ᠰᠢᠭᠦᠳᠡᠷᠭᠡᠨ᠎ᠡШүүдэрхэнэShüüderkhene ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠭᠦᠳᠡᠷᠭᠡᠨ᠎ᠡШүүдэрхэнэShüüderkhene

ᠰᠢᠭᠦᠳᠡᠷᠭᠡᠨ᠎ᠡШүүдэрхэнэShüüderkhene

2025-08-14

151

ᠰᠢᠭᠦᠳᠡᠷᠭᠡᠨ᠎ᠡ

   ᠲᠤᠰ ᠡᠮ ᠪᠣᠯ ᠠᠮᠤ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠰᠢᠭᠦᠳᠡᠷᠭᠡᠨ᠎ᠡ ᠶ᠋ᠢᠨ ᠬᠠᠲᠠᠭᠠᠭᠰᠠᠨ ᠪᠦᠬᠦᠯᠢ ᠡᠪᠡᠰᠦ ᠪᠤᠶᠤ ᠦᠨᠳᠦᠰᠦ ᠮᠥᠨ᠃ ᠪᠠᠰᠠ ᠵᠠᠭ᠋ᠵᠦ᠂ ᠺᡁᠬᠠᠭᠠᠠᠩ᠂ ᠰᠢᠷ᠎ᠠ ᠬᠣᠣᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠭᠣᠣᠯ ᠦᠨᠳᠦᠰᠦ ᠨᠢ ᠱᠣᠷᠣᠯᠵᠢᠨ ᠪᠥᠭᠡᠷᠡᠩᠬᠡᠢ᠂ ᠰᠢᠷᠠᠪᠲᠤᠷ ᠥᠩᠭᠡ ᠲᠡᠢ᠃ ᠡᠰᠢ ᠨᠢ ᠰᠢᠯᠤᠭᠤᠨ30~100cm ᠥᠨᠳᠥᠷ᠂ ᠣᠯᠠᠨ ᠰᠠᠯᠠᠭᠠᠯᠠᠨ᠎ᠠ᠃ ᠴᠠᠭᠠᠨ ᠣ ᠲᠠᠢ᠂ ᠲᠠᠷᠠᠮᠠᠭ ᠴᠠᠭᠠᠨ ᠥᠩᠭᠡ ᠲᠡᠢ ᠨᠠᠷᠢᠨ ᠤᠷᠲᠤ ᠵᠥᠭᠡᠯᠡᠨ ᠦᠰᠦ ᠲᠡᠢ᠂ ᠲᠠᠰᠤᠯᠪᠠᠯ ᠰᠢᠷ᠎ᠠ ᠥᠩᠭᠡ ᠲᠡᠢ ᠰᠦ ᠭᠠᠷᠤᠨ᠎ᠠ᠃ ᠨᠠᠪᠴᠢ ᠨᠢ ᠴᠤᠪᠤᠷᠠᠨ ᠤᠷᠭᠤᠨ᠎ᠠ᠂ ᠨᠢᠭᠡ ᠡᠴᠡ ᠬᠣᠶᠠᠷᠳᠠᠭᠰᠠᠨ ᠰᠣᠨᠳᠣᠭᠣᠢ ᠥᠳᠥᠯᠢᠭ ᠭᠦᠢᠴᠡᠳ ᠣᠨᠢ ᠲᠠᠢ᠂ ᠤᠵᠠᠭᠤᠷ ᠤ᠋ᠨ ᠨᠠᠪᠴᠢ ᠨᠢ10~15cm ᠤᠷᠲᠤ᠂ ᠭᠦᠢᠴᠡᠳ ᠣᠨᠢᠲᠤ ᠢᠯᠲᠠᠰᠤ ᠨᠢ2~5 ᠬᠣᠣᠰ ᠪᠣᠢ ᠪᠥᠭᠡᠳ ᠳᠠᠬᠢᠨ ᠵᠠᠮᠪᠠᠷᠠᠭ᠎ᠠ ᠦᠭᠡᠢ ᠭᠦᠨ ᠣᠨᠢ ᠭᠠᠷᠳᠠᠭ᠃ ᠰᠡᠵᠢᠭᠦᠷ ᠢᠯᠲᠠᠰᠤ ᠶ᠋ᠢᠨ ᠬᠥᠪᠡᠭᠡ ᠨᠢ ᠵᠠᠮᠪᠠᠷᠠᠭ᠎ᠠ ᠦᠭᠡᠢ ᠬᠡᠷᠴᠢᠶᠡᠰᠦ ᠲᠡᠢ᠂ ᠣᠷᠣᠢ ᠳ᠋ᠠᠬᠢ ᠰᠡᠵᠢᠭᠦᠷ ᠢᠯᠲᠠᠰᠤ ᠨᠢ ᠥᠷᠭᠡᠨ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠤᠭ ᠨᠢ ᠱᠠᠭᠠᠨᠲᠠᠭ ᠬᠡᠯᠪᠡᠷᠢ ᠲᠡᠢ ᠪᠥᠭᠡᠳ ᠳᠣᠷᠣᠭᠰᠢ ᠰᠤᠨᠤᠭᠰᠠᠨ ᠪᠠᠢᠳᠠᠭ᠃ ᠨᠠᠪᠴᠢᠨ ᠤ᠋ ᠥᠪᠥᠷ ᠲᠤᠨᠢ ᠪᠠᠷᠤᠭ ᠦᠰᠦ ᠦᠭᠡᠢ᠂ ᠠᠷᠤ ᠳ᠋ᠤᠨᠢ ᠲᠠᠷᠠᠮᠠᠭ ᠣᠬᠣᠷ ᠵᠥᠭᠡᠯᠡᠨ ᠦᠰᠦ ᠲᠡᠢ ᠪᠥᠭᠡᠳ ᠴᠠᠭᠠᠨ ᠣ ᠲᠠᠢ ᠣᠯᠠᠨ ᠬᠦᠢᠰ ᠴᠡᠴᠡᠭ ᠲᠡᠢ᠂ ᠰᠢᠬᠦᠷ ᠬᠡᠯᠪᠡᠷᠢ ᠲᠡᠢ ᠪᠠᠢᠷᠢᠯᠠᠨ᠎ᠠ᠃ ᠪᠠᠭᠯᠠᠭᠴᠢ ᠢᠯᠲᠠᠰᠤ ᠨᠢ ᠵᠢᠵᠢᠭ ᠥᠨᠳᠡᠭᠡᠯᠵᠢᠨ ᠬᠡᠯᠪᠡᠷᠢ ᠲᠡᠢ᠂1.5mm ᠣᠷᠴᠢᠮ ᠤᠷᠲᠤ᠂ ᠴᠡᠴᠡᠭ ᠦ᠋ᠨ ᠪᠠᠷᠢᠭᠤᠯ ᠨᠢ ᠰᠢᠷᠬᠡᠭᠯᠢᠭ᠂ ᠣᠬᠣᠷ ᠵᠥᠭᠡᠯᠡᠨ ᠦᠰᠦ ᠲᠡᠢ᠂ ᠲᠣᠭᠳᠣᠢ ᠢᠯᠲᠠᠰᠤ ᠲᠠᠢ ᠪᠣᠯᠪᠠᠴᠤ ᠡᠷᠲᠡ ᠵᠤᠯᠭᠠᠷᠠᠨ᠎ᠠ᠃ ᠵᠤᠤᠪᠠᠩ ᠬᠡᠯᠪᠡᠷᠢ ᠲᠡᠢ᠂9mm ᠤᠷᠲᠤ᠃ ᠣᠯᠠᠨ ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠨᠢ ᠰᠢᠷ᠎ᠠ ᠥᠩᠭᠡ ᠲᠡᠢ᠃1 ᠡᠮ᠎ᠡ ᠲᠣᠭᠣᠷᠴᠣᠭ ᠲᠠᠢ᠂ ᠦᠰᠦ ᠦᠭᠡᠢ᠂ ᠴᠡᠴᠡᠭ ᠦ᠋ᠨ ᠪᠠᠭᠠᠨ᠎ᠠ ᠨᠢ ᠣᠬᠣᠷ᠃ ᠬᠣᠩᠭᠣᠷᠴᠣᠭᠲᠤ ᠵᠢᠮᠢᠰ ᠨᠢ ᠪᠦᠰᠡᠯᠢᠭ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠤᠷᠲᠤ ᠨᠢ3.5cm ᠬᠦᠷᠳᠡᠭ᠃ ᠣᠯᠠᠨ ᠵᠢᠵᠢᠭ ᠦᠷ᠎ᠡ ᠲᠡᠢ᠂ ᠥᠨᠳᠡᠭᠡᠯᠵᠢᠨ ᠬᠡᠯᠪᠡᠷᠢ ᠲᠡᠢ᠂ ᠬᠠᠮᠲᠤ ᠬᠠᠷᠠᠪᠲᠤᠷ ᠬᠦᠷᠡᠩ ᠥᠩᠭᠡ ᠲᠡᠢ᠂ ᠭᠥᠯᠢᠭᠡᠷ ᠮᠥᠷᠲᠡᠭᠡᠨ ᠲᠣᠣᠷᠯᠢᠭ ᠠᠷᠲᠠᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ᠂6~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠪᠤᠶᠤ ᠠᠭᠤᠯᠠᠨ ᠭᠣᠣ ᠶ᠋ᠢᠨ ᠣᠢ ᠶ᠋ᠢᠨ ᠬᠥᠪᠡᠭᠡ ᠳ᠋ᠡᠬᠢ ᠡᠪᠡᠰᠦᠨ ᠳᠤᠮᠳᠠ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠱᠠᠨᠳᠦ᠋ᠩ᠂ ᠵᠢᠶᠠᠩᠰᠦ᠂ ᠵᠧᠵᠢᠶᠠᠩ᠂ ᠵᠢᠶᠠᠩᠰᠢ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠦᠨᠳᠦᠰᠦ ᠶ᠋ᠢ ᠨᠢ ᠬᠠᠪᠤᠷ ᠨᠠᠮᠤᠷ ᠠᠪᠴᠤ᠂ ᠰᠢᠪᠡᠷ ᠰᠢᠷᠣᠢ ᠶ᠋ᠢ ᠨᠢ ᠠᠷᠢᠯᠭᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃ ᠪᠦᠬᠦᠯᠢ ᠡᠪᠡᠰᠦ ᠶ᠋ᠢ ᠨᠢ5~7 ᠳ᠋ᠤᠭᠠᠷ ᠰᠠᠷ᠎ᠠ ᠳ᠋ᠤ᠌ ᠴᠡᠴᠡᠭᠯᠡᠬᠦ ᠦᠶ᠎ᠡ ᠳ᠋ᠦ᠍ᠨᠢ ᠠᠪᠴᠤ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠬᠦᠢᠲᠡᠨ ᠴᠢᠨᠠᠷ ᠲᠠᠢ᠃ ᠮᠣᠬᠣᠳᠠᠭ᠂ ᠨᠦᠮᠵᠦᠭ ᠦᠭᠡᠢ᠂ ᠬᠠᠭᠤᠷᠠᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠣᠣᠷ ᠢ᠋ ᠲᠠᠢᠯᠬᠤ᠂ ᠬᠠᠯᠠᠭᠤᠨ ᠢ᠋ ᠠᠷᠢᠯᠭᠠᠬᠤ᠂ ᠲᠤᠩᠭᠠᠯᠠᠭ ᠴᠥᠪ ᠢ᠋ ᠢᠯᠭᠠᠬᠤ᠂ ᠰᠢᠷᠬ᠎ᠠ ᠶ᠋ᠢ ᠠᠨᠠᠭᠠᠬᠤ ᠴᠢᠳᠠᠯ ᠲᠠᠢ᠃ ᠭᠣᠣᠯᠳᠠᠭᠤ ᠨᠢᠶᠠᠨ ᠲᠠᠢ ᠡᠪᠡᠳᠴᠢᠨ᠂ ᠬᠣᠣᠷ ᠤ᠋ᠨ ᠬᠠᠯᠠᠭᠤᠨ᠂ ᠪᠣᠭᠣᠮ᠎ᠠ᠂ ᠬᠢᠵᠢᠭ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄白屈菜
   ᠠᠩᠭ᠌ᠯᠢ ᠨᠡᠷ᠎ᠡ᠄Chelidonium majus L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠲᠤᠶᠠᠭ᠎ᠠ