ᠥᠪᠡᠷ ᠢ᠋ ᠪᠡᠨ ᠤᠳᠤᠷᠢᠳᠬᠤ ᠶ᠋ᠢᠨ ᠠᠴᠢ ᠲᠤᠰᠠ-ᠬᠣᠨᠢᠴᠢᠨ ᠦᠯᠵᠡᠢᠰᠦ᠋ᠷᠤᠩӨөрийгөө удирдхын ач тус ᠲᠣᠷᠭᠠᠨ ᠵᠢᠯᠣᠭᠣ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠥᠪᠡᠷ ᠢ᠋ ᠪᠡᠨ ᠤᠳᠤᠷᠢᠳᠬᠤ ᠶ᠋ᠢᠨ ᠠᠴᠢ ᠲᠤᠰᠠ-ᠬᠣᠨᠢᠴᠢᠨ ᠦᠯᠵᠡᠢᠰᠦ᠋ᠷᠤᠩӨөрийгөө удирдхын ач тус

ᠥᠪᠡᠷ ᠢ᠋ ᠪᠡᠨ ᠤᠳᠤᠷᠢᠳᠬᠤ ᠶ᠋ᠢᠨ ᠠᠴᠢ ᠲᠤᠰᠠ-ᠬᠣᠨᠢᠴᠢᠨ ᠦᠯᠵᠡᠢᠰᠦ᠋ᠷᠤᠩӨөрийгөө удирдхын ач тус

2025-08-12

295

    ᠳ᠋ᠣᠺᠲ᠋ᠣᠷ ᠬᠣᠨᠢᠴᠢᠨ ᠦᠯᠵᠡᠢᠰᠦ᠋ᠷᠥᠩ 

    ᠤᠳᠤᠷᠢᠳᠬᠤ ᠴᠢᠳᠠᠪᠤᠷᠢ ᠶ᠋ᠢ ᠬᠥᠮᠦᠨ ᠬᠥᠮᠦᠵᠢᠭᠦᠯᠵᠦ ᠪᠣᠯᠳᠠᠭ ᠪᠥᠭᠡᠳ ᠬᠥᠮᠦᠨ ᠪᠣᠯᠭᠠᠨ ᠳ᠋ᠤ᠌ ᠪᠠᠢᠬᠤ ᠴᠢᠬᠤᠯᠠ ᠲᠠᠢ ᠡᠳᠦᠷ ᠳᠣᠳᠣᠮ ᠤ᠋ᠨ ᠬᠡᠷᠡᠭᠯᠡᠭᠡᠨ ᠦ᠌ ᠴᠢᠳᠠᠪᠤᠷᠢ ᠶ᠋ᠢᠨ ᠨᠢᠭᠡ ᠪᠣᠯᠬᠤ ᠶ᠋ᠢ ᠪᠢᠳᠡ ᠳᠡᠭᠡᠷ᠎ᠡ ᠬᠢᠴᠢᠶᠡᠯ ᠡᠴᠡ ᠮᠡᠳᠡᠵᠦ ᠠᠪᠤᠯ᠎ᠠ ᠃ ᠤᠳᠤᠷᠢᠳᠬᠠᠬᠤ ᠴᠢᠳᠠᠪᠤᠷᠢ ᠶ᠋ᠢᠨ ᠪᠠᠰᠠ ᠨᠢᠭᠡ ᠭᠣᠣᠯ ᠪᠣᠯᠬᠤ ᠵᠦᠢᠯ ᠪᠣᠯ ᠬᠥᠮᠦᠨ ᠥᠪᠡᠷ ᠢ᠋ ᠪᠡᠨ ᠤᠳᠤᠷᠢᠳᠬᠤ ᠴᠢᠳᠠᠪᠤᠷᠢ ᠶᠤᠮ᠃ ᠮᠠᠨᠤᠰ 《ᠶᠠᠭᠤ ᠬᠢᠬᠦ》ᠭᠡᠰᠡᠨ ᠵᠣᠷᠢᠯᠲᠠ ᠪᠣᠯᠤᠨ ᠢᠷᠡᠭᠡᠳᠦᠢ ᠪᠡᠨ ᠲᠣᠳᠣ ᠪᠣᠯᠭᠠᠴᠢᠬᠠᠪᠠᠯ ᠂ ᠬᠥᠮᠦᠨ ᠪᠣᠯᠭᠠᠨ ᠳ᠋ᠤ᠌ ᠳᠤᠲᠠᠭᠳᠠᠵᠤ ᠦᠯᠦ ᠪᠣᠯᠬᠤ ᠡᠨᠡᠬᠥ ᠴᠢᠳᠠᠪᠤᠷᠢ ᠶ᠋ᠢ ᠬᠥᠮᠦᠵᠢᠭᠦᠯᠵᠦ ᠪᠣᠯᠬᠤ ᠪᠠᠷ ᠪᠠᠷᠠᠬᠤ ᠦᠭᠡᠢ ᠠᠰᠢᠭ ᠲᠤᠰᠠ ᠶ᠋ᠢ ᠨᠢ ᠬᠦᠷᠲᠡᠨ᠂ ᠥᠪᠡᠷ ᠥᠪᠡᠷ ᠦ᠋ᠨ ᠢ᠋ᠶ᠋ᠡᠨ ᠠᠵᠢᠯ ᠦᠢᠯᠡᠰ ᠳᠡᠭᠡᠷ᠎ᠡ ᠬᠤᠪᠢ ᠳᠠᠬᠢᠨ ᠥᠨᠳᠥᠷ ᠠᠮᠵᠢᠯᠲᠠ ᠶ᠋ᠢ ᠣᠯᠵᠤ ᠪᠣᠯᠬᠤ ᠶ᠋ᠢ ᠳᠠᠷᠠᠭᠠᠬᠢ ᠪᠣᠳᠠᠲᠠᠢ ᠵᠢᠱ᠌ᠢᠶ᠎ᠡ ᠪᠠᠷ ᠲᠠᠨ ᠳ᠋ᠤ᠌ ᠥᠭᠦᠯᠡᠨ᠎ᠡ᠃ 
ᠵᠢᠱ᠌ᠢᠶ᠎ᠡ ᠨᠢᠭᠡ ᠂ ᠢᠨᠡᠮᠤᠷᠢ 
ᠳᠡᠯᠡᠬᠡᠢ ᠶ᠋ᠢᠨ ᠨᠡᠷᠡᠲᠦ ᠠᠵᠤ ᠠᠬᠤᠢᠯᠠᠯᠲᠠᠨ ᠢᠨᠡᠮᠦᠷᠢ ᠭᠤᠸᠠᠢ ᠪᠣᠯ ᠳᠡᠯᠡᠬᠡᠢ ᠶ᠋ᠢᠨ 500 ᠬᠦᠴᠦᠷᠬᠡᠭ ᠲᠦ᠍ ᠣᠷᠣᠬᠤ ᠬᠣᠶᠠᠷ ᠲᠣᠮᠣ ᠠᠵᠤ ᠠᠬᠤᠢᠯᠠᠯ ᠢ᠋ ᠪᠠᠢᠭᠤᠯᠤᠭᠰᠠᠨ ᠬᠥᠮᠦᠨ ᠶᠤᠮ᠃ ᠭᠡᠬᠦ ᠳ᠋ᠡᠭᠡᠨ ᠡᠨᠡ ᠲᠣᠮᠣ ᠬᠥᠮᠦᠨ ᠡᠬᠢᠯᠡᠭᠡᠳ ᠲᠡᠢᠮᠦ ᠠᠭᠤᠤ ᠬᠥᠮᠦᠨ ᠪᠢᠰᠢ᠂ ᠮᠠᠨᠤᠰ ᠲᠠᠢ ᠠᠳᠠᠯᠢᠬᠠᠨ ᠨᠢᠭᠡᠨ ᠡᠩ ᠦ᠋ᠨ ᠨᠢᠭᠡᠨ ᠪᠠᠢᠭᠰᠠᠨ ᠢ᠋ᠶ᠋ᠠᠷ ᠴᠤ᠌ ᠵᠣᠭᠰᠣᠬᠤ ᠦᠭᠡᠢ᠂ ᠠᠵᠢᠯ ᠦᠢᠯᠡᠰ ᠨᠢ ᠴᠦ᠍  ᠤᠷᠤᠭᠰᠢ ᠦᠭᠡᠢ ᠨᠢᠭᠡᠨ ᠪᠠᠢᠭᠰᠠᠨ᠃ ᠵᠠᠯᠠᠭᠤ ᠳ᠋ᠠᠭᠠᠨ ᠠᠭᠤᠰᠬᠢᠨ ᠤ᠋ ᠦᠷᠪᠢᠰᠦᠯ ᠣᠯᠵᠤ᠂ ᠦᠬᠦᠬᠦ ᠶ᠋ᠢᠨ ᠳᠠᠪᠠᠭᠠᠨ ᠳᠡᠭᠡᠷ᠎ᠡ ᠡᠮᠴᠢᠯᠡᠭᠦᠯᠵᠦ ᠪᠠᠢᠬᠤ ᠬᠤᠭᠤᠴᠠᠭᠠᠨ ᠳ᠋ᠠᠭᠠᠨ ᠬᠠᠵᠠᠭᠤ ᠠᠢᠯ ᠤ᠋ᠨ ᠨᠠᠰᠤᠲᠠᠨ ᠠ᠋ᠴᠠ ᠨᠢᠭᠡ ᠵᠣᠷᠢᠭᠵᠢᠭᠤᠯᠤᠯ ᠤ᠋ᠨ ᠲᠤᠬᠠᠢ ᠨᠣᠮ ᠣᠯᠵᠤ ᠦᠵᠡᠨ᠂ ᠡᠭᠦᠨ ᠦ᠌ ᠠᠴᠢ ᠪᠠᠷ ᠡᠪᠡᠳᠴᠢᠨ ᠢ᠋ᠶ᠋ᠡᠨ ᠮᠠᠷᠲᠠᠭᠰᠠᠨ ᠢ᠋ᠶ᠋ᠠᠷ ᠪᠠᠷᠠᠬᠤ ᠦᠭᠡᠢ ᠂ ᠥᠪᠡᠷ ᠦ᠋ᠨ ᠪᠡᠶ᠎ᠡ ᠳ᠋ᠡᠭᠡᠨ ᠢᠲᠡᠭᠡᠯ ᠲᠡᠢ ᠪᠣᠯᠵᠤ᠂ ᠠᠵᠢᠯ ᠬᠥᠳᠡᠯᠮᠦᠷᠢ ᠬᠢᠬᠦ ᠤᠷᠮ᠎ᠠ ᠵᠣᠷᠢᠭ ᠣᠷᠣᠭᠰᠠᠨ ᠢ᠋ᠶ᠋ᠠᠷ ᠠᠭᠠᠵᠢᠮ ᠢ᠋ᠶ᠋ᠠᠷ ᠡᠪᠡᠳᠴᠢᠨ ᠨᠢ ᠴᠦ᠍ ᠢᠯᠡᠷᠡᠢ ᠪᠣᠯᠤᠭᠰᠠᠨ ᠪᠠᠢᠳᠠᠭ᠃ 
ᠡᠭᠦᠨ ᠡᠴᠡ ᠡᠬᠢᠯᠡᠨ ᠢᠨᠤᠮᠦᠷᠢ ᠭᠤᠸᠠᠢ ᠥᠪᠡᠷ ᠦ᠋ᠨ ᠪᠡᠶ᠎ᠡ ᠳ᠋ᠡᠭᠡᠨ ᠪᠦᠷᠢᠨ ᠢᠲᠡᠭᠡᠯ ᠲᠡᠢ ᠪᠣᠯᠤᠭᠰᠠᠨ ᠪᠥᠭᠡᠳ ᠥᠪᠡᠷ ᠢ᠋ ᠪᠡᠨ ᠢᠲᠡᠭᠡᠬᠦ ᠶ᠋ᠢᠨ ᠠᠴᠢ ᠲᠤᠰᠠ ᠶ᠋ᠢ ᠮᠡᠳᠡᠷᠡᠵᠦ᠂ ᠡᠬᠢᠯᠡᠭᠡᠳ ᠨᠢᠭᠡᠨ ᠬᠡᠨ ᠴᠦ᠍ ᠣᠴᠢᠬᠤ ᠪᠠᠨ ᠪᠣᠯᠢᠭᠰᠠᠨ ᠠᠰᠢᠭ ᠣᠷᠣᠯᠭ᠎ᠠ ᠳᠣᠣᠷ᠎ᠠ ᠺᠣᠮᠫᠠᠨᠢ ᠳ᠋ᠤ᠌ ᠬᠦᠷᠴᠦ ᠠᠵᠢᠯᠯᠠᠨ᠂ ᠬᠡᠳᠦᠨ ᠵᠢᠯ ᠴᠢᠷᠮᠠᠢᠭᠰᠠᠨ ᠤ᠋ ᠳ᠋ᠦᠩ ᠳ᠋ᠦ᠍ ᠺᠣᠮᠫᠠᠨᠢ ᠪᠠᠨ ᠥᠭᠡᠳᠡ ᠲᠡᠳᠡᠨ ᠬᠥᠭᠵᠢᠭᠦᠯᠵᠦ᠂ ᠥᠪᠡᠷ ᠢ᠋ᠶ᠋ᠡᠨ ᠴᠦ᠍ ᠤᠯᠠᠮ ᠨᠢᠭᠡ ᠠᠯᠬᠤᠮ ᠠᠮᠵᠢᠯᠲᠠ ᠣᠯᠪᠠ᠃ ᠡᠭᠦᠨ ᠦ᠌ ᠪᠡᠨ ᠰᠠᠭᠤᠷᠢᠨ ᠳᠡᠭᠡᠷ᠎ᠡ ᠲᠡᠷᠡ ᠪᠡᠷ ᠬᠣᠷᠢᠨ ᠳᠣᠯᠣᠭᠠᠨ ᠨᠠᠰᠤᠨ ᠳ᠋ᠠᠭᠠᠨ ᠥᠪᠡᠷ ᠦ᠋ᠨ ᠠᠩᠬᠠᠨ ᠤ᠋ ᠺᠣᠮᠫᠠᠨᠢ ᠪᠠᠨ ᠪᠠᠢᠭᠤᠯᠵᠤ᠂ ᠴᠢᠷᠮᠠᠢᠯᠲᠠ ᠪᠠᠷ ᠳᠠᠮᠵᠢᠨ ᠺᠣᠮᠫᠠᠨᠢ ᠪᠠᠨ ᠳᠡᠯᠡᠬᠡᠢ ᠶ᠋ᠢᠨ 500 ᠬᠦᠴᠦᠷᠬᠡᠭ ᠲᠦ᠍ ᠣᠷᠣᠭᠤᠯᠵᠤ ᠴᠢᠳᠠᠭᠰᠠᠨ ᠪᠠᠢᠳᠠᠭ᠃ ᠡᠭᠦᠨ ᠦ᠌ ᠪᠡᠨ ᠳᠠᠷᠠᠭ᠎ᠠ ᠲᠠᠪᠢᠨ ᠬᠣᠶᠠᠷ ᠨᠠᠰᠤᠨ ᠳ᠋ᠤ᠌ ᠪᠠᠨ kddl ᠭᠡᠳᠡᠭ ᠶᠠᠫᠣᠨ ᠳ᠋ᠤ᠌ ᠪᠠᠨ ᠬᠣᠶᠠᠷ ᠲᠤ᠌ ᠣᠷᠣᠬᠤ ᠴᠢᠮᠡᠭᠡ ᠬᠣᠯᠪᠣᠭᠠᠨ ᠤ᠋ ᠺᠣᠮᠫᠠᠨᠢ ᠪᠠᠢᠭᠤᠯᠤᠨ ᠮᠥᠨ ᠳᠡᠯᠡᠬᠡᠢ ᠶ᠋ᠢᠨ ᠲᠠᠪᠤᠨ ᠵᠠᠭᠤᠨ ᠬᠦᠴᠦᠷᠬᠡᠭ ᠲᠦ᠍ ᠣᠷᠣᠭᠤᠯᠤᠨ ᠬᠥᠭᠵᠢᠭᠦᠯᠵᠦ ᠴᠢᠳᠠᠪᠠ᠃ ᠡᠨᠡ ᠬᠥᠮᠦᠨ ᠦ᠌ ᠠᠮᠵᠢᠯᠲᠠ ᠡᠭᠦᠨ ᠢ᠋ᠶ᠋ᠡᠷ ᠵᠣᠭᠰᠣᠭᠰᠠᠨ ᠦᠭᠡᠢ ᠨᠠᠶᠠᠨ ᠨᠢᠭᠡᠨ ᠨᠠᠰᠤᠨ ᠳ᠋ᠠᠭᠠᠨ ᠶᠠᠫᠣᠨ ᠤ᠋ ᠨᠢᠰᠬᠡᠯ ᠦ᠋ᠨ ᠺᠣᠮᠫᠠᠨᠢ ᠶ᠋ᠢ ᠬᠢᠮᠤᠷᠠᠯ ᠠ᠋ᠴᠠ ᠠᠪᠤᠷᠠᠨ ᠬᠥᠭᠵᠢᠭᠦᠯᠦᠭᠰᠡᠨ ᠨᠢ ᠭᠠᠢᠬᠠᠯᠲᠠᠢ᠃ 
ᠢᠨᠡᠮᠦᠷᠢ ᠭᠤᠸᠠᠢ ᠪᠠᠰᠠ ᠥᠪᠡᠷ ᠦ᠋ᠨ ᠮᠥᠩᠭᠥ ᠪᠡᠷ ᠢ᠋ᠶ᠋ᠡᠨ ᠺᠢᠣᠲ᠋ᠤ᠋ ᠱᠠᠩᠨᠠᠯ ᠢ᠋ ᠪᠠᠢᠭᠤᠯᠵᠤ᠂ ᠡᠨᠡ ᠨᠢ ᠨᠣᠫᠧᠯ ᠦ᠋ᠨ ᠱᠠᠩᠨᠠᠯ ᠤ᠋ᠨ ᠳᠠᠷᠠᠭ᠎ᠠ ᠣᠷᠣᠬᠤ ᠳᠡᠯᠡᠬᠡᠢ ᠶ᠋ᠢᠨ ᠲᠣᠮᠣ ᠱᠠᠩᠨᠠᠯ ᠪᠣᠯᠤᠭᠰᠠᠨ ᠪᠠᠢᠨ᠎ᠠ᠃ 
ᠵᠢᠱ᠌ᠢᠶ᠎ᠡ ᠬᠣᠶᠠᠷ ᠂ ᠷᠢᠤᠺᠢᠷᠤᠰ 
ᠡᠨᠡ ᠬᠥᠮᠦᠨ ᠪᠣᠯ ᠪᠢᠳᠡ ᠪᠦᠬᠦᠨ ᠦ᠌ ᠢᠳᠡᠬᠦ ᠳᠤᠷ᠎ᠠ ᠲᠠᠢ ᠮᠠᠢᠺᠳᠠᠩᠭᠯᠤᠰ ᠬᠠᠮᠪᠦ᠋ᠷᠡᠭ ᠢ᠋ ᠳᠡᠯᠡᠬᠡᠢ ᠳ᠋ᠦ᠍ ᠲᠠᠨᠢᠭᠤᠯᠤᠭᠰᠠᠨ ᠬᠥᠮᠦᠨ ᠪᠣᠯᠬᠤ ᠶᠤᠮ᠃ ᠲᠡᠭᠡᠬᠦ ᠪᠡᠷ ᠡᠨᠡ ᠬᠥᠮᠦᠨ ᠶᠠᠭᠠᠬᠢᠬᠤ ᠠᠷᠭ᠎ᠠ ᠦᠭᠡᠢ ᠳᠡᠯᠡᠬᠡᠢ ᠶ᠋ᠢᠨ ᠲᠣᠮᠣ ᠠᠵᠤ ᠠᠬᠤᠢᠯᠠᠯᠲᠠᠨ ᠤ᠋ᠳ ᠤ᠋ᠨ ᠨᠢᠭᠡ ᠪᠣᠯᠬᠤ ᠨᠢ ᠳᠠᠮᠵᠢᠭ ᠦᠭᠡᠢ᠃ ᠭᠡᠪᠡᠴᠦ ᠡᠨᠡ ᠬᠥᠮᠦᠨ ᠶᠠᠭ ᠮᠠᠨᠤᠰ ᠰᠢᠭ᠋ ᠡᠪ ᠡᠩ ᠦ᠋ᠨ ᠨᠢᠭᠡ ᠠᠵᠢᠯᠲᠠᠨ ᠪᠠᠢᠭᠰᠠᠨ ᠭᠡᠳᠡᠭ ᠢ᠋ ᠲᠠ ᠨᠠᠷ ᠮᠡᠳᠡᠬᠦ ᠦᠭᠡᠢ ᠪᠠᠢᠬᠤ᠃ 
ᠷᠢᠤᠺᠢᠷᠤᠰ᠂ ᠠᠷᠪᠠᠨ ᠲᠠᠪᠤᠨ ᠨᠠᠰᠤᠨ ᠠ᠋ᠴᠠ ᠪᠠᠨ ᠡᠬᠢᠯᠡᠨ ᠵᠢᠯᠤᠭᠠᠴᠢ ᠬᠢᠵᠦ᠂ ᠬᠣᠵᠢᠮ ᠨᠢ ᠪᠠᠭᠠᠷ ᠲᠤ᠌ ᠬᠥᠭᠵᠢᠮ ᠳᠠᠷᠤᠵᠤ ᠪᠠᠢᠭᠰᠠᠨ ᠠ᠋ᠴᠠ ᠪᠠᠨ ᠰᠡᠭᠦᠯ ᠳ᠋ᠡᠭᠡᠨ ᠨᠢᠭᠡᠨ ᠵᠠᠭᠤᠷᠠᠭᠴᠢ ᠮᠠᠰᠢᠨ ᠤ᠋ ᠪᠣᠷᠣᠯᠠᠭᠤᠯᠤᠭᠴᠢ ᠶ᠋ᠢᠨ ᠠᠵᠢᠯ ᠬᠢᠵᠦ ᠪᠠᠢᠪᠠ᠃ ᠨᠠᠰᠤᠨ ᠤ᠋ ᠪᠠᠨ ᠠᠮᠠᠷᠠᠯᠲᠠ ᠶ᠋ᠢ ᠠᠪᠬᠤ ᠠ᠋ᠴᠠ ᠡᠮᠦᠨ᠎ᠡ᠂ ᠲᠠᠪᠢᠨ ᠬᠣᠶᠠᠷ ᠨᠠᠰᠤᠨ ᠳ᠋ᠠᠭᠠᠨ ᠨᠠᠰᠤ ᠪᠠᠷ ᠢ᠋ᠶ᠋ᠠᠨ ᠬᠠᠷ᠎ᠠ ᠪᠣᠷᠣ ᠠᠵᠢᠯ ᠬᠢᠭᠰᠡᠨ ᠲᠡᠷᠡ᠂ ᠷᠢᠣ᠋᠂ ᠺᠢᠷᠢᠤᠰ ᠠᠬ᠎ᠠ ᠳᠡᠭᠦᠦ ᠬᠣᠶᠠᠷ ᠲᠠᠢ ᠤᠴᠠᠷᠠᠵᠤ᠂ ᠲᠡᠳᠡᠨ ᠦ᠌ ᠬᠠᠮᠪᠦ᠋ᠷᠡᠭ ᠦ᠋ᠨ ᠳᠡᠯᠭᠡᠭᠦᠷ ᠦ᠋ᠨ ᠪᠣᠷᠣᠯᠠᠭᠤᠯᠤᠯᠲᠠ ᠰᠠᠢᠨ ᠮᠥᠷᠲᠡᠭᠡᠨ ᠪᠠᠷᠢᠮᠵᠢᠶᠠᠵᠢᠭᠰᠠᠨ᠂ ᠲᠦᠷᠭᠡᠨ ᠪᠠᠢᠬᠤ ᠶ᠋ᠢ ᠦᠵᠡᠭᠡᠳ ᠬᠠᠮᠲᠤᠷᠠᠵᠤ ᠬᠣᠯᠪᠣᠭᠠᠲᠤ ᠳᠡᠯᠭᠡᠭᠦᠷ ᠪᠣᠯᠭᠠᠨ ᠬᠥᠭᠵᠢᠭᠦᠯᠬᠦ ᠪᠡᠷ ᠪᠣᠯᠵᠤ ᠬᠤᠪᠢ ᠣᠷᠣᠪᠠ᠃ ᠥᠨᠥᠳᠥᠷ ᠡᠴᠡ ᠬᠣᠢᠰᠢ ᠭᠤᠴᠢᠨ ᠵᠢᠯ ᠦ᠋ᠨ ᠳᠣᠲᠣᠷ᠎ᠠ ᠲᠡᠷᠡ ᠡᠨᠡᠬᠦ ᠬᠣᠯᠪᠣᠭᠠᠲᠤ ᠳᠡᠯᠭᠡᠭᠦᠷ ᠢ᠋ᠶ᠋ᠡᠨ ᠮᠢᠩᠭ᠎ᠠ ᠲᠠᠪᠤᠨ ᠵᠠᠭᠤ ᠪᠣᠯᠭᠠᠨ ᠬᠥᠭᠵᠢᠭᠦᠯᠵᠦ ᠴᠢᠳᠠᠭᠰᠠᠨ ᠪᠠᠢᠳᠠᠭ᠃ ᠣᠳᠣ ᠪᠣᠯᠬᠤ ᠳ᠋ᠤ᠌ ᠡᠨᠡᠬᠦ ᠬᠣᠯᠪᠣᠭᠠᠲᠤ ᠳᠡᠯᠭᠡᠭᠦᠷ ᠨᠢ ᠳᠡᠯᠡᠬᠡᠢ ᠪᠡᠷ ᠲᠦᠭᠡᠵᠦ ᠴᠢᠳᠠᠭᠰᠠᠨ ᠢ᠋ᠶ᠋ᠠᠷ ᠪᠠᠷᠠᠬᠤ ᠦᠭᠡᠢ᠂ ᠳᠡᠯᠡᠬᠡᠢ ᠶ᠋ᠢᠨ ᠲᠠᠪᠤᠨ ᠵᠠᠭᠤᠨ ᠬᠦᠴᠦᠷᠬᠡᠭ ᠠᠵᠤ ᠠᠬᠤᠢᠯᠠᠯ ᠤ᠋ᠨ ᠡᠩᠨᠡᠭᠡᠨ ᠳ᠋ᠦ᠍ ᠣᠷᠣᠭᠰᠠᠨ ᠪᠠᠢᠨ᠎ᠠ᠂
ᠳᠡᠭᠡᠷ᠎ᠡ ᠬᠣᠶᠠᠷ  ᠵᠢᠱ᠌ᠢᠶᠡᠨ ᠡᠴᠡ ᠪᠢᠳᠡ ᠲᠣᠳᠣ ᠣᠯᠵᠤ ᠬᠠᠷᠠᠬᠤ ᠨᠢ᠂ ᠲᠡᠳᠡᠭᠡᠷ ᠲᠣᠮᠣ ᠲᠣᠮᠣ ᠠᠵᠤ ᠠᠬᠤᠢᠯᠠᠯᠲᠠᠨ᠂ ᠲᠣᠮᠣ ᠲᠣᠮᠣ ᠠᠮᠵᠢᠯᠲᠠ ᠭᠠᠷᠭᠠᠭᠰᠠᠳ ᠪᠦᠭᠦᠳᠡ ᠮᠠᠨᠤᠰ ᠲᠠᠢ ᠠᠳᠠᠯᠢᠬᠠᠨ ᠡᠩ  ᠦ᠋ᠨ ᠬᠥᠮᠦᠰ ᠪᠠᠢᠭᠰᠠᠨ ᠮᠥᠷᠲᠡᠭᠡᠨ᠂ ᠰᠤᠷᠭᠠᠭᠤᠯᠢ ᠰᠣᠶᠣᠯ  ᠤ᠋ᠨ ᠬᠡᠮᠵᠢᠶ᠎ᠡ ᠨᠢ ᠴᠦ᠍ ᠲᠡᠢᠮᠦ ᠥᠨᠳᠥᠷ ᠪᠢᠰᠢ ᠪᠠᠢᠵᠤ ᠵᠠᠷᠢᠮ ᠨᠢ ᠪᠦᠷ ᠦᠳᠡᠯᠦᠭᠡ ᠨᠠᠰᠤᠨ ᠠ᠋ᠴᠠ ᠪᠠᠨ ᠡᠬᠢᠯᠡᠨ ᠠᠮᠵᠢᠯᠲᠠ ᠣᠯᠤᠭᠰᠠᠨ ᠪᠠᠢᠳᠠᠭ᠃ ᠡᠭᠦᠨ ᠡᠴᠡ ᠭᠠᠳᠠᠨ᠎ᠠ ᠴᠤ᠌ ᠮᠠᠨᠤᠰ ᠤ᠋ᠨ ᠮᠡᠳᠡᠬᠦ ᠡᠢᠮᠦᠷᠬᠦ ᠠᠮᠵᠢᠯᠲᠠ ᠣᠯᠤᠭᠰᠠᠨ ᠵᠢᠱ᠌ᠢᠶ᠎ᠡ ᠵᠥᠩᠳᠡᠭᠡᠨ ᠪᠣᠢ᠃  ᠵᠢᠱ᠌ᠢᠶ᠎ᠡ ᠨᠢ ᠮᠠᠨ ᠤ᠋ ᠤᠯᠤᠰ ᠤ᠋ᠨ ᠰᠦᠯᠵᠢᠶᠡᠨ ᠪᠣᠷᠣᠯᠠᠭᠤᠯᠭ᠎ᠠ ᠪᠠᠷ  ᠢ᠋ᠶ᠋ᠠᠨ ᠳᠡᠯᠡᠬᠡᠢ ᠳ᠋ᠦ᠍ ᠲᠠᠨᠢᠭᠳᠠᠭᠰᠠᠨ ᠮᠠ ᠶᠦᠨ ᠃ ᠡᠨᠡ ᠬᠥᠮᠦᠨ ᠴᠦ᠍ ᠨᠢᠭᠡᠨ ᠳᠤᠮᠳᠠᠳᠤ ᠰᠤᠷᠭᠠᠭᠤᠯᠢ ᠶ᠋ᠢᠨ  ᠠᠩᠭ᠌ᠯᠢ ᠬᠡᠯᠡᠨ ᠦ᠌ ᠪᠠᠭᠰᠢ ᠪᠠᠢᠭᠰᠠᠨ ᠠ᠋ᠴᠠ ᠪᠠᠨ ᠥᠨᠥᠳᠥᠷ ᠦ᠋ᠨ ᠡᠨᠡᠬᠦ ᠶᠡᠬᠡ ᠠᠮᠵᠢᠯᠲᠠ  ᠳ᠋ᠤ᠌ ᠬᠦᠷᠴᠦ ᠴᠢᠳᠠᠭᠰᠠᠨ ᠪᠠᠢᠳᠠᠭ ᠃ ᠡᠳᠡᠨᠥᠰ ᠦ᠋ᠨ ᠨᠢᠭᠡᠨ ᠭᠣᠣᠯ ᠣᠨᠴᠠᠯᠢᠭ ᠪᠣᠯ ᠪᠦᠭᠦᠳᠡ ᠯᠡ ᠬᠥᠮᠦᠨ ᠦ᠌ ᠴᠢᠳᠠᠬᠤ ᠦᠭᠡᠢ ᠮᠡᠳᠡᠬᠦ ᠦᠭᠡᠢ ᠵᠦᠢᠯ ᠢ᠋ ᠬᠢᠭᠰᠡᠨ ᠳ᠋ᠡᠭᠡᠨ ᠪᠠᠢᠭ᠎ᠠ ᠪᠢᠰᠢ ᠂ ᠬᠠᠷᠢᠨ ᠥᠪᠡᠷ ᠢ᠋ ᠪᠡᠨ ᠤᠳᠤᠷᠢᠳᠴᠤ ᠴᠢᠳᠠᠨ ᠂ ᠬᠥᠮᠦᠨ ᠪᠦᠬᠦᠨ ᠦ᠌ ᠮᠡᠳᠡᠳᠡᠭ ᠂ ᠴᠢᠳᠠᠳᠠᠭ ᠵᠦᠢᠯ ᠢ᠋ ᠪᠤᠰᠤᠳ ᠠ᠋ᠴᠠ ᠢᠯᠡᠭᠦᠦ ᠨᠠᠷᠢᠯᠢᠭ ᠬᠢᠭᠰᠡᠨ ᠳ᠋ᠦ᠍ ᠪᠠᠢᠭ᠎ᠠ ᠶᠤᠮ ᠃ ᠡᠢᠮᠦ ᠳ᠋ᠡᠭᠡᠨ ᠴᠦ᠍ ᠮᠠᠨᠤᠰ ᠤ᠋ᠨ ᠳᠤᠮᠳᠠ ᠢᠷᠡᠭᠡᠳᠦᠢ  ᠶ᠋ᠢᠨ ᠨᠢᠭᠡᠨ ᠡᠳᠦᠷ ᠳᠡᠯᠡᠬᠡᠢ ᠳ᠋ᠦ᠍ ᠨᠡᠷ᠎ᠡ ᠪᠡᠨ ᠦᠯᠡᠳᠡᠭᠡᠬᠦ ᠰᠠᠢᠨ ᠮᠠᠯᠴᠢᠨ ᠂ ᠰᠠᠢᠨ ᠮᠠᠯ ᠤ᠋ᠨ ᠠᠰᠢᠭ ᠰᠢᠮ᠎ᠡ ᠶ᠋ᠢ ᠦᠢᠯᠡᠳᠪᠦᠷᠢᠯᠡᠭᠴᠢ ᠪᠠᠢᠬᠤ ᠶ᠋ᠢ ᠦᠭᠡᠢᠰᠬᠡᠬᠦ ᠦᠭᠡᠢ ᠃ 
 
  ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ