ᠰᠥᠰᠥ ᠡᠪᠡᠰᠦСөс өвсSös övs ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠥᠰᠥ ᠡᠪᠡᠰᠦСөс өвсSös övs

ᠰᠥᠰᠥ ᠡᠪᠡᠰᠦСөс өвсSös övs

2025-08-17

166

ᠰᠥᠰᠥ ᠡᠪᠡᠰᠦ

   ᠲᠤᠰ ᠡᠮ ᠪᠣᠯ ᠤᠳ᠌ᠪᠠᠯ᠎ᠡ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠲᠠᠤᠯᠠᠢ ᠶ᠋ᠢᠨ ᠢᠳᠡᠷ᠎ᠡ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠽᠡᠷᡁᠢ᠂ ᠺᠥ᠋ᠷᠴᠥ᠋ᠩ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃10~30cm ᠥᠨᠳᠥᠷ᠂ ᠦᠨᠳᠦᠰᠦ ᠨᠢ ᠰᠢᠯᠤᠭᠤᠨ᠂ ᠰᠠᠯᠠᠭ᠎ᠠ ᠲᠠᠢ᠂ ᠭᠦᠢᠬᠡᠨ ᠬᠦᠷᠡᠩ ᠥᠩᠭᠡ ᠲᠡᠢ᠃ ᠡᠰᠢ ᠨᠢ ᠰᠢᠯᠤᠭᠤᠨ ᠪᠤᠶᠤ ᠲᠠᠰᠢᠭᠤ ᠪᠠᠭᠯᠠᠷᠠᠨ ᠤᠷᠭᠤᠨ᠎ᠠ᠃ ᠤᠵᠠᠭᠤᠷ ᠤ᠋ᠨ ᠨᠠᠪᠴᠢ ᠨᠢ ᠯᠢᠩᠬᠤ᠎ᠠ ᠶ᠋ᠢᠨ ᠲᠠᠪᠴᠠᠩ ᠰᠢᠭ᠋᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠪᠦᠰᠡ ᠬᠡᠯᠪᠡᠷᠢ ᠲᠡᠢ᠂2~15cm ᠤᠷᠲᠤ᠂0.3~1cm ᠥᠷᠭᠡᠨ᠂ ᠱᠣᠪᠣᠭᠣᠷ ᠦᠵᠦᠭᠦᠷ ᠲᠡᠢ᠂ ᠤᠭ ᠵᠦᠭ ᠲᠡᠭᠡᠨ ᠱᠣᠪᠲᠤᠭᠤᠷ᠂ ᠪᠦᠲᠦᠨ ᠬᠥᠪᠡᠭᠡ ᠲᠡᠢ ᠪᠤᠶᠤ ᠲᠠᠷᠠᠮᠠᠭ ᠵᠢᠵᠢᠭ ᠬᠡᠷᠴᠢᠶᠡᠰᠦ ᠲᠡᠢ᠂ ᠡᠰᠡᠬᠦᠯ᠎ᠡ ᠵᠢᠭᠳᠡ ᠪᠤᠰᠤ ᠥᠳᠥᠯᠢᠭ ᠣᠨᠢ ᠲᠠᠢ᠂ ᠬᠣᠶᠠᠷ ᠲᠠᠯ᠎ᠠ ᠨᠢ ᠪᠦᠷ ᠨᠣᠭᠣᠭᠠᠨ᠂ ᠦᠰᠦ ᠦᠭᠡᠢ᠂ ᠡᠰᠢᠨ ᠳ᠋ᠡᠬᠢ ᠨᠠᠪᠴᠢ ᠨᠢ ᠴᠥᠭᠡᠨ᠂ ᠨᠠᠷᠢᠨ᠂ ᠵᠢᠵᠢᠭ᠂ ᠪᠠᠷᠢᠭᠤᠯ ᠦᠭᠡᠢ᠃ ᠮᠠᠰᠢ ᠣᠯᠠᠨ ᠲᠣᠯᠣᠭᠠᠢ ᠬᠡᠯᠪᠡᠷᠢᠲᠦ ᠪᠠᠭ ᠴᠡᠴᠡᠭ ᠨᠢ ᠲᠡᠭᠰᠢ ᠣᠷᠣᠢᠲᠤ ᠪᠠᠭ ᠴᠡᠴᠡᠭ ᠪᠣᠯᠵᠤ ᠳᠡᠯᠭᠡᠷᠡᠨ᠎ᠡ᠃ ᠶᠡᠷᠦᠩᠬᠡᠢ ᠪᠠᠭᠯᠠᠭᠴᠢ ᠨᠢ ᠪᠣᠷᠲᠣᠭᠣ ᠶ᠋ᠢᠨ ᠬᠡᠯᠪᠡᠷᠢ ᠲᠡᠢ᠂7~9mm ᠤᠷᠲᠤ᠂2~3mm ᠥᠷᠭᠡᠨ᠂ ᠶᠡᠷᠦᠩᠬᠡᠢ ᠪᠠᠭᠯᠠᠭᠴᠢ ᠶ᠋ᠢᠨ ᠭᠠᠳᠠᠷ ᠮᠥᠷ ᠨᠢ ᠥᠷᠭᠡᠨ ᠥᠨᠳᠡᠭᠡᠯᠵᠢᠨ ᠬᠡᠯᠪᠡᠷᠢ ᠲᠡᠢ᠂ ᠳᠣᠲᠣᠷ᠎ᠠ ᠮᠥᠷ ᠨᠢ ᠨᠡᠯᠢᠶᠡᠳ ᠢᠪᠴᠤᠤᠬᠠᠨ ᠤᠷᠲᠤ᠃ ᠴᠡᠴᠡᠭ ᠨᠢ ᠪᠦᠷ ᠬᠡᠯᠡ ᠬᠡᠯᠪᠡᠷᠢ ᠲᠡᠢ᠂ ᠳᠡᠯᠪᠢ ᠨᠢ ᠰᠢᠷ᠎ᠠ᠂ ᠴᠠᠭᠠᠨ ᠪᠤᠶᠤ ᠭᠦᠢᠬᠡᠨ ᠪᠣᠷᠣ ᠥᠩᠭᠡ ᠲᠡᠢ᠂ ᠤᠷᠲᠤ ᠨᠢ10~12mm᠃ ᠲᠤᠷᠠᠩᠬᠠᠢ ᠵᠢᠮᠢᠰ ᠨᠢ ᠢᠪᠴᠤᠤᠬᠠᠨ ᠬᠠᠪᠲᠠᠭᠠᠢ ᠲᠡᠪᠡᠨᠡ ᠬᠡᠯᠪᠡᠷᠢ ᠲᠡᠢ᠂4~6mm ᠤᠷᠲᠤ᠂ ᠤᠯᠠᠪᠤᠷ ᠥᠩᠭᠡ ᠲᠡᠢ᠂ ᠲᠢᠲᠢᠮ ᠦᠰᠦ ᠨᠢ ᠴᠠᠭᠠᠨ ᠥᠩᠭᠡ ᠲᠡᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠠᠵᠠᠷ ᠤ᠋ᠨ ᠪᠤᠲᠠ ᠮᠣᠳᠣ᠂ ᠭᠣᠣ ᠰᠤᠵᠠᠭ᠂ ᠲᠠᠷᠢᠶᠠᠨ ᠳᠤᠮᠳᠠ ᠪᠤᠶᠤ ᠵᠠᠮ ᠤ᠋ᠨ ᠬᠠᠵᠠᠭᠤ ᠳ᠋ᠤ᠌ ᠤᠷᠭᠤᠨ᠎ᠠ᠃ ᠮᠠᠨ ᠤ᠋ ᠤᠯᠤᠰ ᠤ᠋ᠨ ᠤᠮᠠᠷᠠᠲᠤ ᠬᠡᠰᠡᠭ᠂ ᠵᠡᠭᠦᠨ ᠬᠡᠰᠡᠭ᠂ ᠡᠮᠦᠨ᠎ᠡ ᠬᠡᠰᠡᠭ ᠲᠦ᠍ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]6~7 ᠳ᠋ᠤᠭᠠᠷ ᠰᠠᠷ᠎ᠠ ᠳ᠋ᠤ᠌ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠮᠠᠯᠲᠠᠨ ᠠᠪᠴᠤ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠰᠢᠷᠦᠭᠦᠨ᠂ ᠰᠢᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠬᠠᠯᠠᠭᠤᠨ ᠰᠢᠷ᠎ᠠ ᠪᠠᠷ ᠲᠣᠯᠣᠭᠠᠢ ᠡᠪᠡᠳᠬᠦ᠂ ᠬᠠᠯᠠᠭᠤᠷᠠᠬᠤ᠂ ᠨᠢᠳᠦ ᠪᠡᠶ᠎ᠡ ᠰᠢᠷᠠᠯᠠᠬᠤ᠂ ᠴᠢᠰᠤᠨ ᠬᠠᠯᠠᠭᠤᠨ᠂ ᠰᠢᠷ᠎ᠠ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄山苦荬
   ᠠᠩᠭ᠌ᠯᠢ ᠨᠡᠷ᠎ᠡ᠄lxeris chinensis (Thunnb.)Nakai.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠴᠡᠪᠡᠷᠴᠡᠴᠡᠭ