ᠰᠢᠮᠡᠯᠳᠡᠭШимэлдэгShimeldeg

ᠰᠢᠮᠡᠯᠳᠡᠭ
ᠲᠤᠰ ᠡᠮ ᠪᠣᠯ ᠰᠢᠮᠡᠯᠳᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠰᠢᠮᠡᠯᠳᠡᠭ ᠦ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠨᠢᠶᠠᠯᠤ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1~1.5m ᠥᠨᠳᠥᠷ᠂ ᠡᠰᠢ ᠨᠢ ᠤᠵᠠᠭᠤᠷ ᠠ᠋ᠴᠠ ᠪᠠᠨ ᠡᠬᠢᠯᠡᠨ ᠣᠯᠠᠨ ᠠᠴᠠᠯᠠᠨ ᠰᠠᠯᠠᠭᠠᠯᠠᠭᠠᠳ ᠬᠠᠭᠠᠰ ᠲᠣᠭᠣᠷᠢᠭ ᠬᠡᠯᠪᠡᠷᠢ ᠲᠡᠢ᠂ ᠪᠤᠲᠠ ᠮᠠᠶᠢᠭ ᠲᠠᠢ ᠪᠣᠯᠳᠠᠭ᠃ ᠨᠠᠪᠴᠢ ᠨᠢ ᠴᠤᠪᠤᠷᠠᠨ ᠤᠷᠭᠤᠨ᠎ᠠ᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠤᠷᠲᠤᠯᠵᠢᠨ ᠲᠣᠭᠣᠷᠢᠭ ᠬᠡᠯᠪᠡᠷᠢ ᠲᠡᠢ᠂ 15cm ᠤᠷᠲᠤ᠂ 3cm ᠥᠷᠭᠡᠨ᠂ ᠪᠦᠲᠦᠨ ᠬᠥᠪᠡᠭᠡ ᠲᠡᠢ᠂ ᠶᠠᠯᠢᠮ ᠦᠭᠡᠢ ᠦᠰᠦ ᠲᠡᠢ᠂ ᠣᠬᠣᠷ ᠪᠠᠷᠢᠭᠤᠯ ᠲᠠᠢ ᠪᠤᠶᠤ ᠪᠠᠷᠢᠭᠤᠯ ᠦᠭᠡᠢ᠃ ᠳᠤᠰᠠᠤ᠋ᠭᠤᠷ ᠨᠠᠪᠴᠢᠨ ᠤ᠋ ᠲᠣᠭᠳᠣᠢ ᠨᠢ ᠬᠠᠯᠢᠰᠤᠯᠢᠭ᠂ ᠬᠦᠷᠡᠩ ᠥᠩᠭᠡ ᠲᠡᠢ᠂ ᠣᠨᠢ ᠲᠠᠢ᠂ ᠦᠰᠦ ᠦᠭᠡᠢ᠃ ᠱᠣᠷᠣᠯᠵᠢᠨ ᠪᠠᠭ ᠴᠡᠴᠡᠭ ᠨᠢ ᠣᠷᠣᠢ ᠳ᠋ᠤᠨᠢ ᠰᠠᠷᠪᠠᠢᠵᠤ ᠳᠡᠯᠭᠡᠷᠡᠨ᠎ᠡ᠃ ᠴᠡᠴᠡᠭ ᠨᠢ ᠵᠢᠵᠢᠭ᠂ ᠴᠠᠭᠠᠨ ᠪᠤᠶᠤ ᠰᠢᠷᠠᠩᠭᠤᠢ ᠥᠩᠭᠡ ᠲᠡᠢ᠃ ᠵᠢᠵᠢᠭ ᠬᠠᠲᠠᠭᠤ ᠵᠢᠮᠢᠰ ᠨᠢ ᠵᠤᠤᠪᠠᠩ ᠬᠡᠯᠪᠡᠷᠢ ᠲᠡᠢ᠂ 3 ᠬᠤᠷᠴᠠ ᠢᠷᠮᠡᠭ ᠲᠡᠢ᠂ ᠦᠷ᠎ᠡ ᠨᠢ ᠵᠤᠤᠪᠠᠩ ᠬᠡᠯᠪᠡᠷᠢ ᠲᠡᠢ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠬᠠᠵᠠᠭᠤ᠂ ᠡᠯᠡᠰᠦᠨ ᠳᠣᠪᠣ᠂ ᠭᠣᠣ ᠭᠠᠩᠭ᠎ᠠ᠂ᠵᠣ ᠰᠢᠯᠢ ᠲᠤ ᠤᠷᠭᠤᠨ᠎ᠠ᠃ ᠬᠢᠷᠢᠨ᠂ ᠯᠢᠶᠣᠤᠨᠢᠩ᠂ ᠥᠪᠥᠷ ᠮᠣᠩᠭᠣᠯ᠂ ᠬᠥᠬᠡᠨᠠᠭᠤᠷ᠂ ᠰᠧᠴᠤᠸᠠᠨ᠂ ᠲᠥᠪᠡᠳ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠤ᠋ᠨ ᠤᠯᠠᠷᠢᠯ ᠳ᠋ᠤ᠌ ᠲᠡᠭᠦᠵᠦ᠂ ᠬᠡᠷᠴᠢᠭᠡᠳ ᠰᠡᠭᠦᠳᠡᠷ ᠲᠤ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠢᠰᠬᠦᠯᠡᠩ᠂ ᠭᠠᠰᠢᠭᠤᠨ᠂ ᠡᠬᠡᠭᠦᠨ ᠠᠮᠲᠠ ᠲᠠᠢ; ᠰᠡᠷᠢᠭᠦᠨ ᠴᠢᠨᠠᠷ ᠲᠠᠢ; ᠰᠢᠩᠭᠡᠨ᠂ ᠬᠥᠩᠭᠡᠨ᠂ ᠰᠢᠷᠦᠭᠦᠨ᠂ ᠮᠣᠬᠣᠳᠠᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠭᠡᠳᠡᠰᠦᠨ ᠬᠠᠳᠬᠤᠯᠭ᠎ᠠ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄叉分蓼
ᠠᠩᠭ᠌ᠯᠢ ᠨᠡᠷ᠎ᠡ᠄Polygonum diuaricatum L.
ᠦᠰᠦᠭ ᠠᠮᠢᠯᠠᠭᠤᠯᠤᠭᠴᠢ᠄ ᠡᠷᠳᠡᠨᠢᠭᠣᠸ᠎ᠠ
ᠬᠢᠨᠠᠭᠴᠢ᠄ ᠴᠡᠪᠡᠷᠴᠡᠴᠡᠭ
