ᠭᠢᠴᠢᠭᠢᠨ᠎ᠡГичгэнэGichgene ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠭᠢᠴᠢᠭᠢᠨ᠎ᠡГичгэнэGichgene

ᠭᠢᠴᠢᠭᠢᠨ᠎ᠡГичгэнэGichgene

2025-08-09

197

ᠭᠢᠴᠢᠭᠢᠨ᠎ᠡ

   ᠲᠤᠰ ᠡᠮ ᠪᠣᠯ ᠤᠳ᠌ᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠥᠳᠥᠯᠢᠭ ᠭᠢᠴᠢᠭᠢᠨ᠎ᠡ ᠶ᠋ᠢᠨ ᠴᠡᠴᠡᠭ ᠪᠦᠬᠦᠢ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠬᠦᠷᠦᠢ᠂ ᠬᠦᠷᠦᠢᠮᠠᠨᠪᠠ᠂ ᠥᠳᠥᠯᠢᠭ ᠵᠣᠬᠢᠮᠣᠨ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~100cm ᠥᠨᠳᠥᠷ᠂ ᠦᠨᠳᠦᠰᠦᠯᠢᠭ ᠡᠰᠢ ᠨᠢ ᠲᠠᠰᠢᠭᠤ᠂ ᠣᠯᠠᠨ ᠨᠠᠷᠢᠨ ᠦᠨᠳᠦᠰᠦ ᠲᠡᠢ᠃ ᠡᠰᠢ ᠨᠢ ᠰᠢᠯᠤᠭᠤᠨ᠂ ᠬᠠᠶᠠ ᠪᠤᠲᠠᠯᠠᠨ᠎ᠠ᠃ ᠭᠤᠯᠳᠤ ᠢᠷᠮᠡᠭ ᠲᠡᠢ᠂ ᠶᠡᠷᠦ ᠳ᠋ᠡᠭᠡᠨ ᠠᠭᠠᠯᠵᠢᠨ ᠲᠣᠣᠷ ᠰᠢᠭ᠋ ᠦᠰᠦ ᠲᠡᠢ᠂ ᠳᠡᠭᠡᠷ᠎ᠡ ᠬᠡᠰᠡᠭ ᠲᠡᠭᠡᠨ ᠰᠠᠯᠠᠭᠠᠯᠠᠨ᠎ᠠ᠃ ᠨᠠᠪᠴᠢ ᠨᠢ ᠴᠤᠪᠤᠷᠠᠨ ᠤᠷᠭᠤᠨ᠎ᠠ᠂ ᠪᠠᠷᠢᠭᠤᠯ ᠦᠭᠡᠢ᠂ ᠡᠰᠢᠨ ᠦ᠌ ᠳᠣᠣᠷ᠎ᠠ ᠬᠡᠰᠡᠭ ᠦ᠋ᠨ ᠨᠠᠪᠴᠢ ᠨᠢ ᠴᠡᠴᠡᠭᠯᠡᠬᠦ ᠦᠶ᠎ᠡ ᠳ᠋ᠡᠭᠡᠨ ᠬᠤᠪᠠᠬᠠᠢᠷᠠᠨ᠎ᠠ᠃ ᠳᠤᠮᠳᠠ ᠬᠡᠰᠡᠭ ᠦ᠋ᠨ ᠨᠠᠪᠴᠢ ᠨᠢ ᠢᠬᠴᠤ᠂ ᠨᠠᠪᠴᠢᠨ ᠢᠯᠲᠠᠰᠤ ᠨᠢ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂5~15cm ᠤᠷᠲᠤ᠂2~5cm ᠥᠷᠭᠡᠨ᠂ ᠥᠳᠥᠯᠢᠭ ᠭᠦᠨ ᠣᠨᠢ ᠲᠠᠢ᠂ ᠰᠡᠵᠢᠭᠦᠷ ᠢᠯᠲᠠᠰᠤ ᠨᠢ6 ᠬᠣᠣᠰ᠂ ᠪᠦᠰᠡ ᠬᠡᠯᠪᠡᠷᠢ ᠲᠡᠢ᠂ ᠪᠦᠲᠦᠨ ᠬᠥᠪᠡᠭᠡ ᠲᠡᠢ ᠪᠤᠶᠤ ᠲᠠᠷᠠᠮᠠᠭ ᠬᠡᠷᠴᠢᠶᠡᠰᠦ ᠲᠡᠢ᠂ ᠨᠠᠪᠴᠢᠨ ᠥᠪᠥᠷ ᠲᠤᠨᠢ ᠦᠰᠦ ᠦᠭᠡᠢ᠂ ᠠᠷᠤ ᠳ᠋ᠤᠨᠢ ᠠᠭᠠᠯᠵᠢ ᠶ᠋ᠢᠨ ᠲᠣᠣᠷ ᠰᠢᠭ᠋ ᠦᠰᠦ ᠲᠡᠢ᠂ ᠳᠡᠭᠡᠷ᠎ᠡ ᠬᠡᠰᠡᠭ ᠦ᠋ᠨ ᠨᠠᠪᠴᠢ ᠨᠢ ᠵᠢᠵᠢᠭ᠂ ᠰᠡᠵᠢᠭᠦᠷ ᠢᠯᠲᠠᠰᠤ ᠨᠢ ᠴᠥᠭᠡᠨ᠃ ᠣᠯᠠᠨ ᠲᠣᠯᠣᠭᠠᠢ ᠬᠡᠯᠪᠡᠷᠢᠲᠦ ᠪᠠᠭ ᠴᠡᠴᠡᠭ ᠨᠢ ᠨᠡᠢᠯᠡᠮᠡᠯ ᠲᠡᠭᠰᠢ ᠣᠷᠣᠢᠲᠤ ᠪᠣᠯᠵᠤ ᠪᠠᠢᠷᠢᠯᠠᠨ᠎ᠠ᠃ ᠪᠠᠭ ᠴᠡᠴᠡᠭ ᠦ᠋ᠨ ᠪᠠᠷᠢᠭᠤᠯ ᠳᠡᠭᠡᠷ᠎ᠡ ᠨᠢ ᠠᠭᠠᠯᠵᠢ ᠶ᠋ᠢᠨ ᠲᠣᠣᠷ ᠰᠢᠭ᠋ ᠦᠰᠦ ᠲᠡᠢ᠂ ᠵᠢᠵᠢᠭ ᠪᠠᠭᠯᠠᠭᠴᠢ ᠢᠯᠲᠠᠰᠤ ᠨᠢ ᠪᠦᠰᠡᠯᠢᠭ ᠪᠤᠶᠤ ᠨᠠᠷᠢᠨ ᠪᠦᠰᠡ ᠬᠡᠯᠪᠡᠷᠢ ᠲᠡᠢ᠂ ᠶᠡᠷᠦᠩᠬᠡᠢ ᠪᠠᠭᠯᠠᠭᠴᠢ ᠨᠢ ᠬᠤᠩᠬ᠎ᠠ ᠰᠢᠭ᠋᠂4~8mm ᠤᠷᠲᠤ᠂ ᠶᠡᠷᠦᠩᠬᠡᠢ ᠪᠠᠭᠯᠠᠭᠴᠢ ᠢᠯᠲᠠᠰᠤ ᠨᠢ1 ᠮᠥᠷ᠂10~13 ᠢᠯᠲᠠᠰᠤ ᠲᠠᠢ᠂ ᠬᠠᠪᠲᠠᠭᠠᠢ ᠲᠡᠪᠡᠨᠡ ᠪᠤᠶᠤ ᠪᠦᠰᠡᠯᠢᠭ ᠬᠡᠯᠪᠡᠷᠢ ᠲᠡᠢ᠂ ᠬᠠᠯᠢᠰᠤᠯᠢᠭ ᠬᠥᠪᠡᠭᠡ ᠲᠡᠢ᠂ ᠠᠷᠤ ᠳ᠋ᠤᠨᠢ ᠶᠡᠷᠦ ᠳ᠋ᠡᠭᠡᠨ ᠠᠭᠠᠯᠵᠢ ᠶ᠋ᠢᠨ ᠲᠣᠣᠷ ᠰᠢᠭ᠋ ᠦᠰᠦ ᠲᠡᠢ᠂ ᠭᠠᠳᠠᠷ ᠮᠥᠷ ᠦ᠋ᠨ ᠵᠢᠵᠢᠭ ᠶᠡᠷᠦᠩᠬᠡᠢ ᠪᠠᠭᠯᠠᠭᠴᠢ ᠨᠢ10 ᠢᠯᠲᠠᠰᠤ ᠣᠷᠴᠢᠮ᠂ ᠨᠠᠷᠢᠨ ᠪᠦᠰᠡ ᠬᠡᠯᠪᠡᠷᠢ ᠲᠡᠢ᠂ ᠶᠡᠷᠦᠩᠬᠡᠢ ᠪᠠᠭᠯᠠᠭᠴᠢ ᠢᠯᠲᠠᠰᠤ ᠠ᠋ᠴᠠ ᠪᠠᠨ ᠣᠬᠣᠷ᠃10~12 ᠬᠡᠯᠡ ᠬᠡᠯᠪᠡᠷᠢᠲᠦ ᠴᠡᠴᠡᠭ ᠲᠡᠢ᠂ ᠰᠢᠷ᠎ᠠ ᠥᠩᠭᠡ ᠲᠡᠢ᠂ ᠪᠦᠰᠡᠯᠢᠭ ᠬᠡᠯᠪᠡᠷᠢ ᠲᠡᠢ᠂12~15mm ᠤᠷᠲᠤ᠂ ᠮᠠᠰᠢ ᠣᠯᠠᠨ ᠬᠣᠭᠣᠯᠠᠢ ᠬᠡᠯᠪᠡᠷᠢᠲᠦ ᠴᠡᠴᠡᠭ ᠲᠡᠢ᠂ ᠰᠢᠷ᠎ᠠ ᠥᠩᠭᠡ ᠲᠡᠢ᠃ ᠲᠤᠷᠠᠩᠬᠠᠢ ᠵᠢᠮᠢᠰ ᠨᠢ ᠵᠤᠤᠪᠠᠩ ᠬᠡᠯᠪᠡᠷᠢ ᠲᠡᠢ᠂ ᠮᠥᠯᠢᠬᠡᠷ᠃7~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ᠂ ᠡᠵᠡᠭᠦᠢ ᠬᠡᠭᠡᠷ᠎ᠡ ᠲᠠᠯ᠎ᠠ᠂ ᠣᠢ ᠶ᠋ᠢᠨ ᠵᠠᠬ᠎ᠠ ᠬᠥᠪᠡᠭᠡ ᠶ᠋ᠢᠨ ᠨᠠᠷᠠ ᠴᠢᠭᠢᠭᠲᠡᠢ ᠭᠠᠵᠠᠷ ᠲᠤ᠌ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠪᠣᠯᠤᠨ ᠵᠡᠭᠦᠨ ᠡᠮᠦᠨᠡᠲᠦ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ ᠴᠡᠴᠡᠭᠯᠡᠭᠰᠡᠨ ᠦᠶᠡᠰ ᠬᠠᠳᠤᠵᠤ ᠠᠪᠤᠭᠠᠳ᠂ ᠬᠣᠯᠢᠮᠠᠭ ᠵᠦᠢᠯ ᠢ᠋ ᠨᠢ ᠠᠷᠢᠯᠭᠠᠭᠠᠳ ᠬᠡᠷᠴᠢᠵᠦ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠬᠦᠢᠲᠡᠨ ᠴᠢᠨᠠᠷ ᠲᠠᠢ; ᠬᠥᠩᠭᠡᠨ᠂ ᠰᠢᠷᠦᠭᠦᠨ᠂ ᠮᠣᠬᠣᠳᠠᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠷᠬ᠎ᠠ ᠶ᠋ᠢ ᠬᠤᠷᠢᠶᠠᠬᠤ᠂ ᠰᠤᠳᠠᠯ ᠢ᠋ ᠵᠠᠯᠭᠠᠬᠤ᠂ ᠬᠠᠳᠬᠤᠯᠭ᠎ᠠ ᠶ᠋ᠢ ᠳᠠᠷᠤᠬᠤ᠂ ᠬᠣᠣᠷ ᠢ᠋ ᠲᠠᠢᠯᠬᠤ᠂ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠮᠡᠰᠡ ᠶ᠋ᠢᠨ ᠰᠢᠷᠬ᠎ᠠ᠂ ᠨᠢᠶᠠᠨ ᠬᠢᠵᠢᠭ ᠰᠤᠳᠠᠯ ᠳ᠋ᠤ᠌ ᠣᠷᠣᠰᠢᠭᠰᠠᠨ᠂ ᠨᠢᠶᠠᠨ ᠭᠡᠳᠡᠰᠦᠨ ᠬᠠᠳᠬᠤᠯᠭ᠎ᠠ᠂ ᠰᠠᠪᠠᠨ ᠤ᠋ ᠬᠠᠯᠠᠭᠤᠨ᠂ ᠴᠤᠯᠤ ᠶ᠋ᠢᠨ ᠭᠡᠮᠲᠦᠯ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 千里光 (羽叶千里光)
   ᠠᠩᠭ᠌ᠯᠢ ᠨᠡᠷ᠎ᠡ᠄ Senecio argunensis Turcz.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠴᠡᠪᠡᠷᠴᠡᠴᠡᠭ