ᠪᠢᠳᠡᠨ ᠦ᠌ ᠵᠠᠪᠰᠢᠶᠠᠨ ᠬᠠᠮᠢᠭ᠎ᠠ ᠪᠠᠢᠬᠤ ᠪᠣᠢ-ᠪᠢᠵᠢᠨᠢᠰ ᠦ᠋ᠨ ᠣᠷᠴᠢᠨ-ᠬᠣᠨᠢᠴᠢᠨ ᠦᠯᠵᠡᠢᠰᠦ᠋ᠷᠥᠩ
ᠪᠢᠵᠢᠨᠢᠰ ᠦ᠋ᠨ ᠣᠷᠴᠢᠨ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠡᠨᠳᠡ ᠬᠡᠯᠡᠵᠦ ᠪᠠᠢᠭ᠎ᠠ ᠪᠢᠵᠢᠨᠢᠰ ᠭᠡᠳᠡᠭ ᠪᠣᠯ ᠭᠣᠣᠯᠳᠠᠭᠤ ᠮᠠᠨᠤᠰ ᠤ᠋ᠨ ᠡᠷᠬᠢᠯᠡᠵᠦ ᠪᠠᠢᠭ᠎ᠠ ᠠᠷᠠᠯᠵᠢᠶ᠎ᠠ ᠬᠤᠳᠠᠯᠳᠤᠭ᠎ᠠ᠂ ᠰᠣᠯᠢᠯᠴᠠᠭᠠᠨ ᠤ᠋ ᠦᠢᠯᠡ ᠠᠵᠢᠯᠯᠠᠭ᠎ᠠ ᠵᠢᠴᠢ ᠲᠡᠭᠦᠨ ᠦ᠌ ᠲᠤᠰ ᠪᠡᠶ᠎ᠡ ᠳᠠᠷᠤᠢ ᠳᠡᠯᠭᠡᠭᠦᠷ᠂ ᠦᠢᠯᠡᠳᠪᠦᠷᠢᠯᠡᠯ ᠵᠡᠷᠭᠡ ᠶ᠋ᠢ ᠬᠠᠮᠲᠤ ᠳ᠋ᠤ᠌ ᠨᠢ ᠵᠢᠭᠠᠵᠤ ᠪᠠᠢᠭ᠎ᠠ ᠠᠵᠤ ᠠᠬᠤᠢ ᠶ᠋ᠢᠨ ᠠᠵᠢᠯᠯᠠᠭᠠᠨ ᠤ᠋ ᠨᠡᠷ᠎ᠡ ᠪᠣᠯᠤᠨ᠎ᠠ᠃ ᠲᠡᠢᠮᠦ ᠡᠴᠡ ᠡᠭᠦᠨ ᠦ᠌ ᠬᠠᠮᠤᠷᠬᠤ ᠬᠦᠷᠢᠶ᠎ᠡ ᠴᠠᠷ᠎ᠠ ᠶᠡᠬᠡ ᠪᠠᠢᠵᠤ᠂ ᠮᠠᠨᠤᠰ ᠤ᠋ᠨ ᠶᠡᠷᠦᠳᠡ ᠶ᠋ᠢᠨ ᠡᠷᠬᠢᠯᠡᠵᠦ ᠪᠠᠢᠭ᠎ᠠ ᠠᠵᠢᠯ ᠦᠢᠯᠡᠰ ᠢ᠋ ᠪᠦᠭᠦᠳᠡ ᠶ᠋ᠢ ᠪᠠᠭᠲᠠᠭᠠᠭᠰᠠᠨ ᠪᠠᠢᠳᠠᠭ ᠬᠡᠳᠦᠢᠪᠡᠷ ᠪᠢᠵᠢᠨᠢᠰ ᠦ᠋ᠨ ᠬᠡᠪᠴᠢᠶ᠎ᠡ ᠶᠡᠬᠡ ᠪᠠᠢᠵᠤ᠂ ᠪᠢᠳᠡᠨ ᠦ᠌ ᠡᠷᠭᠢᠨ ᠲᠣᠭᠣᠷᠢᠨ ᠳ᠋ᠤ᠌ ᠲᠥᠷᠥᠯ ᠪᠦᠷᠢ ᠶ᠋ᠢᠨ ᠬᠤᠳᠠᠯᠳᠤᠭ᠎ᠠ ᠳᠡᠯᠭᠡᠭᠦᠷ᠂ ᠶᠠᠩᠵᠤ ᠪᠣᠯᠭᠠᠨ ᠤ᠋ ᠪᠠᠷᠠᠭ᠎ᠠ ᠲᠠᠸᠠᠷ ᠪᠣᠯᠤᠨ ᠦᠢᠯᠡᠴᠢᠯᠡᠭᠡ ᠬᠠᠩᠭᠠᠵᠤ ᠪᠠᠢᠭ᠎ᠠ ᠴᠤ᠌ ᠲᠡᠭᠦᠨ ᠦ᠌ ᠳᠣᠲᠣᠷᠠᠬᠢ ᠭᠣᠣᠯ ᠬᠣᠯᠪᠣᠭᠠᠰᠤ ᠪᠤᠶᠤ ᠡᠷᠭᠢᠯᠲᠡ ᠶ᠋ᠢᠨ ᠰᠢᠰᠲ᠋ᠧᠮ ᠨᠢ ᠠᠳᠠᠯᠢᠬᠠᠨ ᠪᠠᠢᠳᠠᠭ᠃ ᠳᠠᠷᠤᠢ ᠬᠡᠷᠡᠭᠯᠡᠭᠴᠢ ᠂ ᠥᠷᠢᠰᠦᠯᠳᠦᠭᠴᠢ ᠂ ᠬᠣᠷᠰᠢᠭᠴᠢ ᠭᠤᠷᠪᠠᠨ ᠳᠡᠭᠡᠷ᠎ᠡ ᠯᠡ ᠲᠣᠭᠲᠠᠵᠤ ᠪᠠᠢᠨ᠎ᠠ᠃ ᠪᠢᠳᠡ ᠡᠨᠡ ᠭᠤᠷᠪᠠ ᠶ᠋ᠢ ᠰᠠᠢᠲᠤᠷ ᠡᠵᠡᠮᠰᠢᠵᠦ᠂ ᠬᠡᠷᠡᠭᠯᠡᠵᠦ᠂ ᠵᠠᠳᠠᠯᠵᠤ ᠰᠤᠷᠬᠤ ᠯᠠ ᠶᠤᠮ ᠪᠣᠯ ᠥᠪᠡᠷ ᠥᠪᠡᠷ ᠦ᠋ᠨ ᠬᠢᠵᠦ ᠡᠷᠬᠢᠯᠡᠵᠦ ᠪᠠᠢᠭ᠎ᠠ ᠪᠢᠵᠢᠨᠢᠰ ᠦ᠋ᠨ ᠢ᠋ᠶ᠋ᠡᠨ ᠠᠯᠳᠠᠭ᠎ᠠ ᠤᠨᠤᠭ᠎ᠠ᠂ ᠠᠵᠠ ᠵᠠᠪᠰᠢᠶᠠᠨ ᠢ᠋ ᠣᠢᠯᠭᠠᠵᠵᠤ ᠮᠡᠳᠡᠨ᠂ ᠢᠯᠡᠭᠦᠦ ᠰᠠᠢᠨ ᠬᠥᠭᠵᠢᠭᠦᠯᠬᠦ ᠪᠣᠯᠤᠮᠵᠢ ᠲᠠᠢ ᠪᠣᠯᠬᠤ ᠶᠤᠮ᠃
ᠨᠢᠭᠡ ᠂ ᠬᠡᠷᠡᠭᠯᠡᠭᠴᠢ
ᠪᠢᠳᠡ ᠡᠳᠦᠷ ᠲᠦ᠍ ᠬᠡᠳᠦᠢ ᠵᠦᠢᠯ ᠦ᠋ᠨ ᠶᠠᠭᠤᠮ᠎ᠠ ᠬᠤᠳᠠᠯᠳᠤᠨ ᠠᠪᠴᠤ ᠬᠡᠷᠡᠭᠯᠡᠵᠦ ᠪᠠᠢᠭ᠎ᠠ ᠪᠠᠨ ᠥᠪᠡᠷ ᠢ᠋ᠶ᠋ᠡᠨ ᠴᠦ᠍ ᠪᠦᠷᠢᠳᠬᠡᠵᠦ ᠴᠢᠳᠠᠳᠠᠭ ᠦᠭᠡᠢ ᠬᠡᠮᠵᠢᠶᠡᠨ ᠳ᠋ᠦ᠍ ᠬᠦᠷᠴᠦ ᠪᠠᠢᠭ᠎ᠠ᠃ ᠪᠢᠳᠡ ᠳᠡᠯᠭᠡᠭᠦᠷ ᠲᠦ᠍ ᠣᠷᠣᠭᠠᠳ ᠭᠠᠭᠴᠠᠬᠠᠨ ᠵᠦᠢᠯ ᠦ᠋ᠨ ᠶᠠᠭᠤᠮ᠎ᠠ ᠠᠪᠤᠶ᠎ᠠ ᠭᠡᠬᠦ ᠳ᠋ᠦ᠍ ᠬᠡᠯᠪᠡᠷᠢ ᠶᠠᠩᠵᠤ᠂ ᠥᠩᠭᠡ ᠪᠣᠳᠣᠭ᠂ ᠶᠡᠬᠡ ᠪᠠᠭ᠎ᠠ᠂ ᠴᠢᠨᠠᠷ᠂ ᠮᠠᠲ᠋ᠧᠷᠢᠶᠠᠯ ᠭᠡᠳ ᠣᠯᠠᠨ ᠲᠥᠷᠥᠯ ᠵᠦᠢᠯ ᠦ᠋ᠨ ᠪᠠᠢᠳᠠᠭ᠃ ᠡᠨᠡ ᠳᠤᠮᠳᠠ ᠠ᠋ᠴᠠ ᠪᠢᠳᠡ ᠥᠪᠡᠷ ᠲᠦ᠍ ᠳᠣᠬᠢᠷᠬᠠᠰᠠᠨ ᠭᠠᠭᠴᠠ ᠨᠢᠭᠡ ᠶ᠋ᠢ ᠯᠡ ᠠᠪᠴᠤ ᠬᠡᠷᠡᠭᠯᠡᠳᠡᠭ᠃ ᠡᠨᠡ ᠪᠣᠯ ᠳᠠᠷᠤᠢ ᠥᠨᠥᠳᠥᠷ ᠦ᠋ᠨ ᠵᠠᠬ᠎ᠠ ᠳᠡᠯᠭᠡᠭᠦᠷ ᠪᠣᠯᠤᠨ ᠬᠡᠷᠡᠭᠯᠡᠭᠴᠢ ᠶ᠋ᠢᠨ ᠬᠠᠷᠢᠴᠠᠭ᠎ᠠ ᠪᠣᠯᠤᠨ᠎ᠠ᠃ ᠲᠡᠢᠮᠦ ᠡᠴᠡ ᠥᠨᠥᠳᠥᠷ ᠪᠢᠵᠢᠨᠢᠰ ᠬᠢᠵᠦ ᠡᠷᠬᠢᠯᠡᠵᠦ ᠪᠠᠢᠭ᠎ᠠ ᠬᠥᠮᠦᠰ ᠬᠡᠷᠡᠭᠯᠡᠭᠴᠢ ᠳ᠋ᠦ᠍ ᠳᠣᠬᠢᠷᠬᠠᠰᠠᠨ ᠵᠦᠢᠯ ᠬᠢᠬᠦ ᠳ᠋ᠦ᠍ ᠡᠬᠢᠯᠡᠭᠡᠳ ᠥᠪᠡᠷ ᠦ᠋ᠨ ᠬᠡᠷᠡᠭᠯᠡᠭᠴᠢ ᠪᠡᠨ ᠰᠤᠳᠤᠯᠵᠤ ᠣᠯᠵᠤ ᠠᠪᠤᠨ ᠂ ᠲᠡᠭᠦᠨ ᠳ᠋ᠡᠭᠡᠨ ᠵᠣᠷᠢᠭᠤᠯᠤᠨ ᠪᠠᠷᠠᠭ᠎ᠠ ᠲᠠᠸᠠᠷ ᠬᠢᠬᠦ ᠪᠣᠯ ᠪᠠᠢᠩᠭᠤ ᠶ᠋ᠢᠨ ᠬᠡᠷᠡᠭᠯᠡᠭᠴᠢ ᠲᠡᠢ ᠪᠣᠯᠵᠤ᠂ ᠥᠪᠡᠷ ᠦ᠋ᠨ ᠪᠢᠵᠢᠨᠢᠰ ᠢ᠋ᠶ᠋ᠡᠨ ᠬᠥᠭᠵᠢᠭᠦᠯᠬᠦ ᠡᠬᠢᠨ ᠦ᠌ ᠭᠠᠷᠤᠭ᠎ᠠ ᠪᠣᠯᠤᠨ᠎ᠠ᠃
ᠬᠣᠶᠠᠷ ᠂ ᠥᠷᠢᠰᠦᠯᠳᠦᠭᠴᠢ
ᠬᠡᠷᠡᠭᠯᠡᠭᠴᠢ ᠳ᠋ᠦ᠍ ᠬᠡᠷᠬᠢᠨ ᠥᠪᠡᠷ ᠦ᠋ᠨ ᠲᠠᠸᠠᠷ ᠦᠢᠯᠡᠴᠢᠯᠡᠭᠡ ᠪᠡᠨ ᠢᠯᠡᠭᠦᠦ ᠬᠦᠷᠭᠡᠬᠦ ᠪᠣᠢ ᠭᠡᠳᠡᠭ ᠪᠣᠯ ᠨᠢᠭᠡ ᠶᠣᠰᠣᠨ ᠳ᠋ᠤ᠌ ᠪᠠᠨ ᠪᠢᠳᠡ ᠠᠳᠠᠯᠢᠬᠠᠨ ᠪᠤᠶᠤ ᠠᠳᠠᠯᠢᠪᠲᠤᠷ ᠲᠠᠸᠠᠷ ᠦᠢᠯᠡᠴᠢᠯᠡᠭᠡ ᠬᠢᠵᠦ ᠪᠠᠢᠭ᠎ᠠ ᠬᠥᠮᠦᠰ ᠲᠡᠢ ᠥᠷᠢᠰᠦᠯᠳᠦᠵᠦ ᠪᠠᠢᠭ᠎ᠠ ᠶᠤᠮ᠃ ᠥᠭᠡᠷ᠎ᠡ ᠪᠡᠷ ᠬᠡᠯᠡᠪᠡᠯ ᠪᠢᠳᠡ ᠥᠪᠡᠷ ᠦ᠋ᠨ ᠪᠠᠷᠠᠭ᠎ᠠ ᠲᠠᠸᠠᠷ ᠢ᠋ᠶ᠋ᠠᠨ ᠶᠠᠭᠠᠬᠢᠵᠤ ᠪᠤᠰᠤᠳ ᠠ᠋ᠴᠠ ᠢᠯᠡᠭᠦᠦ ᠰᠠᠢᠨ ᠬᠢᠵᠦ᠂ ᠢᠯᠡᠭᠦᠦ ᠣᠯᠠᠨ ᠬᠡᠷᠡᠭᠯᠡᠭᠴᠢ ᠲᠡᠢ ᠪᠣᠯᠬᠤ ᠶᠠᠪᠤᠴᠠ ᠪᠣᠯ ᠵᠠᠬ᠎ᠠ ᠳᠡᠯᠭᠡᠭᠦᠷ ᠦ᠋ᠨ ᠥᠷᠢᠰᠦᠯᠳᠦᠭᠡᠨ ᠦ᠌ ᠶᠠᠪᠤᠴᠠ ᠪᠣᠯᠤᠨ᠎ᠠ᠃ ᠪᠢᠳᠡ ᠶᠠᠭᠠᠬᠢᠪᠠᠯ ᠰᠠᠶᠢ ᠡᠨᠡᠬᠦ ᠵᠠᠬ᠎ᠠ ᠳᠡᠯᠭᠡᠭᠦᠷ ᠦ᠋ᠨ ᠥᠷᠢᠰᠦᠯᠳᠦᠭᠡᠨ ᠳ᠋ᠦ᠍ ᠥᠪᠡᠷ ᠦ᠋ᠨ ᠣᠷᠣᠨ ᠪᠠᠢᠷᠢ ᠪᠠᠨ ᠣᠯᠬᠤ ᠪᠣᠢ? ᠠᠮᠢᠳᠤᠷᠠᠯ ᠳᠤᠮᠳᠠ ᠬᠡᠳᠦᠢᠪᠡᠷ ᠪᠢᠳᠡᠨ ᠦ᠌ ᠡᠷᠭᠢᠨ ᠲᠣᠭᠣᠷᠢᠨ ᠳ᠋ᠤ᠌ ᠠᠳᠠᠯᠢᠬᠠᠨ ᠳᠡᠯᠭᠡᠭᠦᠷ ᠦ᠋ᠳ ᠵᠠᠬ᠎ᠠ ᠳᠠᠷᠠᠭᠠᠯᠠᠨ ᠪᠠᠢᠳᠠᠭ ᠴᠤ᠌ ᠬᠣᠭᠣᠷᠣᠨᠳᠣ ᠪᠠᠨ ᠪᠠᠭ᠎ᠠ ᠪᠤᠰᠤ ᠢᠯᠭᠠᠭ᠎ᠠ ᠵᠥᠷᠢᠶ᠎ᠡ ᠲᠡᠢ ᠪᠠᠢᠳᠠᠭ᠃ ᠵᠢᠱ᠌ᠢᠶᠡᠯᠡᠪᠡᠯ ᠨᠢᠭᠡ ᠳᠡᠯᠭᠡᠭᠦᠷ ᠨᠢ ᠨᠣᠭᠣᠭ᠎ᠠ ᠵᠢᠮᠢᠰ ᠢ᠋ᠶ᠋ᠡᠷ ᠭᠣᠣᠯᠯᠠᠵᠤ ᠪᠠᠢᠬᠤ ᠳ᠋ᠤ᠌᠂ ᠨᠥᠭᠥᠭᠡ ᠨᠢ ᠭᠤᠯᠢᠷ ᠲᠤᠲᠤᠷᠭ᠎ᠠ ᠪᠠᠷ ᠭᠣᠣᠯᠳᠠᠵᠤ ᠪᠠᠢᠨ᠎ᠠ᠂ ᠭᠡᠲᠡᠯ᠎ᠡ ᠪᠠᠰᠠ ᠨᠢᠭᠡᠨ ᠦ᠌ ᠬᠢᠨᠢ ᠪᠠᠷᠠᠭᠠᠨ ᠤ᠋ ᠲᠥᠷᠥᠯ ᠵᠦᠢᠯ ᠣᠯᠠᠨ ᠪᠤᠶᠤ ᠶᠠᠮᠠᠷ ᠨᠢᠭᠡᠨ ᠬᠥᠮᠦᠰ ᠦ᠋ᠨ ᠥᠷᠭᠡᠨ ᠬᠡᠷᠡᠭᠯᠡᠳᠡᠭ ᠪᠠᠷᠠᠭᠠᠨ ᠤ᠋ ᠦᠨ᠎ᠡ ᠨᠢ ᠪᠤᠰᠤᠳ ᠠ᠋ᠴᠠ ᠪᠠᠨ ᠵᠢᠭᠠᠬᠠᠨ ᠬᠢᠮᠳᠠ ᠵᠡᠷᠭᠡ ᠥᠪᠡᠷ ᠥᠪᠡᠷ ᠦ᠋ᠨ ᠣᠨᠴᠠᠯᠢᠭ ᠲᠠᠢ ᠪᠠᠢᠳᠠᠭ ᠪᠢᠯᠡ᠃ ᠦᠨᠡᠨ ᠳ᠋ᠡᠭᠡᠨ ᠡᠨᠡ ᠪᠣᠯ ᠲᠡᠳᠡᠨ ᠦ᠌ ᠥᠷᠢᠰᠦᠯᠳᠦᠭᠡᠨ ᠳ᠋ᠦ᠍ ᠣᠷᠣᠯᠴᠠᠵᠤ ᠪᠠᠢᠭᠠᠠᠷᠭᠠ ᠪᠠᠷᠢᠯ ᠪᠣᠯᠤᠨ᠎ᠠ᠃ ᠳᠠᠷᠤᠢ ᠪᠢᠳᠡ ᠪᠤᠰᠤᠳ ᠤ᠋ᠨ ᠪᠣᠯᠤᠨ ᠥᠪᠡᠷ ᠦ᠋ᠨ ᠳᠠᠪᠠᠭᠤᠯᠢᠭ᠂ ᠪᠠᠭᠤᠷᠠᠢ ᠲᠠᠯ᠎ᠠ ᠶ᠋ᠢ ᠦᠵᠡᠵᠦ ᠭᠠᠷᠬᠤ ᠶ᠋ᠢᠨ ᠬᠠᠮᠲᠤ᠂ ᠪᠤᠰᠤᠳ ᠠ᠋ᠴᠠ ᠶᠠᠮᠠᠷ ᠨᠢᠭᠡᠨ ᠲᠠᠯ᠎ᠠ ᠪᠠᠷ ᠢᠯᠭᠠᠷᠠᠬᠤ ᠵᠦᠢᠯ ᠬᠢᠵᠦ ᠪᠤᠰᠤᠳ ᠲᠠᠢ ᠥᠷᠢᠰᠦᠯᠳᠦᠬᠦ ᠨᠢ ᠢᠯᠡᠭᠦᠦ ᠥᠪᠡᠷ ᠦ᠋ᠨ ᠣᠨᠴᠠᠯᠢᠭ ᠲᠠᠢ ᠪᠠᠢᠵᠤ᠂ ᠪᠢᠵᠢᠨᠢᠰ ᠦ᠋ᠨ ᠣᠷᠴᠢᠨ ᠳ᠋ᠤ᠌ ᠬᠥᠯ ᠲᠣᠭᠲᠠᠬᠤ ᠪᠣᠯᠤᠮᠵᠢ ᠲᠠᠢ᠃ ᠬᠠᠷᠢᠨ ᠪᠤᠰᠤᠳ ᠬᠥᠮᠦᠨ ᠶᠠᠭᠤ ᠬᠢᠵᠦ ᠪᠠᠢᠨ᠎ᠠ ᠂ ᠶᠠᠮᠠᠷ ᠶᠠᠭᠤᠮ᠎ᠠ ᠣᠯᠠᠨ ᠬᠢᠭᠳᠡᠵᠦ ᠪᠠᠢᠨ᠎ᠠ᠂ ᠪᠢᠳᠡ ᠲᠡᠭᠦᠨ ᠢ᠋ ᠣᠴᠢᠵᠤ ᠳᠠᠭᠤᠷᠢᠶᠠᠵᠤ ᠬᠢᠬᠦ ᠨᠢ ᠢᠯᠠᠭᠳᠠᠬᠤ ᠶᠢᠨ ᠲᠡᠮᠳᠡᠭ ᠮᠥᠨ᠃
ᠭᠤᠷᠪᠠ ᠂ ᠬᠣᠷᠰᠢᠭᠴᠢ
ᠬᠤᠷᠰᠢᠬᠤ ᠭᠡᠬᠦ ᠪᠡᠷ ᠪᠢᠳᠡ ᠰᠢᠭᠤᠳ ᠤᠳᠬ᠎ᠠ ᠪᠠᠷ ᠨᠢ ᠬᠠᠮᠲᠤᠷᠠᠵᠤ ᠬᠢᠬᠦ ᠭᠡᠮᠡᠨ ᠣᠢᠯᠭᠠᠳᠠᠭ᠃ ᠠᠳᠠ ᠬᠡᠯᠡᠵᠦ ᠪᠠᠢᠭ᠎ᠠ ᠬᠤᠷᠰᠢᠭᠴᠢ ᠭᠡᠳᠡᠭ ᠪᠣᠯ ᠪᠢᠳᠡᠨ ᠦ᠌ ᠡᠩ ᠦ᠋ᠨ ᠣᠢᠯᠭᠠᠯᠲᠠ ᠠ᠋ᠴᠠ ᠥᠷᠭᠡᠨ ᠤᠳᠬ᠎ᠠ ᠲᠠᠢ᠃ ᠣᠳᠣ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠳ᠋ᠦ᠍ ᠪᠢᠳᠡ ᠤᠤᠯ ᠤ᠋ᠨ ᠰᠢᠭ᠋ ᠥᠪᠡᠷ ᠢ᠋ᠶ᠋ᠡᠨ ᠤᠭ ᠮᠠᠲ᠋ᠧᠷᠢᠶᠠᠯ ᠢ᠋ᠶ᠋ᠠᠨ ᠪᠡᠯᠡᠳᠬᠡᠭᠡᠳ᠂ ᠦᠢᠯᠡᠳᠪᠦᠷᠢᠯᠡᠭᠡᠳ᠂ ᠡᠭᠦᠨ ᠢ᠋ᠶ᠋ᠡᠨ ᠪᠣᠷᠣᠯᠠᠭᠤᠯᠵᠤ ᠬᠡᠷᠡᠭᠯᠡᠭᠴᠢ ᠶ᠋ᠢᠨ ᠭᠠᠷ ᠲᠤ᠌ ᠬᠦᠷᠭᠡᠨ᠎ᠡ ᠭᠡᠳᠡᠭ ᠪᠣᠯ ᠬᠦᠴᠢᠷ ᠲᠡᠢ ᠠᠵᠢᠯ᠃ ᠬᠠᠷᠢᠨ ᠪᠢᠳᠡ ᠬᠡᠨ ᠨᠢᠭᠡᠨ ᠦ᠌ ᠪᠡᠯᠡᠳᠬᠡᠭᠰᠡᠨ ᠤᠭ ᠮᠠᠲ᠋ᠧᠷᠢᠶᠠᠯ ᠢ᠋ ᠠᠪᠴᠢᠷᠠᠭᠠᠳ ᠳᠠᠬᠢᠨ ᠦᠢᠯᠡᠳᠪᠦᠷᠢᠯᠡᠯ ᠶᠠᠪᠤᠭᠤᠯᠤᠨ᠂ ᠦᠢᠯᠡᠳᠪᠦᠷᠢᠯᠡᠭᠰᠡᠨ ᠴᠢᠨᠠᠷ ᠲᠠᠢ ᠪᠠᠷᠠᠭ᠎ᠠ ᠲᠠᠸᠠᠷ ᠢ᠋ᠶ᠋ᠠᠨ ᠲᠤᠰᠬᠠᠢ ᠳᠡᠯᠭᠡᠭᠦᠷ ᠪᠤᠶᠤ ᠪᠣᠷᠣᠯᠠᠭᠤᠯᠤᠭᠴᠢ ᠪᠠᠷ ᠳᠠᠮᠵᠢᠨ ᠬᠤᠳᠠᠯᠳᠤᠵᠤ ᠬᠡᠷᠡᠭᠯᠡᠭᠴᠢ ᠶ᠋ᠢᠨ ᠭᠠᠷ ᠲᠤ᠌ ᠬᠦᠷᠭᠡᠳᠡᠭ᠃ ᠣᠳᠣ ᠦᠶ᠎ᠡ ᠶ᠋ᠢᠨ ᠪᠢᠵᠢᠨᠢᠰ ᠦ᠋ᠨ ᠣᠷᠴᠢᠨ ᠳ᠋ᠤ᠌ ᠡᠳᠡᠭᠡᠷ ᠤᠭ ᠮᠠᠲ᠋ᠧᠷᠢᠶᠠᠯ ᠬᠠᠩᠭᠠᠭᠴᠢ᠂ ᠪᠣᠷᠣᠯᠠᠭᠤᠯᠤᠭᠴᠢ ᠪᠣᠯ ᠪᠦᠭᠦᠳᠡ ᠮᠠᠨ ᠤ᠋ ᠬᠣᠷᠰᠢᠭᠴᠢ ᠪᠣᠯᠤᠨ᠎ᠠ᠃ ᠡᠳᠡᠨ ᠦ᠌ ᠬᠡᠨ ᠨᠢᠭᠡ ᠨᠢ ᠳᠤᠲᠠᠭᠳᠠᠪᠠᠯ ᠪᠢᠳᠡᠨ ᠦ᠌ ᠦᠢᠯᠡᠳᠪᠦᠷᠢᠯᠡᠯ ᠦ᠋ᠨ ᠬᠡᠯᠬᠢᠶ᠎ᠡ ᠲᠠᠰᠤᠷᠠᠵᠤ ᠶᠠᠪᠤᠭᠳᠠᠬᠤ ᠪᠣᠯᠤᠮᠵᠢ ᠦᠭᠡᠢ ᠪᠣᠯᠳᠠᠭ᠃ ᠡᠢᠮᠦ ᠡᠴᠡ ᠪᠢᠳᠡ ᠵᠠᠬ᠎ᠠ ᠳᠡᠯᠭᠡᠭᠦᠷ ᠦ᠋ᠨ ᠰᠤᠳᠤᠯᠭ᠎ᠠ ᠬᠢᠵᠦ ᠶᠠᠭᠤ ᠶᠠᠭᠠᠬᠢᠵᠤ ᠬᠢᠬᠦ ᠪᠡᠨ ᠲᠣᠭᠲᠠᠭᠰᠠᠨ ᠪᠠᠢᠳᠠᠯ ᠳᠣᠣᠷ᠎ᠠ᠂ ᠬᠣᠷᠰᠢᠭᠴᠢ ᠪᠠᠨ ᠰᠣᠩᠭᠣᠬᠤ ᠨᠢ ᠪᠢᠵᠢᠨᠢᠰ ᠦ᠋ᠨ ᠣᠷᠴᠢᠨ ᠳ᠋ᠤ᠌ ᠲᠠᠲᠠᠭᠳᠠᠵᠤ ᠪᠣᠯᠣᠰᠢ ᠦᠭᠡᠢ ᠵᠦᠢᠯ ᠮᠥᠨ᠃
ᠰᠢᠨ᠎ᠡ ᠴᠠᠭ ᠡᠷᠡᠨ᠂ ᠰᠢᠨ᠎ᠡ ᠵᠠᠬ᠎ᠠ ᠳᠡᠯᠭᠡᠭᠦᠷ ᠰᠢᠨ᠎ᠡ ᠪᠢᠵᠢᠨᠢᠰ ᠦ᠋ᠨ ᠣᠷᠴᠢᠨ ᠳ᠋ᠤ᠌ ᠪᠢᠳᠡ ᠥᠪᠡᠷ ᠦ᠋ᠨ ᠪᠢᠵᠢᠨᠢᠰ ᠢ᠋ᠶ᠋ᠡᠨ ᠬᠢᠵᠦ ᠬᠥᠭᠵᠢᠭᠦᠯᠬᠦ ᠳ᠋ᠦ᠍ ᠢᠯᠡᠭᠦᠦ ᠥᠷᠭᠡᠨ ᠬᠡᠪᠴᠢᠶᠡᠨ ᠳ᠋ᠦ᠍ ᠠᠰᠠᠭᠤᠳᠠᠯ ᠢ᠋ ᠦᠵᠡᠵᠦ᠂ ᠪᠤᠰᠤᠳ ᠢ᠋ ᠳᠠᠭᠤᠷᠢᠶᠠᠬᠤ ᠠ᠋ᠴᠠ ᠢᠯᠡᠭᠦᠦ ᠪᠤᠰᠤᠳ ᠠ᠋ᠴᠠ ᠢᠯᠭᠠᠷᠠᠵᠤ᠂ ᠥᠪᠡᠷ ᠦ᠋ᠨ ᠣᠨᠴᠠᠯᠢᠭ ᠢ᠋ᠶ᠋ᠠᠨ ᠣᠯᠵᠤ ᠬᠢᠬᠦ ᠪᠣᠯ ᠮᠠᠰᠢ ᠴᠢᠬᠤᠯᠠ᠃ ᠡᠭᠦᠨ ᠳ᠋ᠦ᠍ ᠪᠢᠳᠡ ᠶᠠᠳᠠᠵᠤ ᠥᠪᠡᠷ ᠦ᠋ᠨ ᠣᠢᠷ᠎ᠠ ᠣᠷᠴᠢᠨ ᠤ᠋ ᠪᠠᠨ ᠠᠳᠠᠯᠢᠪᠲᠤᠷ ᠪᠢᠵᠢᠨᠢᠰ ᠡᠷᠬᠢᠯᠡᠵᠦ ᠪᠠᠢᠭ᠎ᠠ ᠲᠠᠪᠤᠨ ᠬᠥᠮᠦᠨ ᠢ᠋ ᠣᠯᠵᠤ ᠡᠨᠡ ᠭᠤᠷᠪᠠᠨ ᠲᠠᠯ᠎ᠠ ᠪᠠᠷ ᠬᠠᠷᠢᠴᠠᠭᠤᠯᠵᠤ᠂ ᠥᠪᠡᠷ ᠦ᠋ᠨ ᠪᠣᠯᠤᠨ ᠪᠤᠰᠤᠳ ᠤ᠋ᠨ ᠳᠠᠪᠠᠭᠤᠯᠢᠭ᠂ ᠳᠤᠲᠠᠭᠳᠠᠯ ᠢ᠋ ᠡᠬᠢᠯᠡᠭᠡᠳ ᠣᠯᠵᠤ ᠰᠤᠷᠬᠤ ᠬᠡᠷᠡᠭᠲᠡᠢ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
