ᠰᠢᠭᠢᠷ᠎ᠡ ᠳ᠋ᠢᠭᠳᠡШийр дэгдShiir degd
ᠰᠢᠭᠢᠷ᠎ᠡ ᠳ᠋ᠢᠭᠳᠡ
ᠲᠤᠰ ᠡᠮ ᠪᠣᠯ ᠵᠦᠯᠭᠡᠨ ᠴᠢᠮᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠠᠩᠭᠤᠲᠤ ᠳ᠋ᠢᠭᠳᠡ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠭᠦᠷᠳᠢᠭ᠂ ᠳ᠋ᠥ᠋ᠮᠳᠢᠭ᠌᠂ ᠫᠠᠭᠰᠥ᠋ᠭ᠌᠂ ᠳ᠋ᠠᠭᠮᠤ ᠶᠠᠳᠵᠤᠷ ᠭᠡᠳᠡᠭ᠃
[ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃20~50cm ᠥᠨᠳᠥᠷ᠂ ᠡᠰᠢ ᠨᠢ ᠰᠢᠯᠤᠭᠤᠨ᠂ ᠤᠭ ᠠ᠋ᠴᠠ ᠪᠠᠨ ᠰᠠᠯᠠᠭᠠᠯᠠᠨ᠎ᠠ᠃ ᠦᠶ᠎ᠡ ᠶ᠋ᠢᠨ ᠵᠠᠢ ᠨᠢ ᠨᠠᠪᠴᠢᠨ ᠠ᠋ᠴᠠ ᠪᠠᠨ ᠤᠷᠲᠤ᠃ ᠨᠠᠪᠴᠢ ᠨᠢ ᠴᠢᠭᠲᠠᠯᠠᠨ ᠤᠷᠭᠤᠨ᠎ᠠ᠂ ᠵᠣᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠱᠣᠪᠬᠣ ᠦᠵᠦᠭᠦᠷ ᠲᠡᠢ᠂ ᠱᠠᠭᠠᠨᠲᠠᠭ ᠤᠭ ᠲᠠᠢ᠂ ᠶᠡᠷᠦ ᠳ᠋ᠡᠭᠡᠨ3 ᠰᠤᠳᠠᠯ ᠲᠠᠢ᠂ ᠣᠬᠣᠷ ᠪᠠᠷᠢᠭᠤᠯ ᠲᠠᠢ᠃ ᠴᠣᠮᠬᠠᠨ ᠪᠠᠭ ᠴᠡᠴᠡᠭ ᠨᠢ ᠡᠰᠢᠨ ᠦ᠌ ᠣᠷᠣᠢ ᠪᠤᠶᠤ ᠨᠠᠪᠴᠢᠨ ᠰᠤᠭᠤ ᠳ᠋ᠤ᠌ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ4 ᠣᠨᠢ ᠲᠠᠢ᠂ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠨᠢ ᠬᠤᠩᠬ᠎ᠠ ᠬᠡᠯᠪᠡᠷᠢ ᠲᠡᠢ᠂ ᠰᠢᠷᠠᠩᠭᠤᠢ ᠥᠩᠭᠡ ᠲᠡᠢ᠂4 ᠭᠦᠨ ᠣᠨᠢ ᠲᠠᠢ᠂ ᠰᠡᠵᠢᠭᠦᠷ ᠢᠯᠲᠠᠰᠤ ᠶ᠋ᠢᠨ ᠤᠭ ᠤ᠋ᠨ ᠬᠡᠰᠡᠭ ᠲᠤᠨᠢ ᠬᠣᠩᠬᠢᠶ᠎ᠠ ᠨᠦᠬᠡ ᠲᠡᠢ᠂ ᠰᠤᠨᠵᠤ ᠤᠷᠲᠤ ᠳᠠᠷᠠᠪᠴᠢ ᠪᠣᠯᠳᠠᠭ ᠪᠥᠭᠡᠳ ᠣᠩᠭᠣᠴᠠᠨ ᠤ᠋ ᠵᠠᠩᠭᠤᠤ ᠰᠢᠭ᠋ ᠬᠡᠯᠪᠡᠷᠢ ᠲᠡᠢ᠂ ᠡᠷ᠎ᠡ ᠲᠣᠭᠣᠷᠴᠣᠭ ᠨᠢ4᠂ ᠴᠡᠴᠡᠭ ᠦ᠋ᠨ ᠳᠡᠯᠪᠢ ᠶ᠋ᠢᠨ ᠤᠭ ᠣᠷᠴᠢᠮ ᠪᠠᠢᠷᠢᠯᠠᠨ᠎ᠠ᠃ ᠲᠡᠷᠡᠢᠵᠦ ᠲᠣᠭᠲᠠᠭᠰᠠᠨ ᠲᠣᠭᠣᠰᠣᠪᠴᠢ ᠲᠠᠢ᠃ ᠤᠮᠠᠢ ᠨᠢ1 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠣᠬᠣᠷ᠃ ᠬᠣᠩᠭᠣᠷᠴᠣᠭᠲᠤ ᠵᠢᠮᠢᠰ ᠨᠢ ᠥᠨᠳᠡᠭᠡᠯᠵᠢᠨ᠂ ᠤᠷᠲᠤᠯᠵᠢᠨ ᠪᠤᠶᠤ ᠤᠷᠲᠤᠯᠵᠢᠨ ᠲᠣᠭᠣᠷᠢᠭ ᠬᠡᠯᠪᠡᠷᠢ ᠲᠡᠢ᠂ ᠤᠮᠠᠢ ᠶ᠋ᠢᠨ ᠬᠠᠯᠢᠰᠤ ᠨᠢ ᠤᠭ ᠲᠠᠭᠠᠨ ᠬᠦᠷᠲᠡᠯ᠎ᠡ ᠣᠨᠢ ᠭᠠᠷᠳᠠᠭ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠳᠣᠲᠣᠷ᠎ᠠ᠂ ᠣᠢ ᠶ᠋ᠢᠨ ᠬᠥᠪᠡᠭᠡ᠂ ᠠᠭᠤᠯᠠᠨ ᠭᠣᠣ᠂ ᠤᠰᠤᠨ ᠤ᠋ ᠬᠥᠪᠡᠭᠡ ᠶ᠋ᠢᠨ ᠥᠯᠥᠩ ᠡᠪᠡᠰᠦᠨ ᠳᠤᠮᠳᠠ ᠤᠷᠭᠤᠨ᠎ᠠ᠃ ᠮᠠᠨ ᠤᠯᠤᠰ ᠤ᠋ᠨ ᠵᠡᠭᠦᠨ ᠬᠣᠢᠲᠤ ᠣᠷᠣᠨ ᠠ᠋ᠴᠠ ᠳᠤᠮᠳᠠᠳᠤ ᠣᠷᠣᠨ᠂ ᠪᠠᠷᠠᠭᠤᠨ ᠡᠮᠦᠨᠡᠲᠦ ᠣᠷᠣᠨ ᠬᠦᠷᠲᠡᠯ᠎ᠡ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠠᠪᠴᠤ᠂ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠯᠲᠠᠯᠢᠭ᠂ ᠭᠠᠰᠢᠭᠤᠨ ᠠᠮᠲᠠ ᠲᠠᠢ᠂ ᠲᠡᠭᠰᠢ ᠴᠢᠨᠠᠷ ᠲᠠᠢ᠂ ᠵᠥᠭᠡᠯᠡᠨ᠂ ᠲᠣᠰᠣᠯᠢᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠰᠢᠷᠬ᠎ᠠ ᠶ᠋ᠢ ᠠᠨᠠᠭᠠᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ᠂ ᠰᠢᠷᠬᠠᠨ ᠤ᠋ ᠬᠠᠯᠠᠭᠤᠨ᠂ ᠰᠤᠳᠠᠯ ᠤ᠋ᠨ ᠬᠠᠯᠠᠭᠤᠨ᠂ ᠡᠯᠢᠭᠡᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 花锚
ᠠᠩᠭ᠌ᠯᠢ ᠨᠡᠷ᠎ᠡ᠄ HAalenia sibirica L.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ
