠤᠷᠠᠭᠰᠠᠨ ᠨᠢ ᠶᠠᠭ ᠡᠭᠦᠨ ᠦ᠌ ᠨᠥᠯᠥᠭᠡ ᠮᠥᠨ᠃ ᠲᠡᠢᠮᠦ ᠡᠴᠡ ᠣᠳᠣ ᠶ᠋ᠢᠨ ᠡᠨᠡᠬᠦ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠣᠷᠴᠢᠨ ᠳ᠋ᠤ᠌ ᠮᠠᠯᠴᠢᠳ ᠳᠠᠩ ᠭᠠᠭᠴᠠ ᠮᠠᠯ ᠤ᠋ᠨ ᠲᠣᠭ᠎ᠠ ᠲᠣᠯᠣᠭᠠᠢ ᠶ᠋ᠢ ᠥᠰᠬᠡᠭᠡᠳ ᠣᠯᠠᠬᠤ ᠠᠰᠢᠭ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ ᠭᠡᠵᠦ ᠬᠡᠯᠡᠵᠦ ᠴᠢᠳᠠᠬᠤ ᠦᠭᠡᠢ ᠪᠣᠯᠤᠭᠰᠠᠨ᠃ ᠬᠠᠷᠢᠨ ᠶᠠᠭᠠᠬᠢᠵᠤ ᠴᠥᠭᠡᠨ ᠲᠣᠯᠣᠭᠠᠢ ᠮᠠᠯ ᠲᠡᠵᠢᠭᠡᠵᠦ᠂ ᠵᠠᠷᠤᠯᠭ᠎ᠠ  ᠪᠠᠨ ᠪᠠᠭᠠᠰᠬᠠᠨ ᠂ ᠨᠢᠭᠡᠴᠢ ᠮᠠᠯ ᠠ᠋ᠴᠠ ᠣᠯᠬᠤ ᠦᠷ᠎ᠡ ᠠᠰᠢᠭ ᠢ᠋ ᠥᠰᠬᠡᠵᠦ ᠣᠷᠣᠯᠭ᠎ᠠ ᠪᠠᠨ ᠨᠡᠮᠡᠭᠳᠡᠭᠦᠯᠬᠦ ᠪᠣᠢ ᠭᠡᠳᠡᠭ ᠢ᠋ ᠰᠤᠳᠤᠯᠬᠤ ᠴᠢᠬᠤᠯᠠ ᠲᠠᠢ᠃ ᠡᠨᠡᠬᠦ ᠪᠠᠢᠭᠠᠯᠢ ᠣᠷᠴᠢᠨ ᠤ᠋ ᠳᠣᠷᠣᠢᠲᠠᠯ ᠬᠢᠭᠡᠳ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠪᠠᠢᠳᠠᠯ ᠨᠢ ᠮᠠᠯᠴᠢᠳ ᠲᠤ᠌ ᠣᠳᠣ ᠤᠯᠠᠮᠵᠢᠯᠠᠯᠲᠤ ᠪᠡᠯᠴᠢᠭᠡᠷ ᠦ᠋ᠨ ᠮᠠᠯ ᠠᠵᠤ ᠠᠬᠤᠢ ᠶ᠋ᠢ ᠬᠥᠭᠵᠢᠭᠦᠯᠦᠭᠡᠳ ᠦᠷ᠎ᠡ ᠠᠰᠢᠭ ᠣᠯᠵᠤ ᠴᠢᠳᠠᠬᠤ ᠦᠭᠡᠢ ᠭᠡᠳᠡᠭ ᠮᠠᠰᠢ ᠲᠣᠳᠣᠷᠬᠠᠢ ᠬᠡᠯᠡᠵᠦ ᠦᠬᠦᠭᠰᠡᠨ ᠪᠢᠯᠡ ᠃ 
ᠣᠳᠣ ᠪᠢᠳᠡ ᠤᠯᠠᠮᠵᠢᠯᠠᠯᠲᠤ ᠪᠡᠯᠴᠢᠭᠡᠷ ᠦ᠋ᠨ ᠮᠠᠯ ᠠᠬᠤᠢ  ᠪᠠᠨ ᠬᠥᠭᠵᠢᠭᠦᠯᠬᠦ ᠪᠣᠯᠤᠮᠵᠢ ᠪᠠᠢᠬᠤ ᠦᠭᠡᠢ ᠪᠣᠯᠤᠭᠰᠠᠨ ᠠ᠋ᠴᠠ᠂ ᠶᠠᠮᠠᠷ ᠠᠷᠭ᠎ᠠ ᠪᠠᠷ ᠮᠠᠯ ᠠᠵᠤ ᠠᠬᠤᠢ ᠪᠠᠨ ᠠᠪᠴᠤ ᠦᠯᠡᠳᠡᠬᠦ ᠮᠥᠷᠲᠡᠭᠡᠨ ᠲᠡᠭᠦᠨ ᠡᠴᠡ ᠥᠨᠳᠥᠷ ᠦᠷ᠎ᠡ ᠠᠰᠢᠭ ᠣᠯᠵᠤ ᠪᠣᠯᠬᠤ ᠬᠠᠢᠬᠤ ᠬᠡᠷᠡᠭᠲᠡᠢ ᠪᠣᠯᠪᠠ᠃ ᠡᠨᠡᠬᠦ ᠬᠥᠭᠵᠢᠯᠲᠡ ᠶ᠋ᠢᠨ ᠭᠠᠷᠤᠴᠠ ᠪᠣᠯ ᠳᠠᠷᠤᠢ ᠮᠠᠨ ᠤ᠋ ᠵᠠᠷᠢᠮ ᠮᠠᠯᠴᠢᠳ ᠤ᠋ᠨ ᠨᠢᠭᠡᠨᠲᠡ ᠡᠬᠢᠯᠡᠭᠡᠳ ᠶᠠᠪᠤᠵᠤ ᠪᠠᠢᠭ᠎ᠠ ᠲᠡᠵᠢᠭᠡᠪᠦᠷᠢ ᠶ᠋ᠢᠨ ᠮᠠᠯ ᠠᠵᠤ ᠠᠬᠤᠢ ᠪᠣᠯᠤᠨ᠎ᠠ᠃ ᠲᠡᠵᠢᠭᠡᠪᠦᠷᠢ ᠶ᠋ᠢᠨ ᠮᠠᠯ ᠠᠵᠤ ᠠᠬᠤᠢ ᠭᠡᠬᠦ ᠪᠡᠷ ᠣᠯᠠᠩᠬᠢ ᠬᠥᠮᠦᠨ ᠮᠠᠯ  ᠢ᠋ ᠪᠦᠷᠢᠮᠦᠰᠦᠨ ᠬᠠᠰᠢᠶᠠᠯᠠᠨ᠂ ᠬᠠᠮᠤᠭ ᠤ᠋ᠨ ᠬᠢᠮᠳᠠ ᠬᠢᠯᠪᠠᠷ ᠲᠡᠵᠢᠭᠡᠯ ᠪᠣᠷᠳᠣᠭ᠎ᠠ ᠪᠠᠷ ᠲᠡᠵᠢᠭᠡᠬᠦ ᠪᠤᠶᠤ ᠬᠤᠷᠳᠤᠨ ᠲᠠᠷᠭᠤᠯᠠᠭᠤᠯᠬᠤ ᠠᠷᠭ᠎ᠠ  ᠶ᠋ᠢ ᠬᠡᠷᠡᠭᠯᠡᠨ ᠮᠠᠯ ᠢ᠋  ᠠᠯᠪᠠᠲᠠᠨ ᠮᠢᠬᠠᠯᠠᠭᠤᠯᠬᠤ ᠮᠡᠲᠦ ᠪᠡᠷ ᠣᠢᠯᠭᠠᠳᠠᠭ᠃ ᠭᠡᠲᠡᠯ᠎ᠡ ᠠᠳᠠ ᠶᠠᠷᠢᠵᠤ ᠪᠠᠢᠭ᠎ᠠ ᠲᠡᠵᠢᠭᠡᠪᠦᠷᠢ ᠶ᠋ᠢᠨ ᠮᠠᠯ ᠠᠵᠤ ᠠᠬᠤᠢ ᠭᠡᠳᠡᠭ ᠪᠣᠯ ᠮᠠᠨ ᠤ᠋ ᠤᠯᠠᠮᠵᠢᠯᠠᠯᠲᠤ ᠨᠡᠭᠦᠳᠡᠯ ᠮᠠᠯ ᠠᠵᠤ ᠠᠭᠤᠢ ᠶ᠋ᠢᠨ ᠡᠯᠧᠮᠧᠨ᠋ᠲ ᠢ᠋ ᠲᠡᠵᠢᠭᠡᠬᠦ ᠦᠢᠯᠡᠰ ᠲᠦ᠍ ᠣᠷᠭᠠᠨᠢᠭ ᠢ᠋ᠶ᠋ᠠᠷ ᠰᠢᠩᠭᠡᠵᠦ᠂ ᠣᠳᠣ ᠦᠶ᠎ᠡ ᠶ᠋ᠢᠨ ᠵᠠᠬ᠎ᠠ ᠳᠡᠯᠭᠡᠭᠦᠷ ᠦ᠋ᠨ ᠠᠵᠤ ᠠᠬᠤᠢ ᠪᠣᠯᠤᠨ ᠪᠠᠢᠭᠠᠯᠢ ᠶ᠋ᠢᠨ ᠬᠤᠪᠢᠷᠠᠯᠲᠠ ᠳ᠋ᠤ᠌ ᠬᠠᠨᠳᠤᠭᠤᠯᠤᠨ᠂ ᠤᠤᠯ ᠤ᠋ᠨ ᠪᠡᠯᠴᠢᠭᠡᠷ ᠦ᠋ᠨ ᠮᠠᠯ ᠠᠵᠤ ᠠᠬᠤᠢ ᠶ᠋ᠢᠨ ᠴᠢᠨᠠᠷ ᠴᠢᠨᠰᠠᠭ᠎ᠠ ᠶ᠋ᠢ ᠬᠠᠳᠠᠭᠠᠯᠠᠭᠰᠠᠨ ᠢ᠋ᠶ᠋ᠠᠷ ᠪᠠᠷᠠᠬᠤ ᠦᠭᠡᠢ ᠦᠷ᠎ᠡ ᠠᠰᠢᠭ ᠢ᠋ ᠨᠢ ᠥᠨᠳᠥᠷᠵᠢᠭᠦᠯᠵᠦ᠂ ᠣᠯᠬᠤ ᠠᠰᠢᠭ ᠣᠷᠣᠯᠭ᠎ᠠ ᠶ᠋ᠢ ᠨᠡᠮᠡᠭᠳᠡᠭᠦᠯᠦᠭᠰᠡᠨ ᠮᠠᠯ ᠠᠵᠤ ᠠᠬᠤᠢ ᠶ᠋ᠢᠨ ᠰᠢᠰᠲ᠋ᠧᠮ ᠪᠣᠯᠤᠨ᠎ᠠ᠃ 
ᠲᠡᠢᠮᠦ ᠡᠴᠡ ᠡᠨᠡ ᠨᠢ ᠬᠥᠮᠦᠰ ᠦ᠋ᠨ ᠣᠢᠯᠭᠠᠯᠲᠠ ᠳ᠋ᠠᠬᠢ ᠲᠡᠵᠢᠭᠡᠪᠦᠷᠢ ᠶ᠋ᠢᠨ ᠮᠠᠯ ᠠᠵᠤ ᠠᠬᠤᠢ ᠲᠠᠢ ᠦᠰᠦᠳ  ᠥᠭᠡᠷ᠎ᠡ ᠮᠠᠯᠵᠢᠬᠤ ᠠᠷᠭ᠎ᠠ ᠪᠣᠯᠬᠤ ᠶᠤᠮ᠃ 
ᠲᠡᠵᠢᠭᠡᠪᠦᠷᠢ ᠶ᠋ᠢᠨ ᠮᠠᠯ ᠠᠵᠤ ᠠᠬᠤᠢ ᠶ᠋ᠢᠨ ᠡᠪᠡᠰᠦ ᠪᠣᠷᠳᠣᠭᠠᠨ ᠠ᠋ᠴᠠ ᠡᠬᠢᠯᠡᠭᠡᠳ ᠲᠡᠵᠢᠭᠡᠬᠦ ᠣᠷᠴᠢᠨ ᠲᠣᠭᠣᠷᠢᠨ᠂ ᠬᠤᠭᠤᠴᠠᠭᠠᠨ ᠳ᠋ᠤ᠌ ᠨᠠᠷᠢᠯᠢᠭ ᠠᠩᠬᠠᠷᠴᠤ᠂ ᠳᠠᠩ ᠭᠠᠠᠭᠴᠠ ᠲᠥᠷᠥᠯ  ᠦ᠋ᠨ ᠡᠪᠡᠰᠦ ᠪᠣᠷᠳᠣᠭ᠎ᠠ ᠪᠠᠷ ᠲᠡᠵᠢᠭᠡᠬᠦ ᠪᠢᠰᠢ᠂ ᠬᠠᠷᠢᠨ ᠮᠠᠯ ᠤ᠋ᠨ ᠥᠰᠦᠯᠲᠡ ᠶ᠋ᠢᠨ ᠬᠤᠭᠤᠴᠠᠭ᠎ᠠ ᠵᠢᠴᠢ ᠤᠯᠠᠷᠢᠯ ᠤ᠋ᠨ ᠬᠤᠪᠢᠷᠠᠯᠲᠠ ᠳ᠋ᠤ᠌ ᠵᠣᠬᠢᠴᠠᠭᠤᠯᠤᠨ ᠲᠡᠭᠦᠨ ᠳ᠋ᠦ᠍ ᠳᠤᠲᠠᠭᠳᠠᠵᠤ ᠪᠠᠢᠭ᠎ᠠ ᠨᠥᠬᠥᠪᠥᠷᠢᠯᠡᠬᠦ ᠴᠢᠬᠤᠯᠲᠠᠢ ᠵᠦᠢᠯ ᠢ᠋ ᠣᠯᠠᠨ ᠲᠥᠷᠥᠯ ᠦ᠋ᠨ  ᠡᠯᠸᠮᠲ ᠪᠦᠬᠦᠢ ᠡᠪᠡᠰᠦ᠂ ᠨᠠᠷᠢᠯᠢᠭ ᠲᠡᠵᠢᠭᠡᠯ ᠪᠣᠷᠳᠣᠭ᠎ᠠ ᠪᠠᠷ ᠣᠴᠢᠵᠤ ᠨᠥᠬᠥᠪᠥᠷᠢᠯᠡᠨ᠂ ᠪᠡᠯᠴᠢᠭᠡᠷᠯᠡᠭᠦᠯᠬᠦ ᠪᠣᠯᠤᠨ ᠲᠡᠵᠢᠭᠡᠬᠦ ᠶ᠋ᠢ ᠬᠣᠣᠰᠯᠠᠭᠤᠯᠵᠤ᠂ ᠲᠠᠷᠭᠤ ᠰᠠᠭᠤᠬᠤ ᠬᠤᠭᠤᠴᠠᠭ᠎ᠠ ᠶ᠋ᠢ ᠨᠢ ᠵᠣᠬᠢᠰᠲᠠᠢ ᠤᠷᠲᠤᠰᠬᠠᠵᠤ ᠦᠭᠭᠦᠭᠰᠡᠨ ᠢ᠋ᠶ᠋ᠡᠷ ᠮᠢᠬᠠᠨ ᠤ᠋ ᠴᠢᠨᠠᠷ ᠴᠢᠨᠰᠠᠭ᠎ᠠ ᠪᠣᠯᠤᠨ ᠦᠷ᠎ᠡ ᠠᠰᠢᠭ ᠨᠢ ᠪᠦᠷ ᠪᠠᠯᠴᠢᠢᠭᠡᠷ ᠦ᠋ᠨ ᠮᠠᠯ ᠠᠵᠤ ᠠᠬᠤᠢ ᠲᠠᠢ ᠠᠳᠠᠯᠢᠬᠠᠨ ᠪᠤᠶᠤ ᠵᠠᠷᠢᠮ ᠲᠠᠯ᠎ᠠ ᠪᠠᠷ ᠳᠠᠪᠠᠭᠤᠯᠢᠭ ᠪᠠᠢᠭ᠎ᠠ ᠶ᠋ᠢ ᠦᠢᠯᠡᠳᠦᠯᠭᠡ ᠪᠡᠷ ᠭᠡᠷᠡᠴᠢᠯᠡᠭᠰᠡᠨ ᠪᠢᠯᠡ᠃ ᠪᠡᠯᠴᠢᠭᠡᠷ ᠦ᠋ᠨ ᠮᠠᠯ ᠠᠵᠤ ᠠᠬᠤᠢ ᠶ᠋ᠢᠨ ᠮᠢᠬᠠᠨ ᠤ᠋ ᠴᠢᠨᠠᠷ ᠴᠢᠨᠰᠠᠭ᠎ᠠ ᠵᠢᠴᠢ ᠦᠨᠦᠷ ᠠᠮᠲᠠ ᠶ᠋ᠢ ᠪᠢᠳᠡ ᠥᠨᠥᠳᠥᠷ ᠪᠠᠢᠭᠠᠯᠢ ᠣᠷᠴᠢᠨ ᠪᠣᠯᠤᠨ ᠵᠠᠬ᠎ᠠ ᠳᠡᠯᠭᠡᠭᠦᠷ ᠦ᠋ᠨ ᠬᠤᠪᠢᠷᠠᠯᠲᠠ ᠲᠠᠢ ᠨᠡᠩ ᠰᠠᠢᠨ ᠵᠣᠬᠢᠴᠠᠠᠭᠰᠠᠨ ᠲᠡᠵᠢᠭᠡᠪᠦᠷᠢ ᠶ᠋ᠢᠨ ᠮᠠᠯ ᠠᠵᠤ ᠠᠬᠤᠢ  ᠠ᠋ᠴᠠ ᠣᠯᠵᠤ ᠴᠢᠳᠠᠭᠰᠠᠨ ᠮᠥᠷᠲᠡᠭᠡᠨ ᠲᠡᠭᠦᠨ ᠡᠴᠡ ᠴᠦ᠍ ᠢᠯᠡᠭᠦᠦ ᠦᠷ᠎ᠡ ᠠᠰᠢᠭ ᠣᠯᠵᠤ ᠪᠣᠯᠬᠤ ᠶ᠋ᠢ ᠮᠡᠳᠡᠭᠰᠡᠨ ᠪᠢᠯᠡ᠃ ᠡᠨᠡ ᠨᠢ ᠮᠠᠨ  ᠤ᠋ ᠮᠠᠯᠴᠢᠳ ᠤ᠋ᠨ ᠬᠤᠪᠢ ᠳ᠋ᠤ᠌ ᠶᠠᠭᠤ ᠲᠠᠢ ᠪᠠᠶᠠᠷ᠂ ᠶᠠᠭᠤ ᠲᠠᠢ ᠵᠠᠪᠰᠢᠶᠠᠨ᠃ 

  ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ