ᠤᠳᠤᠷᠢᠳᠤᠭᠴᠢ ᠶ᠋ᠢᠨ ᠭᠤᠷᠪᠠᠨ ᠦᠵᠡᠯᠲᠡ-ᠬᠣᠨᠢᠴᠢᠨ ᠦᠯᠵᠡᠢᠰᠦ᠋ᠷᠤᠩУдирдагчийн гураван үзэлт ᠲᠣᠷᠭᠠᠨ ᠵᠢᠯᠣᠭᠣ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠳᠤᠷᠢᠳᠤᠭᠴᠢ ᠶ᠋ᠢᠨ ᠭᠤᠷᠪᠠᠨ ᠦᠵᠡᠯᠲᠡ-ᠬᠣᠨᠢᠴᠢᠨ ᠦᠯᠵᠡᠢᠰᠦ᠋ᠷᠤᠩУдирдагчийн гураван үзэлт

ᠤᠳᠤᠷᠢᠳᠤᠭᠴᠢ ᠶ᠋ᠢᠨ ᠭᠤᠷᠪᠠᠨ ᠦᠵᠡᠯᠲᠡ-ᠬᠣᠨᠢᠴᠢᠨ ᠦᠯᠵᠡᠢᠰᠦ᠋ᠷᠤᠩУдирдагчийн гураван үзэлт

2025-08-15

260

    ᠳ᠋ᠣᠺᠲ᠋ᠣᠷ ᠬᠣᠨᠢᠴᠢᠨ ᠦᠯᠵᠡᠢᠰᠦ᠋ᠷᠥᠩ    
ᠬᠥᠮᠦᠨ ᠦ᠌ ᠠᠮᠵᠢᠯᠲᠠ ᠪᠦᠲᠦᠭᠡᠯ ᠭᠡᠳᠡᠭ ᠪᠣᠯ ᠶᠠᠭ ᠦᠨᠡᠨ ᠳ᠋ᠡᠭᠡᠨ ᠴᠢᠨᠦ ᠬᠢᠭᠰᠡᠨ ᠪᠦᠲᠦᠭᠡᠭᠰᠡᠨ ᠢ᠋ ᠴᠢᠨᠢ ᠬᠡᠮᠵᠢᠭᠰᠡᠨ ᠦ᠌ ᠦᠷ᠎ᠡ ᠳ᠋ᠦᠩ ᠮᠥᠨ᠃ ᠨᠢᠭᠡ ᠬᠥᠮᠦᠨ ᠢ᠋ ᠨᠠᠶᠠᠨ ᠨᠠᠰᠤᠯᠠᠬᠤ ᠪᠠᠷ ᠪᠣᠳᠣᠪᠠᠯ 29200 ᠬᠣᠨᠣᠭ ᠯᠠ ᠠᠮᠢᠳᠤᠷᠠᠨ᠎ᠠ᠃ ᠭᠡᠲᠡᠯ᠎ᠡ ᠡᠭᠦᠨ ᠦ᠌ ᠪᠡᠨ ᠬᠠᠭᠠᠰ ᠢ᠋ ᠨᠢ ᠤᠨᠲᠠᠵᠤ᠂ ᠬᠣᠷᠢ ᠬᠦᠷᠲᠡᠯᠡᠬᠢ ᠬᠤᠭᠤᠴᠠᠠᠭ᠎ᠠ ᠪᠠᠨ ᠪᠠᠭ᠎ᠠ ᠨᠠᠰᠤ᠂ ᠰᠤᠷᠭᠠᠭᠤᠯᠢ ᠰᠣᠶᠣᠯ ᠤ᠋ᠨ ᠮᠥᠷ ᠢ᠋ ᠬᠥᠭᠡᠭᠡᠬᠦ ᠳ᠋ᠦ᠍ ᠵᠣᠷᠢᠭᠤᠯᠤᠭᠰᠠᠨ ᠪᠠᠢᠳᠠᠭ ᠪᠣᠯ᠂ ᠬᠥᠮᠦᠨ ᠳ᠋ᠦ᠍ ᠵᠢᠩᠬᠢᠨᠢ ᠥᠪᠡᠷ ᠦ᠋ᠨ ᠪᠣᠳᠣᠭᠰᠠᠨ ᠰᠠᠨᠠᠭᠰᠠᠨ ᠢ᠋ᠶ᠋ᠠᠷ ᠪᠡᠶᠡᠯᠡᠭᠦᠯᠬᠦ ᠶ᠋ᠢᠨ ᠲᠥᠯᠥᠭᠡ ᠬᠢᠬᠦ ᠴᠠᠭ ᠶᠡᠷᠦ ᠳ᠋ᠡᠭᠡᠨ ᠯᠡ ᠲᠦᠮᠡᠬᠡᠨ ᠡᠳᠦᠷ ᠦᠯᠡᠲᠡᠯ᠎ᠡ ᠭᠡᠰᠡᠨ ᠦᠭᠡ᠃ ᠪᠢᠳᠡ ᠡᠨᠡᠬᠦ ᠥᠪᠡᠷ ᠲᠦ᠍ ᠣᠯᠳᠠᠭᠰᠠᠨ ᠲᠦᠮᠡᠨ ᠡᠳᠦᠷ ᠲᠡᠭᠡᠨ ᠪᠠᠭ᠎ᠠ ᠨᠠᠰᠤᠨ ᠤ᠋ ᠮᠥᠷᠥᠭᠡᠳᠦᠯ ᠡᠴᠡ ᠡᠬᠢᠯᠡᠭᠡᠳ ᠡᠵᠢ ᠠᠪᠤ᠂ ᠦᠷ᠎ᠡ ᠭᠡᠭᠡᠳ ᠲᠡᠢ ᠬᠠᠮᠲᠤ ᠪᠠᠢᠬᠤ᠂ ᠬᠤᠪᠢ ᠶ᠋ᠢᠨ ᠭᠡᠰᠡᠨ ᠠᠵᠢᠯ ᠦᠢᠯᠡᠰ ᠢ᠋ᠶ᠋ᠡᠨ ᠠᠮᠵᠢᠯᠲᠠ ᠳ᠋ᠤ᠌ ᠬᠦᠷᠭᠡᠬᠦ ᠭᠡᠳ ᠮᠠᠰᠢ ᠣᠯᠠᠨ ᠵᠦᠢᠯ ᠢ᠋ ᠲᠥᠰᠦᠪᠯᠡᠭᠰᠡᠨ ᠡᠴᠡ ᠪᠢᠳᠡᠨ ᠳ᠋ᠦ᠍ ᠬᠢᠬᠦ ᠴᠠᠭ ᠮᠠᠰᠢ ᠪᠠᠭ᠎ᠠ ᠦᠯᠡᠳᠡᠭᠰᠡᠨ ᠪᠠᠢᠳᠠᠭ᠃  
ᠤᠳᠤᠷᠢᠳᠤᠭᠴᠢ ᠪᠣᠯᠣᠭᠰᠠᠳ ᠲᠤ᠌ ᠠᠪᠴᠤ ᠬᠡᠯᠡᠪᠡᠯ ᠥᠪᠡᠷ ᠦ᠋ᠨ ᠡᠨᠡᠬᠦ ᠬᠢᠵᠠᠭᠠᠷᠲᠠᠢ ᠴᠠᠭ ᠢ᠋ᠶ᠋ᠠᠨ ᠵᠥᠪ ᠵᠣᠬᠢᠰᠲᠠᠢ ᠬᠤᠪᠢᠶᠠᠷᠢᠯᠠᠵᠤ᠂ ᠦᠷ᠎ᠡ ᠪᠦᠲᠦᠮᠵᠢ ᠲᠡᠢ ᠠᠰᠢᠭᠯᠠᠬᠤ ᠠ᠋ᠴᠠ ᠭᠠᠳᠠᠨ᠎ᠠ ᠬᠠᠮᠲᠤ ᠣᠯᠠᠨ᠂ ᠪᠠᠭ ᠪᠦᠯᠬᠦᠮ ᠦ᠋ᠨ ᠢ᠋ᠶ᠋ᠡᠨ ᠠᠵᠢᠯ ᠤ᠋ᠨ ᠴᠠᠭ ᠢ᠋ ᠵᠣᠬᠢᠰᠲᠠᠢ ᠲᠣᠬᠢᠷᠠᠭᠤᠯᠵᠤ᠂ ᠠᠵᠢᠯ ᠤ᠋ᠨ ᠠᠮᠵᠢᠯᠲᠠ ᠭᠠᠷᠭᠠᠬᠤ ᠡᠭᠦᠷᠭᠡ ᠪᠤᠶᠤ ᠬᠠᠷᠢᠭᠤᠴᠠᠯᠭ᠎ᠠ ᠬᠠᠲᠠᠭᠤ ᠤᠨᠣᠭᠳᠠᠠᠰᠠᠨ ᠪᠠᠢᠳᠠᠭ ᠪᠢᠯᠡ᠃ ᠵᠠᠷᠢᠮ ᠬᠥᠮᠦᠰ ᠤᠳᠤᠷᠢᠳᠤᠭᠴᠢ ᠪᠣᠯ ᠡᠷᠬᠡ ᠵᠡᠷᠭᠡ ᠶ᠋ᠢ ᠠᠳᠬᠤᠵᠤ᠂ ᠪᠤᠰᠤᠳ ᠬᠥᠮᠦᠰ ᠢ᠋ᠶ᠋ᠡᠨ ᠵᠠᠬᠢᠷᠤᠨ ᠠᠵᠢᠯ ᠬᠢᠯᠭᠡᠬᠦ ᠮᠡᠲᠦ ᠪᠡᠷ ᠪᠣᠳᠣᠳᠠᠭ᠃ ᠦᠨᠡᠨ ᠳ᠋ᠡᠭᠡᠨ ᠡᠢᠮᠦ ᠤᠳᠤᠷᠢᠳᠤᠭᠴᠢ ᠶ᠋ᠢᠨ ᠠᠵᠢᠯ ᠡᠰᠡᠷᠭᠦ ᠪᠡᠷ ᠪᠦᠲᠦᠮᠵᠢ ᠮᠠᠭᠤᠲᠠᠢ ᠪᠠᠢᠳᠠᠭ᠃ ᠵᠢᠩᠬᠢᠨᠢ ᠤᠳᠤᠷᠢᠳᠤᠭᠴᠢ ᠬᠥᠮᠦᠨ ᠴᠣᠬᠣᠮ ᠶᠠᠮᠠᠷ ᠪᠠᠢᠵᠤ᠂ ᠥᠪᠡᠷ ᠦ᠋ᠨ ᠪᠣᠯᠤᠨ ᠪᠠᠭ ᠬᠠᠮᠲᠤ ᠣᠯᠠᠨ ᠤ᠋ ᠠᠵᠢᠯ ᠢ᠋ ᠰᠠᠢᠨ ᠠᠪᠴᠤ ᠶᠠᠪᠤᠵᠤ ᠬᠥᠭᠵᠢᠭᠦᠯᠵᠦ ᠴᠢᠳᠠᠬᠤ ᠪᠣᠢ? ᠡᠭᠦᠨ ᠳ᠋ᠦ᠍ ᠭᠤᠷᠪᠠᠨ ᠲᠥᠷᠥᠯ ᠦ᠋ᠨ ᠦᠵᠡᠯᠲᠡ ᠲᠠᠨᠢᠯᠲᠠ ᠪᠠᠨ ᠨᠢᠭᠡᠳᠬᠡᠬᠦ ᠴᠢᠬᠤᠯᠠ ᠲᠠᠢ᠃ ᠥᠭᠡᠷ᠎ᠡ ᠪᠡᠷ ᠬᠡᠯᠡᠪᠡᠯ ᠠᠮᠵᠢᠯᠲᠠ ᠣᠯᠤᠭᠰᠠᠨ ᠤᠳᠤᠷᠢᠳᠤᠭᠴᠢ ᠶ᠋ᠢᠨ ᠨᠢᠭᠤᠴᠠ ᠨᠢ ᠡᠭᠦᠨ ᠳ᠋ᠦ᠍ ᠪᠠᠢᠳᠠᠭ᠃ 
ᠨᠢᠭᠡ᠂ ᠠᠮᠢᠳᠤᠷᠬᠤᠢ ᠶ᠋ᠢᠨ ᠦᠵᠡᠯᠲᠡ ᠠᠳᠠᠯᠢ ᠪᠠᠢᠬᠤ ᠬᠡᠷᠡᠭᠲᠡᠢ 
ᠮᠠᠰᠢ ᠣᠯᠠᠨ ᠬᠥᠮᠦᠰ᠂ ᠣᠨᠴᠠᠭᠠᠢᠯᠠᠨ ᠤᠳᠤᠷᠢᠳᠤᠭᠴᠢᠢ ᠪᠣᠯᠣᠭᠰᠠᠳ ᠪᠣᠳᠣᠬᠤ ᠳ᠋ᠠᠭᠠᠨ ᠥᠪᠡᠷ ᠦ᠋ᠨ ᠬᠠᠮᠲᠤ ᠣᠯᠠᠨ ᠤ᠋ ᠬᠢᠨᠢ ᠠᠵᠢᠯ ᠪᠦᠲᠦᠮᠵᠢ ᠮᠠᠭᠤ ᠪᠣᠯᠬᠤ ᠳ᠋ᠤ᠌ ᠪᠦᠷ ᠬᠡᠨ ᠨᠢᠭᠡ ᠨᠢ ᠠᠵᠢᠯ ᠢ᠋ᠶ᠋ᠠᠨ ᠮᠠᠭᠤ ᠬᠢᠭᠰᠡᠨ ᠪᠤᠶᠤ ᠬᠡᠨ ᠨᠢᠭᠡᠨ ᠨᠢ ᠥᠪᠡᠷ ᠦ᠋ᠨ ᠬᠢᠨᠢ ᠠᠵᠢᠯ ᠤ᠋ᠨ ᠲᠣᠬᠢᠷᠠᠭᠤᠯᠭ᠎ᠠ ᠶ᠋ᠢ ᠳᠠᠭᠠᠭᠰᠠᠨ ᠦᠭᠡᠢ ᠡᠴᠡ ᠪᠣᠯᠤᠯ᠎ᠠ ᠭᠡᠳᠡᠭ᠃ ᠥᠩᠭᠡᠨ ᠲᠠᠯ᠎ᠠ ᠠ᠋ᠴᠠ ᠦᠵᠡᠬᠦ ᠳ᠋ᠦ᠍ ᠦᠨᠡᠬᠡᠷ ᠡᠢᠮᠦ ᠪᠣᠯᠪᠠᠴᠤ ᠂ ᠴᠢᠨᠠᠭᠰᠢ ᠨᠢᠭᠲᠠᠯᠠᠪᠠᠯ ᠪᠢᠳᠡ ᠥᠭᠡᠷ᠎ᠡ ᠨᠢᠭᠡ ᠵᠦᠢᠯ ᠦ᠋ᠨ ᠰᠢᠯᠲᠠᠭᠠᠨ ᠢ᠋ ᠡᠷᠢᠵᠦ ᠣᠯᠵᠤ ᠪᠣᠯᠤᠨ᠎ᠠ ᠃ ᠡᠨᠡ ᠪᠣᠯ ᠬᠠᠮᠲᠤ ᠣᠯᠠᠨ ᠤ᠋ ᠭᠡᠰᠢᠭᠦᠳ ᠬᠣᠭᠤᠷᠤᠲᠤ ᠪᠠᠨ ᠥᠪᠡᠷ ᠥᠪᠡᠷ ᠦ᠋ᠨ ᠦᠵᠡᠯ ᠪᠣᠳᠣᠯ ᠢ᠋ᠶ᠋ᠠᠨ ᠣᠢᠯᠭᠠᠭᠰᠠᠨ ᠦᠭᠡᠢ᠂ ᠣᠨᠴᠠᠭᠠᠢᠯᠠᠨ ᠤᠳᠤᠷᠢᠳᠤᠭᠴᠢ ᠪᠣᠯᠣᠭᠰᠠᠳ ᠥᠪᠡᠷ ᠦ᠋ᠨ ᠦᠵᠡᠯ ᠪᠣᠳᠣᠯ᠂ ᠶᠠᠭᠤ ᠬᠢᠬᠦ ᠭᠡᠵᠦ ᠪᠠᠢᠭ᠎ᠠ ᠪᠠᠨ ᠭᠡᠰᠢᠭᠦᠳ ᠲᠡᠭᠡᠨ ᠰᠠᠢᠨ ᠬᠡᠯᠡᠵᠦ ᠥᠭᠴᠦ ᠴᠢᠳᠠᠭᠰᠠᠨ ᠦᠭᠡᠢ ᠳ᠋ᠦ᠍ ᠣᠷᠣᠰᠢᠨ᠎ᠠ᠃ ᠲᠡᠢᠮᠦ ᠡᠴᠡ ᠤᠳᠤᠷᠢᠳᠤᠭᠴᠢ ᠪᠣᠯᠤᠭᠰᠠᠨ ᠬᠥᠮᠦᠨ᠂ ᠪᠠᠭ ᠪᠦᠯᠬᠦᠮ ᠦ᠋ᠨ ᠢ᠋ᠶ᠋ᠡᠨ ᠠᠵᠢᠯ ᠢ᠋ ᠨᠢᠭᠡ ᠬᠥᠮᠦᠨ ᠬᠢᠵᠦ ᠪᠠᠢᠭ᠎ᠠ ᠮᠡᠲᠦ ᠰᠠᠢᠨ ᠭᠦᠢᠴᠡᠳᠬᠡᠶ᠎ᠡ ᠭᠡᠪᠡᠯ ᠡᠬᠢᠯᠡᠭᠡᠳ ᠡᠨᠡᠬᠦ ᠠᠵᠢᠯ ᠦᠢᠯᠡᠰ ᠦ᠋ᠨ ᠢ᠋ᠶ᠋ᠡᠨ ᠶᠠᠭᠤᠨ ᠳ᠋ᠤ᠌ ᠣᠷᠣᠰᠢᠵᠤ ᠪᠠᠢᠭ᠎ᠠ ᠰᠢᠯᠲᠠᠭᠠᠨ ᠢ᠋ ᠣᠯᠠᠨ ᠲᠠᠢ ᠪᠠᠨ ᠬᠤᠪᠢᠶᠠᠯᠴᠠᠵᠤ᠂ ᠦᠵᠡᠯ ᠪᠣᠳᠣᠯ ᠢ᠋ᠶ᠋ᠠᠨ ᠨᠢᠭᠡᠳᠬᠡᠬᠦ ᠬᠡᠷᠡᠭᠲᠡᠢ᠃ ᠢᠩᠭᠢᠵᠦ ᠪᠠᠢᠵᠤ ᠨᠢᠭᠡ ᠠᠵᠢᠯ ᠲᠥᠷᠥᠯ ᠢ᠋ ᠬᠢᠵᠦ ᠪᠠᠢᠭ᠎ᠠ ᠬᠠᠮᠲᠤ ᠣᠯᠠᠨ ᠬᠢᠵᠦ ᠪᠠᠢᠭ᠎ᠠ ᠠᠵᠢᠯ ᠦᠢᠯᠡᠰ ᠦ᠋ᠨ ᠢ᠋ᠶ᠋ᠡᠨ ᠲᠤᠬᠠᠢ ᠬᠠᠮᠲᠤ ᠶ᠋ᠢᠨ ᠨᠢᠭᠡᠳᠦᠭᠰᠡᠨ ᠦᠵᠡᠯ ᠪᠣᠳᠣᠯ ᠲᠠᠢ ᠪᠣᠯᠵᠤ ᠨᠢᠭᠡᠨ ᠵᠣᠷᠢᠭ ᠢ᠋ᠶ᠋ᠠᠷ ᠴᠢᠷᠮᠠᠢᠵᠤ ᠴᠢᠳᠠᠨ᠎ᠠ᠃ ᠢᠩᠭᠢᠵᠦ ᠬᠠᠮᠲᠤ ᠶ᠋ᠢᠨ ᠬᠦᠴᠦᠨ ᠳ᠋ᠦ᠍ ᠡᠬᠢᠯᠡᠭᠰᠡᠨ ᠠᠵᠢᠯ ᠴᠢᠨᠠᠭᠰᠢ ᠶᠠᠪᠤᠵᠤ ᠴᠢᠳᠠᠨ᠎ᠠ᠃ ᠡᠨᠡ ᠪᠣᠯ ᠠᠮᠢᠳᠤᠷᠠᠬᠤᠢ ᠶ᠋ᠢᠨ ᠦᠵᠡᠯᠲᠡ ᠪᠡᠨ ᠨᠢᠭᠡᠳᠬᠡᠬᠦ ᠶ᠋ᠢᠨ ᠠᠴᠢ ᠲᠤᠰᠠ ᠮᠥᠨ᠃ 
ᠬᠣᠶᠠᠷ ᠂ ᠶᠢᠷᠲᠢᠨᠴᠦ ᠶ᠋ᠢᠨ ᠦᠵᠡᠯᠲᠡ ᠠᠳᠠᠯᠢ ᠪᠠᠢᠬᠤ ᠬᠡᠷᠡᠭᠲᠡᠢ 
ᠬᠥᠮᠦᠨ ᠪᠣᠯᠭᠠᠨ ᠬᠠᠷᠠᠬᠠᠨ ᠪᠠᠭ᠎ᠠ ᠠ᠋ᠴᠠ ᠪᠠᠨ ᠡᠬᠢᠯᠡᠨ ᠥᠪᠡᠷ ᠥᠪᠡᠷ ᠦ᠋ᠨ ᠬᠦᠰᠡᠯ ᠮᠥᠷᠥᠭᠡᠳᠦᠯ ᠲᠡᠢ ᠪᠠᠢᠳᠠᠭ᠃ ᠡᠭᠦᠨ ᠲᠡᠢ ᠠᠳᠠᠯᠢ ᠨᠢᠭᠡ ᠠᠵᠢᠯ ᠦᠢᠯᠡᠰ ᠡᠷᠬᠢᠯᠡᠭᠰᠡᠨ ᠴᠦ᠍ ᠲᠡᠭᠦᠨ ᠦ᠌ ᠪᠡᠨ ᠲᠤᠬᠠᠢ ᠠᠯᠤᠰ ᠤ᠋ᠨ ᠬᠠᠷᠠᠯᠲᠠ᠂ ᠬᠥᠭᠵᠢᠯᠲᠡ ᠶ᠋ᠢᠨ ᠲᠥᠰᠥᠪ ᠲᠡᠢ ᠪᠠᠢᠳᠠᠭ᠃ ᠥᠪᠡᠷ ᠦ᠋ᠨ ᠬᠢᠵᠦ ᠪᠠᠢᠭ᠎ᠠ ᠵᠦᠢᠯ ᠢ᠋ᠶ᠋ᠡᠨ ᠬᠣᠵᠢᠮ ᠶᠠᠮᠠᠷ ᠲᠦᠪᠰᠢᠨ ᠳ᠋ᠦ᠍ ᠬᠦᠷᠭᠡᠵᠦ᠂ ᠶᠠᠮᠠᠷ ᠪᠣᠯᠭᠠᠬᠤ᠂ ᠬᠥᠮᠦᠰ ᠲᠦ᠍᠂ ᠨᠡᠢᠭᠡᠮ ᠳ᠋ᠦ᠍ ᠶᠠᠮᠠᠷ ᠠᠴᠢ ᠲᠤᠰᠠ᠂ ᠠᠴᠢ ᠬᠣᠯᠪᠣᠭᠳᠠᠯ ᠭᠠᠷᠭᠠᠬᠤ ᠭᠡᠳᠡᠭ ᠪᠣᠯ ᠪᠢᠳᠡᠨ ᠦ᠌ ᠠᠵᠢᠯ ᠦᠢᠯᠡᠰ ᠬᠢᠬᠦ ᠪᠡᠷ ᠢ᠋ᠶ᠋ᠡᠨ ᠳᠠᠮᠵᠢᠭᠤᠯᠵᠤ ᠳᠠᠮ ᠢ᠋ᠶ᠋ᠠᠷ ᠪᠡᠶᠡᠯᠡᠭᠦᠯᠬᠦ ᠵᠦᠢᠯ ᠪᠣᠯᠤᠨ᠎ᠠ᠃ ᠡᠨᠡ ᠪᠣᠯ ᠳᠠᠷᠤᠢ ᠶᠢᠷᠲᠢᠨᠴᠦ ᠶ᠋ᠢᠨ ᠦᠵᠡᠯᠲᠡ ᠪᠣᠯᠤᠨ᠎ᠠ᠃ ᠪᠢᠳᠡ ᠬᠠᠮᠲᠤ ᠳ᠋ᠠᠭᠠᠨ ᠶᠠᠮᠠᠷ ᠨᠢᠭᠡᠨ ᠵᠦᠢᠯ ᠢ᠋ ᠬᠢᠵᠦ ᠪᠦᠲᠦᠭᠡᠬᠦ ᠳ᠋ᠦ᠍ ᠡᠨᠡᠬᠦ ᠶᠢᠷᠲᠢᠨᠴᠦ ᠶ᠋ᠢᠨ ᠦᠵᠡᠯᠲᠡ ᠪᠡᠨ ᠨᠢᠭᠡᠳᠬᠡᠵᠦ ᠴᠢᠳᠠᠬᠤ ᠦᠭᠡᠢ ᠪᠣᠯ ᠥᠨᠥᠳᠥᠷ ᠬᠠᠮᠲᠤᠷᠠᠭᠰᠠᠨ ᠴᠤ᠌ ᠤᠳᠠᠭᠠᠨ ᠦᠷᠭᠦᠯᠵᠢᠯᠡᠵᠦ ᠂ ᠡᠴᠦᠰ ᠦ᠋ᠨ ᠲᠡᠷᠡᠬᠦ ᠬᠠᠷᠠᠯᠲᠠ ᠳ᠋ᠠᠭᠠᠨ ᠬᠦᠷᠴᠦ ᠴᠢᠳᠠᠬᠤ ᠦᠭᠡᠢ᠃ ᠤᠴᠢᠷ ᠨᠢ ᠬᠥᠮᠦᠰ ᠥᠭᠡᠷ᠎ᠡ ᠥᠭᠡᠷ᠎ᠡ ᠶᠢᠷᠲᠢᠨᠴᠦ ᠶ᠋ᠢᠨ ᠦᠵᠡᠯᠲᠡ ᠡᠴᠡ ᠣᠴᠢᠵᠤ ᠬᠢᠪᠡᠯ ᠥᠪᠡᠷ ᠥᠪᠡᠷ ᠦ᠋ᠨ ᠢ᠋ᠶ᠋ᠡᠨ ᠲᠡᠮᠡᠦᠯᠦᠭᠰᠡᠨ ᠵᠦᠭ ᠲᠦ᠍ ᠶᠠᠪᠤᠵᠤ᠂ ᠠᠯᠢ ᠨᠢᠭᠡ ᠡᠳᠦᠷ ᠰᠠᠯᠵᠤ᠂ ᠬᠢᠵᠦ ᠪᠠᠢᠭ᠎ᠠ ᠵᠦᠢᠯ ᠨᠢ ᠴᠦ᠍ ᠰᠠᠷᠨᠢᠬᠤ ᠨᠢ ᠲᠣᠳᠣᠷᠬᠠᠢ ᠪᠢᠯᠡ᠃ 
ᠭᠤᠷᠪᠠ ᠂ ᠥᠷᠲᠡᠭ ᠦ᠋ᠨ ᠦᠵᠡᠯᠲᠡ ᠠᠳᠠᠯᠢ ᠪᠠᠢᠬᠤ ᠬᠡᠷᠡᠭᠲᠡᠢ 
ᠪᠢᠳᠡ ᠠᠯᠢᠪᠠ ᠵᠦᠢᠯ᠂ ᠬᠡᠷᠡᠭ ᠶᠠᠪᠤᠳᠠᠯ ᠢ᠋ ᠵᠥᠪ ᠪᠤᠷᠤᠭᠤ ᠭᠡᠮᠡᠨ ᠢᠯᠭᠠᠨ ᠦᠵᠡᠳᠡᠭ᠃ ᠶᠠᠷᠢᠶᠠᠨ ᠦᠭᠡᠢ ᠪᠢᠳᠡ ᠥᠪᠡᠷ ᠦ᠋ᠨ ᠵᠥᠪ ᠭᠡᠵᠦ ᠦᠵᠡᠭᠰᠡᠨ ᠵᠦᠢᠯ ᠢ᠋ᠶ᠋ᠡᠨ ᠬᠦᠨᠳᠦᠳᠬᠡᠵᠦ᠂ ᠲᠡᠭᠦᠨ ᠦ᠌ ᠵᠢᠮ᠎ᠡ ᠶᠣᠰᠣ ᠶ᠋ᠢ ᠳᠠᠭᠠᠬᠤ ᠪᠤᠶᠤ ᠲᠡᠭᠦᠨ ᠢ᠋ ᠪᠦᠲᠦᠭᠡᠬᠦ ᠶ᠋ᠢᠨ ᠲᠥᠯᠥᠭᠡ ᠴᠢᠷᠮᠠᠢᠨ ᠵᠢᠳᠬᠦᠳᠡᠭ᠃ ᠡᠰᠡᠷᠭᠦ ᠪᠡᠷ ᠥᠪᠡᠷ ᠦ᠋ᠨ ᠪᠤᠷᠤᠭᠤ ᠭᠡᠵᠦ ᠦᠨᠡᠯᠡᠭᠰᠡᠨ ᠵᠦᠢᠯ ᠢ᠋ᠶ᠋ᠡᠨ ᠎ᠲᠠᠭᠠᠨ ᠮᠥᠷᠳᠡᠬᠦ ᠦᠭᠡᠢ᠂ ᠴᠢᠨᠠᠭᠰᠢᠯᠠᠨ ᠲᠡᠭᠦᠨ ᠢ᠋ ᠡᠰᠡᠷᠭᠦᠴᠡᠬᠦ ᠪᠠᠢᠳᠠᠯ ᠭᠠᠷᠭᠠᠳᠠᠭ᠃ ᠶᠠᠭ ᠦᠨᠡᠨ ᠠᠳᠠᠯᠢ ᠨᠢᠭᠡᠨ ᠬᠡᠷᠡᠭ ᠶᠠᠪᠤᠳᠠᠯ ᠳ᠋ᠤ᠌ ᠠᠳᠠᠯᠢ ᠪᠤᠰᠤ ᠬᠥᠮᠦᠰ ᠥᠪᠡᠷ ᠥᠪᠡᠷ ᠦ᠋ᠨ ᠦᠵᠡᠯᠲᠡ ᠲᠡᠢ ᠪᠠᠢᠵᠤ᠂ ᠵᠠᠷᠢᠮ ᠨᠢᠭᠡ ᠨᠢ ᠵᠥᠪ ᠭᠡᠵᠦ ᠪᠣᠳᠣᠬᠤ ᠳ᠋ᠤ᠌᠂ ᠵᠠᠷᠢᠮ ᠨᠢᠭᠡ ᠨᠢ ᠪᠤᠷᠤᠭᠤ ᠭᠡᠮᠡᠨ ᠦᠨᠡᠯᠡᠳᠡᠭ᠃ ᠡᠨᠡ ᠪᠣᠯ ᠵᠥᠪᠬᠡᠨ ᠬᠥᠮᠦᠰ ᠦ᠋ᠨ ᠥᠭᠡᠷ᠎ᠡ ᠥᠭᠡᠷ᠎ᠡ ᠵᠣᠭᠰᠣᠴᠠ ᠶ᠋ᠢᠨ ᠠᠰᠠᠭᠤᠳᠠᠯ ᠪᠣᠯᠬᠤ ᠠ᠋ᠴᠠ ᠶᠠᠭ ᠬᠡᠷᠡᠭ ᠶᠠᠪᠤᠳᠠᠯ ᠤ᠋ᠨ ᠲᠤᠰ ᠪᠡᠶ᠎ᠡ ᠶ᠋ᠢᠨ ᠵᠥᠪ ᠪᠤᠷᠤᠭᠤ ᠳ᠋ᠤ᠌ ᠪᠠᠢᠭ᠎ᠠ ᠪᠢᠰᠢ ᠶᠦᠮ᠃ ᠡᠢᠮᠦ ᠡᠴᠡ ᠤᠳᠤᠷᠢᠳᠤᠭᠴᠢ ᠪᠣᠯᠣᠭᠰᠠᠳ ᠥᠪᠡᠷ ᠦ᠋ᠨ ᠬᠢᠵᠦ ᠪᠠᠢᠭ᠎ᠠ᠂ ᠰᠡᠳᠬᠢᠵᠦ ᠪᠠᠢᠭ᠎ᠠ ᠵᠦᠢᠯ ᠢ᠋ᠶ᠋ᠡᠨ ᠬᠠᠮᠲᠤ ᠣᠯᠠᠨ ᠳ᠋ᠠᠭᠠᠨ ᠵᠥᠪ ᠲᠠᠯ᠎ᠠ ᠠ᠋ᠴᠠ ᠨᠢ ᠲᠠᠨᠢᠭᠤᠯᠬᠤ ᠪᠣᠯᠬᠤ  ᠮᠠᠰᠢ ᠴᠢᠬᠤᠯᠠ ᠶᠤᠮ᠃ ᠬᠡᠷᠪᠡ ᠲᠠ ᠲᠠᠨᠢᠭᠤᠯᠵᠤ ᠴᠢᠳᠠᠪᠠᠯ ᠡᠨᠡᠬᠦ ᠬᠠᠮᠲᠤ ᠶ᠋ᠢᠨ ᠦᠢᠯᠡᠰ ᠢ᠋ ᠬᠠᠮᠲᠤ ᠶ᠋ᠢᠨ ᠬᠦᠴᠦ ᠪᠡᠷ ᠬᠥᠭᠵᠢᠭᠦᠯᠵᠦ᠂ ᠲᠠ ᠨᠢᠭᠡᠨ ᠰᠠᠢᠨ ᠤᠳᠤᠷᠢᠳᠤᠭᠴᠢ ᠪᠣᠯᠵᠤ ᠴᠢᠳᠠᠨ᠎ᠠ᠃ 
ᠨᠢᠭᠡᠨ ᠰᠠᠢᠨ ᠤᠳᠤᠷᠢᠳᠤᠭᠴᠢ ᠪᠣᠯᠬᠤ ᠳ᠋ᠤ᠌ ᠲᠠᠨ ᠤ᠋ ᠡᠷᠬᠡ ᠵᠡᠷᠭᠡ ᠬᠢᠷᠢ ᠲᠣᠮᠣ᠂ ᠶᠠᠮᠠᠷ ᠶᠡᠬᠡ ᠵᠦᠢᠯ ᠢ᠋ ᠰᠡᠳᠬᠢᠵᠦ ᠰᠡᠳᠦᠭᠰᠡᠨ  ᠳ᠋ᠡᠭᠡᠨ ᠪᠠᠢᠭ᠎ᠠ ᠪᠢᠰᠢ᠂ ᠲᠠ ᠬᠠᠮᠲᠤ ᠣᠯᠠᠨ᠂ ᠪᠠᠭ ᠪᠦᠯᠬᠦᠮ ᠢ᠋ᠶ᠋ᠡᠨ ᠬᠢᠷᠢ ᠵᠡᠷᠭᠡ ᠨᠢᠭᠲᠠᠷᠠᠭᠤᠯᠵᠤ᠂ ᠨᠢᠭᠡ ᠬᠥᠮᠦᠨ ᠰᠢᠭ ᠠᠪᠴᠤ ᠶᠠᠪᠤᠨ᠂ ᠬᠠᠮᠲᠤ ᠶ᠋ᠢᠨ ᠦᠢᠯᠡᠰ ᠢ᠋ ᠬᠠᠮᠲᠤ ᠶ᠋ᠢᠨ ᠬᠦᠴᠦ ᠪᠡᠷ ᠤᠷᠤᠭᠰᠢᠯᠠᠭᠤᠯᠵᠤ ᠴᠢᠳᠠᠠᠭᠰᠠᠨ ᠡᠰᠡᠬᠦ ᠳ᠋ᠦ᠍ ᠪᠠᠢᠭ᠎ᠠ ᠶᠤᠮ᠃ ᠡᠭᠦᠨ ᠢ᠋ ᠪᠡᠶᠡᠯᠡᠭᠦᠯᠬᠦ ᠬᠠᠮᠤᠭ ᠤ᠋ᠨ ᠦᠨᠳᠦᠰᠦᠨ ᠠᠷᠭ᠎ᠠ ᠪᠣᠯ ᠤᠳᠤᠷᠢᠳᠤᠭᠴᠢ  ᠠ᠋ᠴᠠ ᠥᠪᠡᠷ ᠦ᠋ᠨ ᠠᠮᠢᠳᠤᠷᠬᠤᠢ ᠶ᠋ᠢᠨ ᠦᠵᠡᠯᠲᠡ᠂ ᠶᠢᠷᠲᠢᠨᠴᠦ ᠶ᠋ᠢᠨ ᠦᠵᠡᠯᠲᠡ᠂ ᠥᠷᠲᠡᠭ ᠦ᠋ᠨ ᠦᠵᠡᠯᠲᠡ ᠪᠡᠨ ᠥᠭᠡᠷ᠎ᠡ ᠪᠤᠰᠤᠳ  ᠲᠠᠭᠠᠨ ᠵᠥᠪ ᠲᠠᠨᠢᠭᠤᠯᠵᠤ᠂ ᠪᠤᠰᠤᠳ ᠢ᠋ ᠪᠡᠨ ᠵᠥᠪ ᠲᠠᠨᠢᠨ᠂ ᠵᠢᠩᠬᠢᠨᠢ ᠨᠢᠭᠡᠨ ᠬᠠᠮᠲᠤ ᠣᠯᠠᠨ ᠪᠣᠯᠭᠠᠵᠤ ᠴᠢᠳᠠᠬᠤ ᠡᠰᠡᠬᠦ ᠳ᠋ᠦ᠍ ᠪᠠᠢᠭ᠎ᠠ ᠶᠤᠮ᠃ 

    ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ