ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ – ᠴᠢᠷᠮᠠᠢᠯᠲᠦ ᠡᠮᠬᠢᠳᠬᠡᠨ ᠨᠠᠢᠷᠠᠭᠤᠯᠪᠠ - ᠣᠷᠣᠰᠢᠯ Монгол үндэстний шалгарсан ардчилсан хувьсгалч Шинэлам – Чармаилт эмхэтгэн найруулав - Оршил ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ – ᠴᠢᠷᠮᠠᠢᠯᠲᠦ ᠡᠮᠬᠢᠳᠬᠡᠨ ᠨᠠᠢᠷᠠᠭᠤᠯᠪᠠ - ᠣᠷᠣᠰᠢᠯ Монгол үндэстний шалгарсан ардчилсан хувьсгалч Шинэлам – Чармаилт эмхэтгэн найруулав - Оршил

ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ – ᠴᠢᠷᠮᠠᠢᠯᠲᠦ ᠡᠮᠬᠢᠳᠬᠡᠨ ᠨᠠᠢᠷᠠᠭᠤᠯᠪᠠ - ᠣᠷᠣᠰᠢᠯ Монгол үндэстний шалгарсан ардчилсан хувьсгалч Шинэлам – Чармаилт эмхэтгэн найруулав - Оршил

ᠠᠩᠭᠢᠯᠠᠯ:ᠲᠡᠦᠬᠡ ᠰᠣᠶᠣᠯ
2025-08-07

211

ᠣᠷᠣᠰᠢᠯ

             
                                        ᠣᠳᠬᠣᠨᠪᠢᠯᠢᠭ᠌(ᠬᠣᠣ ᠸᠧᠢ ᠮᠢᠨ)  

       20 ᠳ᠋ᠤᠭᠠᠷ ᠵᠠᠭᠤᠨ ᠤ᠋ ᠬᠣᠷᠢᠭᠠᠳ ᠣᠨ ᠤ᠋ ᠡᠮᠦᠨ᠎ᠡ ᠬᠣᠢᠨᠠᠬᠢ ᠨᠢᠭᠡᠨ ᠦᠶ᠎ᠡ ᠪᠣᠯ ᠳᠤᠮᠳᠠᠳᠤ ᠤᠯᠤᠰ ᠤ᠋ᠨ ᠪᠣᠯᠤᠨ ᠳᠡᠯᠡᠬᠡᠢ ᠶ᠋ᠢᠨ ᠪᠠᠢᠳᠠᠯ ᠳ᠋ᠤ᠌ ᠠᠰᠤᠷᠤ ᠶᠡᠬᠡ ᠬᠤᠪᠢᠰᠤᠯᠲᠠ ᠭᠠᠷᠴᠤ ᠪᠠᠢᠭᠰᠠᠨ ᠳᠤᠤᠯᠢᠶᠠᠨ ᠶᠡᠬᠡᠲᠦ ᠲᠡᠦᠬᠡ ᠶ᠋ᠢᠨ ᠣᠨ ᠵᠢᠯ ᠦ᠋ᠳ ᠪᠠᠢᠭᠰᠠᠨ ᠶᠤᠮ᠃ ᠲᠡᠭᠡᠬᠦ ᠳ᠋ᠦ᠍ ᠥᠪᠥᠷ ᠮᠣᠩᠭᠣᠯ ᠣᠷᠣᠨ ᠴᠤ᠌ ᠲᠡᠭᠦᠨ ᠡᠴᠡ ᠭᠠᠳᠠᠭᠤᠷ ᠪᠠᠢᠭ᠎ᠠ ᠦᠭᠡᠢ᠃ ᠲᠡᠦᠬᠡ ᠶ᠋ᠢᠨ ᠶᠡᠬᠡ ᠬᠤᠪᠢᠰᠤᠯᠲᠠ ᠶ᠋ᠢᠨ ᠴᠠᠭ ᠡᠷᠢᠨ ᠳ᠋ᠦ᠍ ᠡᠷᠡᠨ᠂ ᠲᠡᠦᠬᠡ ᠶ᠋ᠢᠨ ᠬᠠᠨᠳᠤᠰᠢ ᠶ᠋ᠢ ᠤᠭᠲᠤᠭᠤᠯᠤᠨ ᠲᠡᠮᠡᠴᠡᠭᠰᠡᠨ ᠤᠬᠠᠭ᠎ᠠ ᠬᠤᠷᠴᠠ ᠬᠠᠷᠠᠭ᠎ᠠ ᠬᠣᠯᠠ ᠵᠣᠷᠢᠭᠲᠠᠨ ᠪᠠᠭᠠᠲᠤᠳ ᠴᠤ᠌ ᠪᠣᠯᠤᠭ᠂ ᠲᠡᠦᠬᠡ ᠶ᠋ᠢᠨ ᠬᠥᠭᠵᠢᠯᠲᠡ  ᠳ᠋ᠦ᠍ ᠲᠣᠳᠬᠠᠷ ᠤᠴᠠᠷᠠᠭᠤᠯᠬᠤ ᠶ᠋ᠢ ᠭᠣᠷᠢᠳᠠᠭᠴᠢ ᠢᠯᠵᠠᠷᠠᠮᠠᠯ ᠬᠦᠴᠦᠨ ᠴᠦ᠍ ᠪᠣᠯᠤᠭ᠂ᠠᠯᠢ ᠠᠯᠢᠨ ᠨᠢ ᠭᠡᠰᠡᠨ ᠦᠭᠡᠢ ᠲᠡᠦᠬᠡᠨ ᠬᠥᠮᠦᠨ ᠦ᠌ ᠬᠤᠪᠢ ᠪᠠᠷ ᠢᠯᠡᠷᠡᠨ ᠭᠠᠷᠴᠤ᠂ ᠥᠪᠡᠷ ᠥᠪᠡᠷ ᠦ᠋ᠨ ᠦᠨᠡᠨ ᠳᠦᠷᠢ ᠪᠡᠨ ᠲᠠᠨᠢᠭᠤᠯᠳᠠᠭ ᠤᠴᠢᠷᠲᠠᠢ᠃ ᠳᠡᠯᠡᠬᠡᠢ ᠳ᠋ᠠᠬᠢᠨ ᠳ᠋ᠤ᠌ ᠠᠯᠳᠠᠷ ᠴᠤᠤᠲᠠᠢ ᠣᠷᠳᠣᠰ ᠤ᠋ᠨ ᠥᠨᠳᠥᠷᠯᠢᠭ ᠳᠡᠭᠡᠷ᠎ᠡ ᠲᠡᠷᠡ ᠦᠶ᠎ᠡ ᠳ᠋ᠦ᠍ ᠨᠢᠭᠡᠨ ᠴᠤᠤᠲᠤ ᠬᠥᠮᠦᠨ ᠮᠡᠨᠳᠦᠯᠡᠵᠦ᠂ ᠣᠯᠠᠨ ᠵᠢᠯ ᠦ᠋ᠨ ᠲᠤᠷᠰᠢ ᠥᠪᠡᠷᠮᠢᠴᠡ ᠥᠩᠭᠡ ᠭᠢᠯᠪᠠᠭ᠎ᠠ ᠪᠠᠷ ᠢ᠋ᠶ᠋ᠠᠨ ᠬᠣᠵᠢᠮ ᠤ᠋ᠨ ᠬᠥᠮᠦᠰ ᠦ᠋ᠨ ᠠᠩᠬᠠᠷᠤᠯ ᠢ᠋ ᠲᠠᠲᠠᠭᠰᠠᠭᠠᠷ ᠢᠷᠡᠭᠰᠡᠨ᠃ ᠲᠡᠷᠡ ᠬᠥᠮᠦᠨ ᠪᠣᠯ ᠰᠢᠨᠠᠯᠠᠮ᠎ᠠ ᠪᠢᠯᠡ᠃ ᠲᠡᠭᠦᠨ ᠢ᠋ ᠴᠥᠭᠡᠨ ᠪᠤᠰᠤ ᠬᠥᠮᠦᠨ ᠰᠠᠢᠨ ᠮᠡᠳᠡᠳᠡᠭ᠃  
       20 ᠳ᠋ᠤᠭᠠᠷ ᠵᠠᠭᠤᠨ ᠤ᠋ ᠲᠠᠪᠢᠭᠠᠳ ᠣᠨ ᠤ᠋ ᠦᠶ᠎ᠡ  ᠡᠴᠡ ᠡᠬᠢᠯᠡᠨ ᠬᠥᠮᠦᠰ ᠰᠢᠨᠡᠯᠡᠮ᠎ᠡ ᠶ᠋ᠢᠨ ᠲᠡᠦᠬᠡ ᠶ᠋ᠢ ᠵᠠᠯᠭᠠᠭ᠎ᠠ ᠪᠠᠷ ᠰᠤᠷᠪᠤᠯᠵᠢᠯᠠᠨ ᠰᠤᠳᠤᠯᠵᠤ᠂ ᠲᠡᠭᠦᠨ ᠦ᠌ ᠦᠢᠯᠡ ᠶᠠᠪᠤᠳᠠᠯ ᠢ᠋ ᠲᠡᠮᠳᠡᠭᠯᠡᠭᠰᠡᠨ ᠵᠣᠬᠢᠶᠠᠯ ᠪᠦᠲᠦᠭᠡᠯ ᠪᠣᠯᠤᠨ ᠣᠨ ᠤ᠋ ᠴᠠᠳᠢᠭ ᠢ᠋ ᠨᠡᠢᠲᠡᠯᠡᠭᠦᠯᠦᠭᠰᠡᠭᠡᠷ ᠢᠷᠡᠭᠰᠡᠨ ᠪᠥᠭᠡᠳ ᠨᠠᠮᠲᠠᠷ ᠢ᠋ ᠨᠢ ᠴᠦ᠍ ᠡᠮᠬᠢᠳᠬᠡᠨ ᠬᠡᠪᠯᠡᠭᠦᠯᠵᠦ ᠪᠠᠢᠯ᠎ᠠ᠃ ᠮᠥᠨ ᠮᠠᠰᠢ ᠣᠯᠠᠨ ᠲᠤᠰᠬᠠᠢ ᠪᠦᠲᠦᠭᠡᠯ ᠳ᠋ᠦ᠍ ᠰᠢᠨᠠᠯᠠᠮ᠎ᠠ ᠶ᠋ᠢᠨ ᠦᠢᠯᠡ ᠶᠠᠪᠤᠳᠠᠯ ᠠᠳᠠᠯᠢ ᠪᠤᠰᠤ ᠬᠡᠮᠵᠢᠶ᠎ᠡ ᠪᠡᠷ ᠳᠤᠷᠠᠳᠤᠭᠳᠠᠵᠤ᠂ ᠰᠢᠨᠡᠯᠡᠮ᠎ᠡ ᠪᠡᠷ ᠤᠭ ᠳᠦᠷᠢ ᠪᠣᠯᠭᠠᠭᠰᠠᠨ ᠲᠧᠯᠧᠸᠢᠰ ᠵᠦᠴᠦᠭᠡ ᠬᠢᠭᠡᠳ ᠺᠢᠨᠣ᠋ ᠴᠤ᠌ ᠰᠡᠭᠦᠳᠡᠷᠯᠡᠭᠳᠡᠨ ᠦᠢᠯᠡᠳᠦᠭᠳᠡᠵᠡᠢ᠃ ᠬᠡᠳᠦᠢ ᠲᠡᠢᠮᠦ ᠪᠣᠯᠪᠠᠴᠤ ᠬᠥᠮᠦᠰ ᠮᠥᠨ ᠯᠡ ᠰᠢᠨᠡᠯᠡᠮ᠎ᠡ ᠶ᠋ᠢ ᠣᠨᠢᠰᠣᠭ᠎ᠠ ᠥᠭᠡᠷ᠎ᠡ ᠦᠭᠡᠢ ᠰᠣᠨᠢᠷᠬᠠᠨ᠂ ᠣᠨᠴᠠᠯᠠᠨ ᠰᠤᠳᠤᠯᠬᠤ ᠪᠠᠨ ᠪᠣᠯᠢᠭᠰᠠᠨ ᠦᠭᠡᠢ᠃ 
       ᠲᠤᠰ ᠨᠣᠮ ᠤ᠋ᠨ ᠵᠣᠬᠢᠶᠠᠭᠴᠢ ᠴᠢᠷᠮᠠᠢᠯᠲᠤ ᠬᠡᠳᠦᠢᠪᠡᠷ ᠲᠡᠷᠡ ᠣᠯᠠᠨ ᠰᠤᠳᠤᠯᠤᠭᠴᠢᠳ ᠤ᠋ᠨ ᠨᠢᠭᠡ ᠨᠢ ᠪᠠᠢᠭ᠎ᠠ ᠪᠣᠯᠪᠠᠴᠤ ᠪᠤᠰᠤᠳ ᠲᠠᠢ ᠪᠠᠨ ᠢᠯᠭᠠᠭ᠎ᠠ ᠲᠠᠢ ᠶᠤᠮ᠃ ᠲᠡᠷᠡ ᠪᠡᠷ ᠳᠡᠭᠡᠷ᠎ᠡ ᠵᠠᠭᠤᠨ ᠤ᠋ ᠵᠢᠷᠠᠭᠠᠳ ᠣᠨ ᠤ᠋ ᠦᠶ᠎ᠡ ᠳ᠋ᠦ᠍ ᠣᠲᠣᠭ ᠬᠤᠰᠢᠭᠤᠨ ᠤ᠋ ᠨᠢᠭᠡᠳᠦᠭᠡᠷ ᠳᠤᠮᠳᠠᠳᠤ ᠰᠤᠷᠭᠠᠭᠤᠯᠢ ᠠ᠋ᠴᠠ ᠲᠡᠭᠦᠰᠦᠭᠰᠡᠨ ᠦ᠌ ᠳᠠᠷᠠᠭ᠎ᠠ᠂ ᠦᠦᠰᠢᠨ ᠨᠤᠲᠤᠭ ᠲᠠᠭᠠᠨ ᠬᠠᠷᠢᠵᠤ ᠮᠠᠯᠴᠢᠨ ᠪᠣᠯᠤᠭᠰᠠᠨ ᠪᠢᠯᠡ᠃ ᠲᠡᠭᠦᠨ ᠡᠴᠡ ᠬᠣᠢᠰᠢᠬᠢ ᠲᠠᠪᠢᠭᠠᠳ ᠵᠢᠯ ᠦ᠋ᠨ ᠮᠠᠯᠴᠢᠨ ᠤ᠋ ᠠᠮᠢᠳᠤᠷᠠᠯ ᠳᠤᠮᠳᠠ ᠪᠠᠨ ᠲᠡᠷᠡ ᠮᠠᠯ ᠠᠵᠤ ᠠᠬᠤᠢ ᠶ᠋ᠢᠨ ᠦᠢᠯᠡᠳᠪᠦᠷᠢᠯᠡᠯ ᠳ᠋ᠦ᠍ ᠣᠷᠣᠯᠴᠠᠬᠤ ᠶ᠋ᠢᠨ ᠢ᠋ᠶ᠋ᠡᠨ ᠳᠠᠭᠠᠤ ᠳ᠋ᠤ᠌ ᠥᠪᠡᠷ ᠦ᠋ᠨ ᠰᠠᠢᠨ ᠳᠤᠷ᠎ᠠ ᠠ᠋ᠴᠠ ᠪᠠᠨ ᠣᠷᠣᠨ ᠨᠤᠲᠤᠭ ᠤ᠋ᠨ ᠢ᠋ᠶ᠋ᠠᠨ ᠲᠡᠦᠬᠡ ᠶ᠋ᠢ ᠰᠤᠳᠤᠯᠬᠤ ᠠᠵᠢᠯ ᠬᠢᠵᠦ᠂ ᠲᠡᠷᠡ ᠲᠣᠰᠤᠮ ᠢ᠋ᠶ᠋ᠠᠨ ᠰᠢᠨᠠᠯᠠᠮ᠎ᠠ ᠶ᠋ᠢ ᠨᠡᠩ ᠢᠯᠡᠭᠦᠦ ᠠᠩᠬᠠᠷᠴᠤ᠂ ᠡᠨᠡ ᠲᠤᠬᠠᠢ ᠥᠭᠦᠯᠡᠯ ᠵᠣᠬᠢᠶᠠᠯ ᠤ᠋ᠳ ᠢ᠋ ᠴᠥᠯᠪᠡᠨ ᠤᠩᠰᠢᠵᠤ᠂ ᠲᠡᠦᠬᠡᠨ ᠮᠠᠲ᠋ᠧᠷᠢᠶᠠᠯ ᠡᠷᠢᠵᠦ ᠴᠤᠭᠯᠠᠭᠤᠯᠤᠨ᠂ ᠠᠢᠯ ᠡᠷᠦᠬᠡ ᠨᠦ᠍ᠭᠦᠳ ᠢ᠋ᠶ᠋ᠡᠷ ᠶᠠᠪᠤᠵᠤ ᠦᠨᠡᠨ ᠪᠠᠢᠳᠠᠯ ᠢ᠋ ᠮᠡᠳᠡᠬᠦ ᠬᠥᠮᠦᠰ ᠢ᠋ ᠰᠤᠷᠪᠤᠯᠵᠢᠯᠠᠨ᠂ ᠲᠡᠦᠬᠡᠨ ᠮᠠᠲ᠋ᠧᠷᠢᠶᠠᠯ ᠪᠣᠯᠤᠨ ᠵᠠᠷᠢᠮ ᠨᠣᠮ ᠵᠣᠬᠢᠶᠠᠯ ᠳ᠋ᠠᠬᠢ ᠮᠠᠳᠠᠭ ᠲᠠᠢ ᠵᠦᠢᠯᠡᠰ ᠢ᠋ ᠨᠢᠭᠡᠳ ᠨᠢᠭᠡ ᠪᠡᠷ ᠬᠠᠷᠭᠤᠭᠤᠯᠤᠨ ᠴᠠᠭᠠᠷᠠᠭᠤᠯᠬᠤ ᠶ᠋ᠢᠨ ᠬᠠᠮᠲᠤᠳᠠ ᠪᠠᠰᠠ ᠬᠥᠮᠦᠰ ᠦ᠋ᠨ ᠬᠠᠷᠠᠭᠠᠨ ᠳ᠋ᠤ᠌ ᠣᠷᠣᠭ᠎ᠠ ᠦᠭᠡᠢ ᠪᠠᠢᠭᠰᠠᠨ ᠰᠢᠨ᠎ᠡ ᠰᠢᠨ᠎ᠡ ᠮᠡᠳᠡᠭᠡ ᠨᠦ᠍ᠭᠦᠳ ᠢ᠋ ᠴᠤᠭᠯᠠᠭᠤᠯᠤᠨ ᠰᠤᠳᠤᠯᠭᠠᠨ ᠤ᠋ ᠬᠦᠷᠢᠶ᠎ᠡ ᠬᠡᠪᠴᠢᠶ᠎ᠡ ᠶ᠋ᠢ ᠥᠷᠭᠡᠳᠬᠡᠭᠰᠡᠨ ᠪᠠᠢᠨ᠎ᠠ᠃ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠮᠣᠩᠭᠣᠯ ᠲᠡᠦᠬᠡ ᠶ᠋ᠢᠨ ᠡᠷᠳᠡᠮᠲᠡᠨ ᠴᠢᠮᠡᠳᠳᠣᠷᠵᠢ ᠫᠷᠣᠹᠧᠰᠰᠣᠷ ᠤ᠋ᠨ ᠬᠠᠯᠠᠭᠤᠨ ᠬᠠᠪᠰᠤᠷᠤᠯᠭ᠎ᠠ ᠳᠣᠣᠷ᠎ᠠ᠂ ᠴᠢᠷᠮᠠᠢᠯᠲᠤ ᠮᠣᠩᠭᠣᠯ ᠲᠡᠦᠬᠡ ᠶ᠋ᠢᠨ ᠡᠷᠳᠡᠮ ᠰᠢᠨᠵᠢᠯᠡᠭᠡᠨ ᠦ᠌ ᠴᠥᠭᠡᠨ ᠪᠤᠰᠤ ᠬᠤᠷᠠᠯ ᠴᠤᠭᠯᠠᠭᠠᠨ ᠳ᠋ᠤ᠌ ᠣᠷᠣᠯᠴᠠᠵᠤ᠂ ᠮᠡᠳᠡᠯᠭᠡ ᠪᠡᠨ ᠨᠡᠮᠡᠭᠳᠡᠭᠦᠯᠦᠨ ᠰᠤᠳᠤᠯᠭᠠᠨ ᠤ᠋ ᠴᠢᠭᠯᠡᠯ ᠢ᠋ᠶ᠋ᠡᠨ ᠳᠦᠷᠢᠮᠵᠢᠭᠦᠯᠵᠦ ᠦᠷᠭᠦᠯᠵᠢᠯᠡᠨ ᠰᠤᠳᠤᠯᠭᠠᠨ ᠤ᠋ ᠠᠵᠢᠯ ᠳ᠋ᠠᠭᠠᠨ ᠴᠥᠬᠥᠷᠡᠰᠢ ᠦᠭᠡᠢ ᠰᠢᠭᠤᠳᠷᠠᠨ ᠵᠢᠳᠬᠦᠭᠰᠡᠨ ᠪᠢᠯᠡ᠃ ᠲᠡᠷᠡ ᠮᠠᠨᠢ ᠡᠳᠦᠷ ᠨᠢ ᠮᠠᠯ ᠬᠤᠢ ᠪᠠᠨ ᠳᠣᠳᠣᠮᠳᠠᠨ ᠰᠥᠨᠢ ᠨᠢ ᠲᠣᠰᠣᠨ ᠳ᠋ᠧᠩ ᠦ᠋ᠨ ᠳᠣᠣᠷ᠎ᠠ ᠨᠣᠮ ᠤᠩᠰᠢᠨ ᠵᠣᠬᠢᠶᠠᠯ ᠪᠦᠲᠦᠭᠡᠯ ᠢ᠋ᠶ᠋ᠡᠨ ᠲᠤᠭᠤᠷᠪᠢᠵᠤ᠂ ᠬᠥᠳᠡᠭᠡ ᠨᠤᠲᠤᠭ ᠲᠤ᠌ ᠴᠠᠬᠢᠯᠭᠠᠨ ᠨᠡᠪᠲᠡᠷᠡᠭᠰᠡᠨ ᠦ᠌ ᠳᠠᠷᠠᠭ᠎ᠠ ᠨᠡᠩ ᠢᠯᠡᠭᠦᠦ ᠴᠢᠷᠮᠠᠢᠨ ᠪᠢᠴᠢᠬᠦ ᠪᠣᠯᠤᠭᠰᠠᠨ ᠪᠥᠭᠡᠳ ᠮᠥᠨ ᠡᠨᠡ ᠮᠡᠲᠦ ᠪᠡᠷ ᠣᠯᠠᠨ ᠬᠣᠨᠣᠭ ᠢ᠋ ᠨᠢᠭᠡᠨ ᠡᠳᠦᠷ ᠮᠡᠲᠦ ᠥᠩᠭᠡᠷᠡᠭᠡᠵᠦ᠂ ᠰᠢᠵᠢᠭᠢᠨᠡᠭᠰᠡᠨ ᠰᠠᠢᠬᠠᠨ ᠵᠠᠯᠠᠭᠤ ᠨᠠᠰᠤ ᠪᠠᠨ ᠦᠳᠡᠵᠦ ᠰᠢᠨᠠ ᠶ᠋ᠢᠨ ᠦᠰᠦ ᠪᠤᠭᠤᠷᠤᠯ ᠪᠣᠯᠲᠠᠯ᠎ᠠ ᠪᠠᠨ ᠵᠢᠳᠬᠦᠭᠡᠳ ᠡᠨᠡ ᠬᠦ᠌ ᠳᠣᠮᠣᠭ ᠰᠢᠤᠬᠠᠨ ᠪᠠᠭᠠᠲᠤᠷ ᠬᠥᠮᠦᠨ ᠦ᠌ ᠨᠠᠮᠲᠠᠷ ᠲᠡᠦᠬᠡ ᠶ᠋ᠢ ᠪᠢᠴᠢᠭᠯᠡᠨ ᠭᠠᠷᠭᠠᠭᠰᠠᠨ ᠨᠢ ᠠᠷᠭ᠎ᠠ ᠦᠭᠡᠢ ᠯᠡ ᠰᠡᠳᠬᠢᠯ ᠢ᠋ ᠬᠥᠳᠡᠯᠭᠡᠨᠡᠮ᠃ ᠡᠭᠦᠨ ᠳ᠋ᠡᠭᠡᠨ ᠲᠡᠷᠡ ᠬᠡᠳᠦᠢ ᠶᠡᠬᠡ ᠡᠳ᠋ ᠮᠥᠩᠭᠥ ᠵᠠᠷᠤᠴᠠᠭᠤᠯᠤᠭᠰᠠᠨ ᠢ᠋ ᠬᠡᠯᠡᠬᠦ ᠦᠭᠡᠢ ᠳ᠋ᠦ᠍᠂  ᠡᠨᠡ ᠬᠦ᠌ ᠵᠣᠷᠢᠭ ᠰᠠᠨᠠᠭ᠎ᠠ ᠨᠢ ᠪᠤᠲᠠ ᠪᠡᠶ᠎ᠡ ᠪᠡᠷ ᠢ᠋ᠶ᠋ᠡᠨ ᠡᠷᠬᠢᠮ ᠦᠨᠡᠲᠦ ᠥᠪ ᠬᠥᠷᠥᠩᠭᠡ ᠪᠠᠢᠭᠰᠠᠨ ᠭᠡᠳᠡᠭ ᠣᠢᠯᠠᠭᠠᠮᠵᠢᠲᠠᠢ᠃ 
       ᠡᠨᠡ ᠬᠦ᠌ ᠵᠢᠪ ᠵᠢᠩᠬᠢᠨᠢ ᠮᠠᠯᠴᠢᠨ ᠬᠥᠮᠦᠨ ᠦ᠌ ᠲᠤᠭᠤᠷᠪᠢᠭᠰᠠᠨ ᠲᠡᠦᠬᠡᠨ ᠬᠥᠮᠦᠨ ᠦ᠌ ᠨᠠᠮᠲᠠᠷ ᠨᠢ ᠪᠤᠰᠤᠳ ᠤ᠋ᠨ ᠰᠤᠳᠤᠯᠭᠠᠨ ᠤ᠋ ᠦᠷ᠎ᠡ ᠪᠦᠲᠦᠭᠡᠯ ᠢ᠋ ᠵᠠᠯᠭᠠᠮᠵᠢᠯᠠᠨ᠂ ᠲᠡᠦᠬᠡ ᠶ᠋ᠢᠨ ᠳᠠᠩᠰᠠ ᠡᠪᠬᠡᠮᠡᠯ ᠦ᠋ᠨ ᠮᠠᠲ᠋ᠧᠷᠢᠶᠠᠯ ᠢ᠋ ᠭᠦᠢᠴᠡᠳ ᠴᠤᠭᠯᠠᠭᠤᠯᠤᠨ ᠠᠰᠢᠭᠯᠠᠭᠰᠠᠨ ᠠ᠋ᠴᠠ ᠭᠠᠳᠠᠨ᠎ᠠ ᠨᠡᠩ ᠴᠢᠬᠤᠯᠠ ᠨᠢ ᠲᠤᠬᠠᠢ ᠶ᠋ᠢᠨ ᠦᠶ᠎ᠡ ᠶ᠋ᠢᠨ ᠬᠥᠮᠦᠰ ᠪᠣᠯᠤᠨ ᠪᠠᠢᠳᠠᠯ ᠢ᠋ ᠣᠢᠯᠠᠭᠠᠳᠠᠭ ᠬᠥᠮᠦᠰ ᠡᠴᠡ ᠠᠰᠠᠭᠤᠨ ᠰᠤᠷᠪᠤᠯᠵᠢᠯᠠᠬᠤ ᠪᠠᠷ ᠳᠠᠮᠵᠢᠨ ᠬᠥᠮᠦᠨ ᠦ᠌ ᠨᠡᠷ᠎ᠡ᠂ ᠭᠠᠵᠠᠷ ᠤ᠋ᠨ ᠨᠡᠷ᠎ᠡ᠂ ᠬᠡᠷᠡᠭ ᠶᠠᠪᠤᠳᠠᠯ ᠪᠣᠯᠤᠨ ᠴᠠᠭ ᠬᠤᠭᠤᠴᠠᠭ᠎ᠠ ᠡᠳᠦᠷ ᠰᠠᠷ᠎ᠠ ᠶ᠋ᠢᠨ ᠲᠠᠯ᠎ᠠ ᠪᠠᠷ ᠬᠠᠷᠭᠤᠭᠤᠯᠤᠨ ᠲᠤᠯᠭᠠᠵᠤ᠂ ᠲᠡᠦᠬᠡ ᠶ᠋ᠢᠨ ᠦᠨᠡᠨ ᠢ᠋ ᠢᠯᠡᠷᠡᠭᠦᠯᠬᠦ ᠳ᠋ᠦ᠍ ᠠᠰᠤᠷᠤ ᠶᠡᠬᠡ ᠵᠢᠳᠬᠦᠯ ᠭᠠᠷᠭᠠᠭᠰᠠᠨ ᠪᠠᠢᠨ᠎ᠠ᠃ ᠡᠨᠡ ᠲᠠᠯ᠎ᠠ ᠪᠠᠷ ᠲᠡᠦᠬᠡ ᠰᠤᠳᠤᠯᠭᠠᠨ ᠤ᠋ ᠠᠵᠢᠯᠲᠠᠨ ᠪᠣᠯᠤᠭᠰᠠᠨ ᠤ᠋ ᠬᠤᠪᠢ ᠳ᠋ᠤ᠌ ᠪᠢ ᠴᠠᠭᠠᠨ᠎ᠠ ᠠ᠋ᠴᠠ ᠪᠠᠨ ᠬᠢᠮᠵᠠᠯᠠᠬᠤ ᠠᠭᠠᠳ ᠴᠢᠷᠮᠠᠢᠯᠲᠤ ᠠᠪᠤᠭᠠᠢ ᠳ᠋ᠤ᠌ ᠵᠢᠷᠦᠬᠡᠨ ᠦ᠌ ᠤᠭ ᠠ᠋ᠴᠠ ᠪᠠᠨ ᠬᠦᠨᠳᠦᠳᠬᠡᠯ ᠳᠡᠪᠰᠢᠭᠦᠯᠦᠶ᠎ᠡ᠃ 
       ᠰᠢᠨᠠᠯᠠᠮ᠎ᠠ ᠶ᠋ᠢᠨ ᠤᠤᠯ ᠨᠡᠷ᠎ᠡ ᠨᠢ ᠥᠯᠵᠡᠢᠵᠢᠷᠭᠠᠯ ᠭᠡᠳᠡᠭ᠃1866 ᠣᠨ ᠳ᠋ᠤ᠌ ᠶᠡᠬᠡ ᠵᠣᠣ ᠠᠢᠮᠠᠭ ᠤ᠋ᠨ ᠦᠦᠰᠢᠨ ᠬᠤᠰᠢᠭᠤᠨ ᠤ᠋ ᠨᠢᠭᠡᠨ ᠶᠠᠳᠠᠭᠤ ᠮᠠᠯᠴᠢᠨ ᠤ᠋ ᠭᠡᠷ ᠲᠦ᠍ ᠲᠥᠷᠥᠵᠡᠢ᠃ ᠬᠣᠰᠢᠭᠤ ᠸᠠᠩ ᠤ᠋ᠨ ᠣᠷᠳᠣᠨ ᠳ᠋ᠤ᠌ ᠠᠯᠪᠠ ᠬᠠᠭᠠᠬᠤ ᠲᠣᠬᠢᠶᠠᠯ ᠢ᠋ᠶ᠋ᠠᠷ ᠮᠣᠩᠭᠣᠯ ᠪᠢᠴᠢᠭ ᠰᠤᠷᠤᠭᠠᠳ᠂ ᠣᠯᠠᠨ ᠠ᠋ᠴᠠ ᠣᠨᠴᠠᠭᠠᠢ ᠠᠪᠬᠠᠯᠵᠢ ᠰᠡᠷᠭᠦᠯᠡᠩ ᠪᠣᠯᠬᠣᠷ ᠸᠠᠩ ᠤ᠋ᠨ ᠣᠷᠳᠣᠨ ᠳ᠋ᠤ᠌ ᠪᠢᠴᠢᠭᠡᠴᠢ ᠪᠡᠷ ᠰᠣᠩᠭᠣᠭᠳᠠᠭᠰᠠᠨ ᠪᠣᠯᠪᠠᠴᠤ ᠬᠣᠰᠢᠭᠤ ᠹᠧᠣᠳᠠᠯ ᠤ᠋ᠨ ᠢᠯᠵᠠᠷᠠᠮᠠᠯ ᠪᠠᠢᠳᠠᠯ ᠳ᠋ᠤ᠌ ᠳᠤᠷ᠎ᠠ ᠦᠭᠡᠢᠴᠡᠬᠦ ᠳ᠋ᠡᠭᠡᠨ ᠠᠵᠢᠯ ᠢ᠋ᠶ᠋ᠠᠨ ᠬᠠᠶᠠᠭᠠᠳ ᠭᠡᠷ ᠲᠡᠭᠡᠨ ᠬᠠᠷᠢᠵᠤ ᠮᠠᠯ ᠢ᠋ᠶ᠋ᠠᠨ ᠬᠠᠷᠢᠭᠤᠯᠵᠠᠢ᠃ ᠸᠠᠩ ᠤ᠋ᠨ ᠣᠷᠳᠣᠨ ᠲᠡᠭᠦᠨ ᠢ᠋ ᠲᠡᠳᠡᠨ ᠠᠪᠬᠤ ᠶ᠋ᠢᠨ ᠲᠤᠰᠠᠳᠠ ᠡᠷᠬᠡ ᠵᠡᠷᠭᠡ ᠠᠮᠠᠯᠠᠨ᠂ ᠸᠠᠩ ᠨᠣᠶᠠᠨ ᠴᠤ᠌ ᠵᠢᠮᠡᠯᠡᠬᠦ ᠠᠶᠠᠰ ᠲᠠᠢ ᠪᠣᠯᠬᠤ ᠪᠠᠷ ᠨᠢ ᠲᠡᠷᠡ ᠭᠡᠷ ᠡᠴᠡ ᠭᠠᠷᠴᠤ ᠯᠠᠮᠠ ᠪᠣᠯᠤᠯ᠎ᠠ ᠭᠡᠳ ᠥᠪᠡᠷ ᠢ᠋ ᠪᠡᠨ《ᠰᠢᠨᠡᠯᠡᠮ᠎ᠡ》 ᠭᠡᠵᠡᠢ᠃ ᠡᠭᠦᠨ ᠳ᠋ᠦ᠍ ᠲᠡᠭᠦᠨ ᠦ᠌ ᠬᠤᠷᠴᠠ ᠰᠠᠮᠪᠠᠭᠠᠯᠢᠭ ᠣᠢ ᠤᠬᠠᠭᠠᠨ ᠢᠯᠡᠷᠡᠵᠦ ᠪᠠᠢᠭ᠎ᠠ ᠶᠤᠮ᠃ ᠲᠡᠭᠦᠨ ᠡᠴᠡ ᠬᠣᠢᠰᠢ ᠲᠡᠷᠡ ᠪᠡᠷ ᠰᠢᠨᠠᠯᠠᠮ᠎ᠠ ᠭᠡᠭᠳᠡᠵᠦ᠂ ᠤᠳᠠᠯ ᠦᠭᠡᠢ《ᠳᠤᠭᠤᠢᠯᠠᠩ》 ᠤ᠋ᠨ ᠬᠥᠳᠡᠯᠭᠡᠭᠡᠨ ᠦ᠌ ᠠᠯᠳᠠᠷᠲᠤ ᠤᠳᠤᠷᠢᠳᠤᠭᠴᠢ ᠪᠣᠯᠤᠭᠠᠳ ᠦᠦᠰᠢᠨ ᠵᠠᠰᠠᠭ ᠨᠣᠶᠠᠨ ᠴᠠᠭᠳᠤᠷᠰᠡᠷᠡᠩ ᠲᠡᠢ ᠰᠢᠭᠤᠳ ᠦᠵᠡᠯᠴᠡᠨ ᠸᠠᠩ ᠨᠣᠶᠠᠨ ᠢ᠋ ᠰᠢᠬᠠᠮᠳᠠᠭᠤᠯᠤᠨ ᠰᠢᠷᠡᠭᠡᠨ ᠡᠴᠡ ᠨᠢ ᠪᠠᠭᠤᠯᠭᠠᠪᠠ᠃ 20 ᠳ᠋ᠤᠭᠠᠷ ᠵᠠᠭᠤᠨ ᠤ᠋ ᠬᠣᠷᠢᠭᠠᠳ ᠣᠨ ᠤ᠋ ᠦᠶ᠎ᠡ ᠪᠡᠷ ᠲᠡᠷᠡ ᠪᠡᠭᠡᠵᠢᠩ ᠳ᠋ᠦ᠍ ᠣᠴᠢᠵᠤ ᠲᠤᠬᠠᠢ ᠶ᠋ᠢᠨ ᠦᠶ᠎ᠡ ᠳ᠋ᠦ᠍ ᠥᠷᠨᠢᠨ ᠬᠥᠭᠵᠢᠵᠦ ᠪᠠᠢᠭᠰᠠᠨ ᠰᠢᠨ᠎ᠡ ᠠᠷᠠᠳᠴᠢᠯᠠᠭᠰᠠᠨ ᠬᠤᠪᠢᠰᠬᠠᠯ ᠤ᠋ᠨ ᠦᠵᠡᠯ ᠤᠷᠤᠰᠬᠠᠯ ᠤ᠋ᠨ ᠨᠥᠯᠥᠭᠡ ᠶ᠋ᠢ ᠬᠦᠯᠢᠶᠡᠨ᠂ ᠥᠪᠥᠷ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠳ᠋ᠤ᠌ ᠣᠷᠣᠭᠰᠠᠨ ᠪᠥᠭᠡᠳ ᠤᠤᠯ ᠨᠠᠮ ᠤ᠋ᠨ ᠬᠥᠲᠥᠯᠪᠦᠷᠢ ᠪᠣᠯᠤᠨ ᠪᠣᠳᠣᠯᠭ᠎ᠠ ᠶ᠋ᠢ ᠦᠦᠰᠢᠨ ᠬᠤᠰᠢᠭᠤᠨ ᠳ᠋ᠠᠭᠠᠨ ᠦᠢᠯᠡᠳᠦᠯᠭᠡᠵᠢᠭᠦᠯᠵᠦ᠂ ᠬᠤᠰᠢᠭᠤᠨ ᠤ᠋ ᠨᠠᠮ᠂ ᠵᠠᠰᠠᠭ᠂ ᠴᠡᠷᠢᠭ ᠦ᠋ᠨ ᠪᠠᠢᠭᠤᠯᠤᠮᠵᠢ ᠶ᠋ᠢ ᠪᠦᠷᠢᠳᠦᠭᠦᠯᠦᠭᠰᠡᠨ ᠤᠯᠠᠭᠠᠨ ᠬᠤᠪᠢᠰᠬᠠᠯ ᠤ᠋ᠨ ᠰᠠᠭᠤᠷᠢᠨ ᠭᠠᠵᠠᠷ ᠢ᠋ ᠡᠭᠦᠰᠬᠡᠨ  ᠪᠠᠢᠭᠤᠯᠤᠭᠠᠳ ᠡᠪ ᠬᠠᠮᠲᠤ ᠨᠠᠮ ᠤ᠋ᠨ ᠬᠢᠨ ᠪᠣᠯᠤᠨ ᠬᠤᠪᠢᠰᠬᠠᠯᠴᠢᠳ ᠢ᠋ ᠬᠠᠮᠠᠭᠠᠯᠠᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠱᠠᠨᠪᠧᠢ ᠳ᠋ᠡᠬᠢ ᠲᠤᠰᠬᠠᠢ ᠬᠣᠷᠢᠶᠠᠨ ᠳ᠋ᠤ᠌ ᠲᠥᠯᠥᠭᠡᠯᠡᠭᠴᠢ ᠲᠣᠮᠢᠯᠠᠨ ᠣᠴᠢᠭᠤᠯᠵᠤ ᠬᠠᠮᠲᠤᠷᠠᠨ ᠠᠵᠢᠯᠯᠠᠬᠤ ᠠᠰᠠᠭᠤᠳᠠᠯ ᠤ᠋ᠨ ᠲᠠᠯ᠎ᠠ ᠪᠠᠷ ᠴᠤ᠌ ᠬᠠᠷᠢᠯᠴᠠᠵᠤ ᠪᠠᠢᠪᠠ᠃ ᠲᠡᠭᠡᠬᠦ ᠳ᠋ᠡᠭᠡᠨ ᠲᠡᠷᠡ᠂ ᠪᠢᠳᠡᠨ ᠦ᠌ ᠨᠠᠢᠵᠠ ᠡᠮᠦᠨ᠎ᠡ ᠵᠦᠭ ᠲᠦ᠍ ᠪᠣᠢ ᠭᠡᠵᠦ ᠬᠡᠯᠡᠳᠡᠭ ᠪᠠᠢᠵᠠᠢ᠃1929 ᠣᠨ ᠤ᠋2 ᠰᠠᠷ᠎ᠠ ᠳ᠋ᠤ᠌ ᠰᠢᠨᠡᠯᠡᠮ᠎ᠡ ᠤᠷᠪᠠᠭᠴᠢ ᠳ᠋ᠤ᠌ ᠬᠣᠣᠷᠯᠠᠭᠳᠠᠵᠤ᠂ ᠮᠣᠩᠭᠣᠯ ᠦᠨᠳᠦᠰᠦᠲᠡᠨ ᠦ᠌ ᠴᠢᠯᠥᠭᠡᠯᠡᠯᠲᠡ ᠶ᠋ᠢᠨ ᠦᠢᠯᠡᠰ ᠲᠦ᠍ ᠠᠮᠢ ᠨᠠᠰᠤ ᠠᠯᠢᠪᠠ ᠪᠦᠬᠦᠨ ᠢ᠋ᠶ᠋ᠡᠨ ᠵᠣᠷᠢᠭᠤᠯᠵᠠᠢ᠃ ᠳᠣᠮᠣᠭᠯᠢᠭ ᠥᠩᠭᠡ ᠪᠣᠳᠣᠭ ᠢ᠋ᠶ᠋ᠠᠷ ᠥᠳᠬᠡᠨ ᠰᠢᠨᠡᠯᠡᠮ᠎ᠡ ᠶ᠋ᠢᠨ ᠨᠢᠭᠡ ᠨᠠᠰᠤᠨ ᠤ᠋ ᠲᠡᠦᠬᠡᠨ ᠵᠠᠮᠨᠠᠯ ᠳ᠋ᠤ᠌ ᠬᠠᠮᠤᠭ ᠤ᠋ᠨ ᠴᠢᠬᠤᠯᠠ ᠨᠢ ᠮᠣᠩᠭᠣᠯ ᠮᠠᠯᠴᠢᠳ ᠤ᠋ᠨ ᠠᠶᠠᠨᠳᠠᠭᠠᠨ ᠡᠭᠦᠰᠦᠭᠰᠡᠨ ᠬᠥᠳᠡᠯᠭᠡᠭᠡᠨ ᠦ᠌ ᠤᠳᠤᠷᠢᠳᠤᠭᠴᠢ ᠪᠠᠢᠭᠰᠠᠨ ᠠ᠋ᠴᠠ ᠪᠠᠨ ᠡᠵᠡᠷᠬᠡᠭ ᠲᠦᠷᠢᠮᠡᠬᠡᠢᠲᠡᠨ ᠪᠣᠯᠤᠨ ᠹᠧᠣᠳᠠᠯ ᠢ᠋ ᠡᠰᠡᠷᠭᠦᠴᠡᠬᠦ ᠵᠣᠬᠢᠶᠠᠨ ᠪᠠᠢᠭᠤᠯᠤᠯᠲᠠ ᠲᠠᠢ᠂ ᠦᠨᠳᠦᠰᠦᠲᠡᠨ ᠦ᠌ ᠰᠢᠨ᠎ᠡ ᠠᠷᠠᠳᠴᠢᠯᠠᠭᠰᠠᠨ ᠬᠤᠪᠢᠰᠬᠠᠯ ᠤ᠋ᠨ ᠬᠥᠲᠥᠯᠪᠦᠷᠢ ᠲᠡᠢ᠂ ᠤᠬᠠᠮᠰᠠᠷᠲᠠᠢ ᠬᠤᠪᠢᠰᠬᠠᠯᠴᠢ ᠪᠣᠯᠤᠭᠰᠠᠨ ᠮᠥᠷᠲᠡᠭᠡᠨ ᠡᠭᠦᠨ ᠢ᠋ᠶ᠋ᠡᠷ ᠥᠪᠡᠷ ᠦ᠋ᠨ ᠬᠤᠪᠢ ᠵᠠᠶᠠᠭᠠᠨ ᠤ᠋ ᠪᠠᠨ ᠠᠭᠤᠤ ᠶᠡᠬᠡ ᠡᠷᠭᠢᠯᠲᠡ ᠶ᠋ᠢ ᠪᠡᠶᠡᠯᠡᠭᠦᠯᠵᠦ᠂ ᠡᠷᠬᠢᠮ ᠴᠢᠬᠤᠯᠠ ᠦᠢᠯᠡᠳᠦᠯᠭᠡ ᠪᠣᠯᠭᠠᠭᠰᠠᠨ ᠳ᠋ᠤ᠌ ᠪᠠᠢᠭ᠎ᠠ ᠶᠤᠮ᠃ 
       ᠡᠢᠨ ᠬᠦ᠌ ᠰᠢᠨᠡᠯᠡᠮ᠎ᠡ ᠪᠣᠯ ᠨᠡᠷ᠎ᠡ ᠨᠢᠳᠡᠷ ᠲᠡᠭᠡᠨ ᠲᠡᠩᠴᠡᠭᠰᠡᠨ《ᠮᠣᠩᠭᠣᠯ ᠦᠨᠳᠦᠰᠦᠲᠡᠨ ᠦ᠌ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ》 ᠪᠢᠯᠡ᠃1981 ᠣᠨ ᠳ᠋ᠤ᠌ ᠰᠢᠨᠠᠯᠠᠮ᠎ᠠ ᠶ᠋ᠢᠨ ᠮᠡᠨᠳᠦᠯᠡᠭᠰᠡᠨ 115 ᠵᠢᠯ ᠦ᠋ᠨ ᠣᠢ ᠶ᠋ᠢ ᠳᠤᠷᠠᠰᠬᠠᠬᠤ ᠦᠶ᠎ᠡ ᠳ᠋ᠦ᠍ ᠪᠢ ᠢᠩᠭᠢᠵᠦ ᠬᠤᠷᠢᠶᠠᠩᠭᠤᠢᠯᠠᠭᠰᠠᠨ ᠶᠤᠮ᠃ 

       ᠦᠰᠦᠭ ᠠᠮᠢᠯᠠᠭᠤᠯᠤᠭᠴᠢ᠄ ᠪᠠᠯ᠂  ᠣᠶᠤᠨᠪᠠᠲᠤ᠂ ᠰᠠᠷᠠᠨᠲᠤᠶᠠᠭ᠎ᠠ  
         ᠬᠢᠨᠠᠭᠴᠢ᠄ ᠤᠢᠭᠤᠷᠵᠢᠨ·ᠣᠳᠬᠣᠨᠪᠠᠪᠠ᠂ ᠣᠶᠤᠨᠪᠢᠯᠢᠭ᠌᠂ ᠠᠯᠲᠠᠨᠱᠠ᠂ ᠴᠡᠩᠬᠡᠯᠴᠡᠴᠡᠭ᠂ ᠣᠳᠬᠣᠨᠴᠡᠴᠡᠭ᠂ ᠪᠠᠯ