ᠬᠣᠷᠰᠢᠶᠠᠵᠢᠯ ᠤ᠋ᠨ ᠴᠥᠮ᠎ᠡ-ᠬᠣᠨᠢᠴᠢᠨ ᠦᠯᠵᠡᠢᠰᠦ᠋ᠷᠥᠩХоршоожлын цөм ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠣᠷᠰᠢᠶᠠᠵᠢᠯ ᠤ᠋ᠨ ᠴᠥᠮ᠎ᠡ-ᠬᠣᠨᠢᠴᠢᠨ ᠦᠯᠵᠡᠢᠰᠦ᠋ᠷᠥᠩХоршоожлын цөм

ᠬᠣᠷᠰᠢᠶᠠᠵᠢᠯ ᠤ᠋ᠨ ᠴᠥᠮ᠎ᠡ-ᠬᠣᠨᠢᠴᠢᠨ ᠦᠯᠵᠡᠢᠰᠦ᠋ᠷᠥᠩХоршоожлын цөм

ᠠᠩᠭᠢᠯᠠᠯ:ᠠᠵᠤ ᠠᠬᠤᠢ
2025-08-11

202

  ᠳ᠋ᠣᠺᠲ᠋ᠣᠷ ᠬᠣᠨᠢᠴᠢᠨ ᠦᠯᠵᠡᠢᠰᠦ᠋ᠷᠥᠩ 

ᠨᠡᠢᠭᠡᠮ ᠦ᠋ᠨ ᠬᠥᠭᠵᠢᠯᠲᠡ ᠶ᠋ᠢ ᠳᠠᠭᠠᠯᠳᠤᠨ ᠬᠥᠮᠦᠰ ᠦ᠋ᠨ ᠡᠳᠦᠷ ᠳᠣᠳᠣᠮ ᠤ᠋ᠨ ᠬᠡᠷᠡᠭᠴᠡᠭᠡᠨ ᠳ᠋ᠦ᠍ ᠬᠤᠪᠢᠷᠠᠯᠲᠠ ᠭᠠᠷᠴᠤ᠂ ᠮᠠᠯᠴᠢᠳ ᠤ᠋ᠨ ᠮᠠᠯ ᠠᠵᠤ ᠠᠬᠤᠢ ᠠ᠋ᠴᠠ ᠣᠯᠬᠤ ᠠᠰᠢᠭ ᠣᠷᠣᠯᠭ᠎ᠠ᠂ ᠠᠮᠢᠳᠤᠷᠠᠯ ᠦᠢᠯᠡᠳᠪᠦᠷᠢᠯᠡᠯ ᠦ᠋ᠨ ᠢ᠋ᠶ᠋ᠡᠨ ᠬᠡᠷᠡᠭᠴᠡᠭᠡᠨ ᠳ᠋ᠦ᠍ ᠬᠦᠷᠦᠯᠴᠡᠭᠡ ᠮᠠᠭᠤᠲᠠᠢ ᠪᠣᠯᠵᠤ ᠡᠬᠢᠯᠡᠭᠰᠡᠨ ᠪᠢᠯᠡ᠃ ᠣᠨᠴᠠᠭᠠᠢᠯᠠᠨ ᠣᠢᠷ᠎ᠠ ᠶ᠋ᠢᠨ ᠵᠢᠯ ᠦ᠋ᠳ ᠲᠦ᠍ ᠪᠠᠢᠭᠠᠯᠢ ᠣᠷᠴᠢᠨ ᠮᠠᠭᠤᠳᠠᠭᠰᠠᠨ ᠵᠢᠴᠢ ᠪᠠᠢᠭᠠᠯᠢ ᠶ᠋ᠢᠨ ᠭᠠᠮᠰᠢᠭ ᠣᠯᠠᠰᠢᠷᠠᠵᠤ᠂ ᠮᠠᠯ ᠠᠵᠤ ᠠᠬᠤᠢ ᠶ᠋ᠢᠨ ᠪᠦᠲᠦᠭᠡᠭᠳᠡᠬᠦᠨ ᠦ᠌ ᠦᠨ᠎ᠡ ᠪᠠᠭᠤᠷᠠᠭᠰᠠᠨ ᠠ᠋ᠴᠠ᠂ ᠮᠠᠯᠴᠢᠳ ᠤ᠋ᠨ ᠮᠠᠯ ᠠᠵᠤ ᠠᠬᠤᠢ ᠶ᠋ᠢᠨ ᠣᠷᠣᠯᠭ᠎ᠠ᠂ ᠵᠠᠷᠤᠯᠭ᠎ᠠ ᠳ᠋ᠠᠭᠠᠨ ᠬᠦᠷᠬᠦ ᠦᠭᠡᠢ ᠪᠠᠢᠳᠠᠯ ᠪᠣᠢ ᠪᠣᠯᠪᠠ᠃ ᠡᠨᠡ ᠨᠢ ᠴᠦ᠍ ᠨᠥᠭᠦᠭᠡ ᠲᠠᠯ᠎ᠠ ᠪᠠᠷ ᠮᠠᠯᠴᠢᠳ ᠤ᠋ᠨ ᠣᠳᠣᠬᠢ ᠮᠠᠯ ᠠᠵᠤ ᠠᠬᠤᠢ ᠶ᠋ᠢᠨ ᠡᠵᠡᠩᠨᠡᠯᠲᠡ ᠶ᠋ᠢᠨ ᠠᠷᠭ᠎ᠠ ᠮᠠᠶᠢᠭ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠪᠠᠢᠳᠠᠯ ᠳ᠋ᠤ᠌ ᠵᠣᠬᠢᠴᠠᠬᠤ ᠪᠠᠨ ᠪᠣᠯᠢᠭᠰᠠᠨ ᠢ᠋ ᠬᠡᠯᠡᠵᠦ ᠪᠠᠢᠭ᠎ᠠ ᠶᠤᠮ᠃ ᠡᠨᠡ ᠪᠠᠢᠳᠠᠯ ᠳ᠋ᠤ᠌ ᠮᠠᠯᠴᠢᠳ ᠬᠡᠷᠬᠢᠨ ᠦᠢᠯᠡᠳᠪᠦᠷᠢᠯᠡᠯ ᠦ᠋ᠨ ᠠᠷᠭ᠎ᠠ ᠮᠠᠶᠢᠭ ᠢ᠋ᠶ᠋ᠠᠨ ᠬᠤᠪᠢᠷᠠᠭᠤᠯᠵᠤ᠂ ᠥᠪᠡᠷ ᠦ᠋ᠨ ᠮᠠᠯ ᠠᠵᠤ ᠠᠬᠤᠢ ᠠ᠋ᠴᠠ ᠣᠯᠬᠤ ᠠᠰᠢᠭ ᠣᠷᠣᠯᠭ᠎ᠠ ᠪᠠᠨ ᠨᠡᠮᠡᠭᠳᠡᠭᠦᠯᠬᠦ ᠪᠣᠢ? ᠡᠭᠦᠨ ᠢ᠋ ᠮᠠᠯᠴᠢᠳ ᠵᠢᠴᠢ ᠮᠠᠯ ᠠᠵᠤ ᠠᠬᠤᠢ ᠳ᠋ᠤ᠌ ᠬᠠᠮᠤᠭ ᠤ᠋ᠨ ᠦᠷ᠎ᠡ ᠠᠰᠢᠭ  ᠲᠠᠢ  ᠰᠢᠢᠳᠪᠦᠷᠢᠯᠡᠬᠦ ᠠᠷᠭ᠎ᠠ ᠪᠣᠯ ᠮᠠᠯᠴᠢᠳ ᠬᠠᠷᠢᠯᠴᠠᠨ ᠲᠣᠰᠠᠯᠴᠠᠵᠤ ᠬᠣᠷᠰᠢᠶᠠᠵᠢᠯ ᠪᠠᠢᠭᠤᠯᠬᠤ ᠭᠡᠳᠡᠭ ᠢ᠋ ᠣᠯᠠᠩᠬᠢ ᠮᠠᠯᠴᠢᠳ ᠮᠡᠳᠡᠷᠡᠵᠦ ᠡᠬᠢᠯᠡᠭᠰᠡᠨ ᠢ᠋ᠶ᠋ᠡᠷ ᠪᠠᠷᠠᠬᠤ ᠦᠭᠡᠢ ᠲᠤᠷᠰᠢᠵᠤ ᠬᠡᠷᠡᠭᠵᠢᠭᠦᠯᠵᠦ ᠡᠬᠢᠯᠡᠭᠰᠡᠨ ᠪᠠᠢᠨ᠎ᠠ᠃ 
ᠬᠣᠷᠰᠢᠶᠠᠵᠢᠯ ᠤ᠋ᠨ ᠦᠷ᠎ᠡ ᠠᠰᠢᠭ ᠢ᠋ ᠮᠡᠳᠡᠭᠡᠳ ᠡᠬᠢᠯᠡᠭᠦᠯᠵᠦ ᠴᠢᠳᠠᠬᠤ ᠦᠭᠡᠢ ᠪᠠᠢᠭ᠎ᠠ ᠨᠢᠭᠡᠨ ᠪᠠᠢᠬᠤ ᠳ᠋ᠤ᠌᠂ ᠡᠬᠢᠯᠡᠭᠦᠯᠦᠭᠡᠳ ᠦᠷᠭᠦᠯᠵᠢᠯᠡᠭᠦᠯᠵᠦ ᠴᠢᠳᠠᠬᠤ ᠦᠭᠡᠢ ᠪᠠᠰᠠ ᠨᠢᠭᠡᠨ ᠪᠠᠢᠭ᠎ᠠ᠃ ᠡᠭᠦᠨ ᠡᠴᠡ ᠪᠣᠯᠤᠭᠠᠳ ᠵᠠᠷᠢᠮ ᠮᠠᠯᠴᠢᠳ ᠬᠣᠷᠰᠢᠶᠠᠵᠢᠯ ᠤ᠋ᠨ ᠬᠡᠯᠪᠡᠷᠢ ᠮᠠᠯᠴᠢᠳ ᠤ᠋ᠨ ᠮᠠᠯ ᠠᠵᠤ ᠠᠬᠤᠢ ᠳ᠋ᠤ᠌ ᠲᠤᠬᠢᠷᠬᠤ ᠦᠭᠡᠢ ᠶᠦ᠍ᠮ ᠤᠤ? ᠭᠡᠰᠡᠨ ᠡᠷᠡᠭᠡᠯᠵᠡᠯ ᠪᠣᠢ ᠪᠣᠯᠤᠭᠰᠠᠨ ᠨᠢ ᠴᠥᠭᠡᠨ ᠦᠭᠡᠢ᠃ ᠡᠳᠡᠭᠡᠷ ᠬᠣᠷᠰᠢᠶᠠᠵᠢᠯ ᠡᠷᠬᠢᠯᠡᠬᠦ ᠶᠠᠪᠤᠴᠠ ᠳ᠋ᠤ᠌ ᠲᠤᠯᠭᠠᠷᠠᠭᠰᠠᠨ ᠢᠯᠠᠭᠳᠠᠯ ᠤ᠋ᠨ ᠨᠢᠭᠡᠨ ᠦᠨᠳᠦᠰᠦᠨ ᠰᠢᠯᠲᠠᠭᠠᠨ ᠪᠣᠯ ᠬᠣᠷᠰᠢᠶᠠᠵᠢᠯ ᠪᠠᠢᠭᠤᠯᠬᠤ ᠬᠥᠮᠦᠰ ᠦ᠋ᠨ ᠬᠣᠭᠣᠷᠣᠨᠳᠣᠬᠢ ᠬᠠᠷᠢᠴᠠᠭ᠎ᠠ ᠨᠢ ᠢᠲᠡᠭᠡᠯ ᠳ᠋ᠦ᠍ ᠰᠠᠭᠤᠷᠢᠯᠠᠵᠤ ᠴᠢᠳᠠᠭᠰᠠᠨ ᠦᠭᠡᠢ ᠳ᠋ᠦ᠍ ᠣᠷᠣᠰᠢᠨ᠎ᠠ᠃ ᠤᠴᠢᠷ ᠨᠢ ᠬᠣᠷᠰᠢᠶᠠᠵᠢᠯ ᠪᠣᠯ ᠵᠣᠬᠢᠶᠠᠨ ᠪᠠᠢᠭᠤᠯᠤᠯᠲᠠ ᠶ᠋ᠢᠨ ᠨᠢᠭᠡ ᠬᠡᠯᠪᠡᠷᠢ ᠪᠠᠢᠵᠤ᠂ ᠡᠨᠡ ᠨᠢ ᠬᠥᠮᠦᠰ ᠦ᠋ᠨ ᠬᠣᠭᠣᠷᠣᠨᠳᠣᠬᠢ ᠬᠠᠷᠢᠴᠠᠭ᠎ᠠ ᠪᠠᠷ ᠣᠴᠢᠵᠤ ᠪᠦᠷᠢᠯᠳᠦᠳᠡᠭ᠃ ᠡᠭᠦᠨ ᠳ᠋ᠦ᠍ ᠭᠣᠣᠯᠳᠠᠭᠤ ᠳᠠᠭᠠᠭᠤᠯᠤᠭᠴᠢ ᠬᠢᠭᠡᠳ ᠭᠡᠰᠢᠭᠦᠳ ᠦ᠋ᠨ ᠬᠣᠭᠣᠷᠣᠨᠳᠣᠬᠢ ᠬᠠᠷᠢᠴᠠᠭ᠎ᠠ ᠬᠢᠭᠡᠳ ᠭᠡᠰᠢᠭᠦᠳ ᠦ᠋ᠨ ᠬᠣᠭᠣᠷᠣᠨᠳᠣᠬᠢ ᠬᠠᠷᠢᠴᠠᠭ᠎ᠠ ᠭᠡᠬᠦ ᠬᠣᠶᠠᠷ ᠲᠠᠯ᠎ᠠ ᠪᠠᠭᠲᠠᠨ᠎ᠠ᠃ ᠡᠨᠡᠬᠦ ᠬᠣᠶᠠᠷ ᠲᠠᠯ᠎ᠠ ᠶ᠋ᠢᠨ ᠬᠠᠷᠢᠴᠠᠭ᠎ᠠ ᠶ᠋ᠢ ᠵᠥᠪ ᠵᠣᠬᠢᠰᠲᠠᠢ ᠰᠢᠢᠳᠪᠦᠷᠢᠯᠡᠬᠦ ᠦᠨᠳᠦᠰᠦᠨ ᠠᠷᠭ᠎ᠠ ᠨᠢ ᠡᠳᠡᠭᠡᠷ ᠬᠠᠷᠢᠴᠠᠭ᠎ᠠ ᠨᠢ ᠵᠠᠪᠠᠯ ᠬᠠᠷᠢᠯᠴᠠᠨ ᠢᠲᠡᠭᠡᠯ ᠳ᠋ᠦ᠍ ᠰᠠᠭᠤᠷᠢᠯᠠᠭᠰᠠᠨ ᠪᠠᠢᠬᠤ ᠬᠡᠷᠡᠭᠲᠡᠢ᠃ 
ᠨᠢᠭᠡ ᠂ ᠳᠠᠭᠠᠭᠤᠯᠤᠭᠴᠢ ᠬᠢᠭᠡᠳ ᠭᠡᠰᠢᠭᠦᠳ ᠦ᠋ᠨ ᠬᠣᠭᠣᠷᠣᠨᠳᠣᠬᠢ ᠢᠲᠡᠭᠡᠯ ᠦ᠋ᠨ ᠬᠠᠷᠢᠴᠠᠭ᠎ᠠ 
ᠬᠣᠷᠰᠢᠶᠠᠵᠢᠯ ᠤ᠋ᠨ ᠳᠠᠭᠠᠭᠤᠯᠤᠭᠴᠢ ᠭᠡᠳᠡᠭ ᠪᠣᠯ ᠡᠨᠡᠬᠦ ᠠᠵᠢᠯ ᠦᠢᠯᠡᠰ ᠢ᠋ ᠡᠭᠦᠰᠬᠡᠨ ᠪᠠᠢᠭᠤᠯᠤᠭᠴᠢ ᠪᠥᠭᠡᠳ ᠵᠣᠬᠢᠶᠠᠨ ᠪᠠᠢᠭᠤᠯᠤᠭᠴᠢ ᠪᠣᠯᠬᠤ ᠮᠥᠷᠲᠡᠭᠡᠨ ᠬᠣᠷᠰᠢᠶᠠᠵᠢᠯ ᠤ᠋ᠨ ᠡᠳᠦᠷ ᠯᠡ ᠳᠣᠳᠣᠮ ᠤ᠋ᠨ ᠠᠵᠢᠯ ᠵᠢᠴᠢ ᠭᠡᠰᠢᠭᠦᠳ ᠦ᠋ᠨ ᠬᠣᠭᠣᠷᠣᠨᠳᠣᠬᠢ ᠬᠠᠷᠢᠴᠠᠭ᠎ᠠ ᠪᠣᠯᠤᠨ ᠠᠰᠢᠭ ᠲᠤᠰᠠ ᠶ᠋ᠢ ᠵᠣᠬᠢᠴᠠᠭᠤᠯᠤᠭᠴᠢ ᠪᠣᠯᠤᠨ᠎ᠠ᠃ ᠬᠣᠷᠰᠢᠶᠠᠵᠢᠯ ᠳ᠋ᠤ᠌ ᠣᠷᠣᠯᠴᠠᠵᠤ ᠪᠠᠢᠭ᠎ᠠ ᠭᠡᠰᠢᠭᠦᠳ ᠦ᠋ᠨ ᠦᠨᠳᠦᠰᠦᠨ ᠵᠣᠷᠢᠯᠭ᠎ᠠ ᠨᠢ ᠬᠣᠷᠰᠢᠶᠠᠵᠢᠯ ᠤ᠋ᠨ ᠬᠡᠯᠪᠡᠷᠢ ᠪᠡᠷ ᠳᠠᠮᠵᠢᠨ ᠬᠤᠪᠢ ᠶ᠋ᠢᠨ ᠵᠢᠵᠢᠭ ᠮᠠᠯ ᠠᠵᠤ ᠠᠬᠤᠢ ᠪᠠᠨ ᠵᠠᠬ᠎ᠠ ᠳᠡᠯᠭᠡᠭᠦᠷ ᠲᠦ᠍ ᠢᠯᠡᠭᠦᠦ ᠵᠣᠬᠢᠴᠠᠭᠰᠠᠨ᠂ ᠦᠷ᠎ᠡ ᠠᠰᠢᠭ ᠢ᠋ ᠨᠢ ᠥᠨᠳᠥᠷ ᠪᠣᠯᠭᠠᠬᠤ ᠶ᠋ᠢᠨ ᠲᠥᠯᠥᠭᠡ  ᠶᠦ᠍ᠮ᠃ ᠡᠨᠡᠬᠦ ᠪᠠᠢᠳᠠᠯ ᠳ᠋ᠤ᠌ ᠳᠠᠭᠠᠭᠤᠯᠤᠭᠴᠢ ᠡᠷᠬᠡᠪᠰᠢ ᠢᠲᠡᠭᠡᠯ ᠦ᠋ᠨ ᠦᠨᠳᠦᠰᠦᠨ ᠳᠡᠭᠡᠷ᠎ᠡ ᠡᠳᠡᠭᠡᠷ ᠠᠰᠢᠭ ᠲᠤᠰᠠ ᠶ᠋ᠢᠨ ᠬᠠᠷᠢᠴᠠᠭ᠎ᠠ ᠶ᠋ᠢ ᠵᠥᠪ  ᠵᠣᠬᠢᠰᠲᠠᠢ ᠰᠢᠢᠳᠪᠦᠷᠢᠯᠡᠵᠦ ᠴᠢᠳᠠᠪᠠᠯ ᠭᠡᠰᠢᠭᠦᠳ᠂ ᠳᠠᠭᠠᠭᠤᠯᠤᠭᠴᠢ ᠪᠠᠨ ᠢᠲᠡᠭᠡᠵᠦ ᠤᠷᠲᠤ ᠤᠳᠠᠭᠠᠨ ᠬᠤᠭᠤᠴᠠᠭᠠᠨ ᠳ᠋ᠤ᠌ ᠬᠠᠮᠲᠤᠷᠠᠨ ᠠᠵᠢᠯᠯᠠᠵᠤ ᠴᠢᠳᠠᠨ᠎ᠠ᠃ ᠨᠥᠭᠦᠭᠡ ᠲᠠᠯ᠎ᠠ ᠠ᠋ᠴᠠ ᠳᠠᠭᠠᠭᠤᠯᠤᠭᠴᠢ ᠪᠣᠯᠣᠭᠰᠠᠳ ᠴᠤ᠌ ᠭᠡᠰᠢᠭᠦᠳ ᠢ᠋ᠶ᠋ᠡᠨ ᠢᠲᠡᠭᠡᠵᠦ᠂ ᠲᠡᠳᠡᠨ ᠦ᠌ ᠠᠵᠢᠯ ᠢ᠋ ᠳᠡᠮᠵᠢᠵᠦ ᠰᠠᠨᠠᠯ ᠢ᠋ ᠨᠢ ᠰᠣᠨᠣᠰᠬᠤ ᠶ᠋ᠢᠨ ᠳᠠᠭᠠᠤ᠂ ᠳᠠᠪᠠᠭᠤᠯᠢᠭ ᠢ᠋ ᠨᠢ ᠬᠠᠷᠠᠭᠠᠯᠵᠠᠨ ᠠᠵᠢᠯ ᠤ᠋ᠨ ᠬᠤᠪᠢᠶᠠᠷᠢ ᠭᠠᠷᠭᠠᠵᠤ ᠢᠳᠡᠪᠬᠢᠵᠢᠯ ᠢ᠋ ᠨᠢ ᠪᠦᠷᠢᠨ ᠳᠠᠢᠴᠢᠯᠠᠬᠤ ᠬᠡᠷᠡᠭᠲᠡᠢ᠃ ᠢᠩᠭᠢᠵᠦ ᠪᠠᠢᠵᠤ ᠬᠣᠷᠰᠢᠶᠠᠵᠢᠯ ᠲᠣᠭᠲᠠᠨᠢᠬᠤ ᠦᠨᠳᠦᠰᠦ ᠰᠠᠭᠤᠷᠢ ᠲᠠᠢ  ᠪᠣᠯᠤᠨ᠎ᠠ ᠃ 
ᠬᠣᠶᠠᠷ ᠂ ᠭᠡᠰᠢᠭᠦᠳ ᠦ᠋ᠨ ᠬᠣᠭᠣᠷᠣᠨᠳᠣᠬᠢ ᠢᠲᠡᠭᠡᠯ ᠦ᠋ᠨ ᠬᠠᠷᠢᠴᠠᠭ᠎ᠠ  
ᠬᠣᠷᠰᠢᠶᠠᠵᠢᠯ ᠨᠢ ᠨᠢᠭᠡᠨ ᠵᠣᠬᠢᠶᠠᠨ ᠪᠠᠢᠭᠤᠯᠤᠯᠲᠠ ᠪᠣᠯᠤᠭᠰᠠᠨ ᠤ᠋ ᠬᠤᠪᠢ ᠳ᠋ᠤ᠌ ᠡᠳᠦᠷ ᠳᠣᠳᠣᠮ ᠤ᠋ᠨ ᠠᠵᠢᠯ ᠤ᠋ᠨ ᠭᠣᠣᠯ ᠬᠠᠷᠢᠴᠠᠭ᠎ᠠ ᠪᠣᠯ ᠶᠠᠭᠠᠬᠢᠬᠤ ᠠᠷᠭ᠎ᠠ ᠦᠭᠡᠢ ᠭᠡᠰᠢᠭᠦᠳ ᠦ᠋ᠨ ᠬᠣᠭᠣᠷᠣᠨᠳᠣᠬᠢ   ᠬᠠᠷᠢᠴᠠᠭ᠎ᠠ ᠪᠣᠯᠤᠨ᠎ᠠ᠃ ᠭᠡᠰᠢᠭᠦᠳ ᠬᠣᠷᠰᠢᠶᠠᠵᠢᠯ ᠤ᠋ᠨ ᠡᠨᠡᠬᠦ ᠵᠣᠬᠢᠶᠠᠨ ᠪᠠᠢᠭᠤᠯᠤᠯᠲᠠ ᠳ᠋ᠤ᠌ ᠨᠢᠭᠡᠳᠬᠦ ᠳ᠋ᠡᠭᠡᠨ ᠳᠠᠩ ᠭᠠᠭᠴᠠ ᠳᠠᠭᠠᠭᠤᠯᠤᠭᠴᠢ ᠳ᠋ᠤ᠌ ᠢᠲᠡᠭᠡᠭᠡᠳ ᠵᠣᠭᠰᠣᠬᠤ ᠪᠢᠰᠢ᠂ ᠬᠠᠷᠢᠨ ᠪᠤᠰᠤᠳ ᠭᠡᠰᠢᠭᠦᠳ ᠢ᠋ᠶ᠋ᠡᠨ ᠴᠦ᠍ ᠣᠢᠯᠠᠭᠠᠵᠵᠤ ᠮᠡᠳᠡᠭᠰᠡᠨ ᠪᠠᠢᠬᠤ ᠬᠡᠷᠡᠭᠲᠡᠢ ᠃ ᠲᠡᠢᠮᠦ ᠪᠢᠰᠢ ᠪᠣᠯ ᠬᠣᠷᠰᠢᠶᠠᠵᠢᠯ ᠤ᠋ᠨ ᠡᠳᠦᠷ ᠳᠣᠳᠣᠮ ᠤ᠋ᠨ ᠠᠵᠢᠯ ᠤᠷᠤᠭᠰᠢᠲᠠᠢ ᠶᠠᠪᠤᠭᠳᠠᠬᠤ ᠳ᠋ᠤ᠌ ᠬᠡᠴᠡᠭᠦᠦ ᠪᠣᠯᠳᠠᠭ᠃ ᠡᠭᠦᠨ ᠳ᠋ᠦ᠍ ᠳᠠᠭᠠᠭᠤᠯᠤᠭᠴᠢ ᠪᠣᠯᠣᠭᠰᠠᠳ ᠡᠷᠬᠡᠪᠰᠢ ᠬᠣᠷᠰᠢᠶᠠᠵᠢᠯ ᠪᠠᠢᠭᠤᠯᠬᠤ ᠳ᠋ᠠᠭᠠᠨ ᠵᠠᠪᠠᠯ ᠭᠡᠰᠢᠭᠦᠳ ᠲᠡᠭᠡᠨ ᠬᠣᠷᠰᠢᠶᠠᠵᠢᠯ ᠪᠠᠢᠭᠤᠯᠬᠤ ᠵᠣᠷᠢᠯᠭ᠎ᠠ᠂ ᠲᠥᠯᠥᠪᠯᠡᠭᠡ ᠵᠢᠴᠢ ᠭᠡᠰᠢᠭᠦᠳ ᠦ᠋ᠨ ᠪᠠᠢᠳᠠᠯ ᠢ᠋ ᠪᠦᠭᠦᠳᠡ ᠳ᠋ᠦ᠍ ᠵᠥᠪ ᠲᠠᠨᠢᠭᠤᠯᠤᠭᠰᠠᠨ ᠪᠠᠢᠵᠤ ᠬᠣᠷᠰᠢᠶᠠᠵᠢᠯ ᠤ᠋ᠨ ᠠᠵᠢᠯ ᠵᠠᠮ ᠳ᠋ᠠᠭᠠᠨ ᠣᠷᠣᠨ᠎ᠠ᠃ 
ᠨᠢᠭᠡᠨ ᠠᠵᠤ ᠠᠬᠤᠢᠯᠠᠯᠲᠠᠨ ᠤ᠋ ᠬᠡᠯᠡᠭᠰᠡᠨ ᠢ᠋ᠶ᠋ᠡᠷ 《 ᠠᠵᠢᠯ ᠦᠢᠯᠡᠰ ᠭᠡᠳᠡᠭ ᠪᠣᠯ ᠬᠥᠮᠦᠨ ᠳᠡᠭᠡᠷ᠎ᠡ ᠲᠣᠭᠲᠠᠳᠠᠭ᠂ ᠲᠡᠷᠡ ᠳᠣᠳᠣᠮ ᠢ᠋ᠶ᠋ᠠᠨ ᠬᠥᠮᠦᠰ ᠦ᠋ᠨ ᠢᠲᠡᠭᠡᠯ ᠳᠡᠭᠡᠷ᠎ᠡ ᠲᠣᠭᠲᠠᠳᠠᠭ 》 ᠭᠡᠳᠡᠭᠴᠢᠯᠡᠨ᠂ ᠬᠣᠷᠰᠢᠶᠠᠵᠢᠯ ᠨᠢ ᠴᠦ᠍ ᠨᠢᠭᠡᠨ ᠠᠵᠤ ᠠᠬᠤᠢᠯᠠᠯ ᠪᠣᠯᠤᠭᠰᠠᠨ ᠤ᠋ ᠬᠤᠪᠢ ᠳ᠋ᠤ᠌ ᠡᠬᠢᠯᠡᠭᠡᠳ ᠳᠠᠭᠠᠭᠤᠯᠤᠭᠴᠢ ᠪᠣᠯᠤᠨ ᠭᠡᠰᠢᠭᠦᠳ ᠦ᠋ᠨ ᠬᠣᠭᠣᠷᠣᠨᠳᠣᠬᠢ ᠢᠲᠡᠭᠡᠯ ᠦ᠋ᠨ ᠬᠠᠷᠢᠴᠠᠭ᠎ᠠ ᠪᠣᠯᠤᠨ ᠭᠡᠰᠢᠭᠦᠳ ᠦ᠋ᠨ ᠬᠣᠭᠤᠷᠤᠳᠣᠬᠢ ᠢᠲᠡᠭᠡᠯ ᠦ᠋ᠨ ᠬᠠᠷᠢᠴᠠᠭ᠎ᠠ ᠶ᠋ᠢ ᠵᠥᠪ ᠰᠢᠢᠳᠪᠦᠷᠢᠯᠡᠭᠰᠡᠨ ᠢ᠋ᠶ᠋ᠡᠷ ᠤᠷᠲᠤ ᠤᠳᠠᠭᠠᠨ ᠬᠤᠭᠤᠴᠠᠭᠠᠨ ᠳ᠋ᠤ᠌ ᠦᠷᠭᠦᠯᠵᠢᠯᠡᠨ ᠣᠷᠣᠰᠢᠨ ᠲᠣᠭᠲᠠᠨᠢᠵᠤ ᠦᠷᠭᠦᠯᠵᠢᠯᠡᠨ ᠬᠥᠭᠵᠢᠬᠦ ᠪᠠᠲᠤᠯᠭ᠎ᠠ ᠲᠠᠢ ᠪᠣᠯᠵᠤ ᠴᠢᠳᠠᠨ᠎ᠠ ᠃ 

 ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ