ᠱᠣᠳᠣᠭᠣᠷ ᠣᠷᠢᠶᠠᠮᠠᠭШодгор ороомогShodgor oroomog ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠱᠣᠳᠣᠭᠣᠷ ᠣᠷᠢᠶᠠᠮᠠᠭШодгор ороомогShodgor oroomog

ᠱᠣᠳᠣᠭᠣᠷ ᠣᠷᠢᠶᠠᠮᠠᠭШодгор ороомогShodgor oroomog

2025-08-19

127

ᠱᠣᠳᠣᠭᠣᠷ ᠣᠷᠢᠶᠠᠮᠠᠭ 

   ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠱᠣᠳᠣᠭᠣᠷ ᠣᠷᠢᠶᠠᠮᠠᠭ ᠤ᠋ᠨ ᠬᠠᠲᠠᠭᠠᠭᠰᠠᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠶᠧᠮᠣᠩᠨᠠᠭᠪᠣ ᠭᠡᠳᠡᠭ᠃
   [ ᠤᠤᠯ ᠤᠷᠭᠤᠮᠠᠯ] ᠡᠪᠡᠰᠦᠯᠢᠭ ᠳᠠᠩᠰᠠ᠃ ᠰᠠᠯᠠᠭ᠎ᠠ ᠮᠥᠴᠢᠷ ᠨᠢ ᠢᠷᠮᠡᠭ ᠲᠡᠢ᠂ ᠵᠢᠵᠢᠭ ᠮᠥᠴᠢᠷ ᠳᠡᠭᠡᠷ᠎ᠡ ᠨᠢ ᠣᠬᠣᠷ ᠵᠥᠭᠡᠯᠡᠨ ᠦᠰᠦ ᠲᠡᠢ ᠪᠤᠶᠤ ᠪᠠᠷᠤᠭ ᠦᠰᠦ ᠦᠭᠡᠢ᠃ ᠨᠢᠭᠡ ᠡᠴᠡ ᠬᠣᠶᠠᠷᠳᠠᠭᠰᠠᠨ ᠥᠳᠥᠯᠢᠭ ᠨᠡᠢᠯᠡᠮᠡᠯ ᠨᠠᠪᠴᠢ ᠲᠠᠢ ᠪᠤᠶᠤ ᠬᠣᠶᠠᠷᠳᠠᠭᠰᠠᠨ ᠭᠤᠷᠪᠠᠯᠠᠭᠰᠠᠨ ᠨᠡᠢᠯᠡᠮᠡᠯ ᠨᠠᠪᠴᠢ ᠲᠠᠢ᠂5~15 ᠵᠢᠵᠢᠭ ᠨᠠᠪᠴᠢ ᠲᠠᠢ᠂ ᠵᠠᠷᠢᠮ ᠳ᠋ᠠᠭᠠᠨ ᠡᠰᠢᠨ ᠦ᠌ ᠳᠡᠭᠡᠷ᠎ᠡ ᠬᠡᠰᠡᠭ ᠦ᠋ᠨ ᠨᠠᠪᠴᠢ ᠨᠢ ᠭᠤᠷᠪᠠᠳᠠᠭᠰᠠᠨ ᠪᠠᠢᠳᠠᠭ᠃ ᠵᠢᠵᠢᠭ ᠨᠠᠪᠴᠢ ᠨᠢ ᠨᠠᠷᠢᠨ ᠥᠨᠳᠡᠭᠡᠯᠵᠢᠨ᠂ ᠥᠨᠳᠡᠭᠡᠯᠵᠢᠨ ᠡᠴᠡ ᠬᠠᠪᠲᠠᠭᠠᠢ ᠲᠡᠪᠡᠨᠡ ᠬᠡᠯᠪᠡᠷᠢ ᠲᠡᠢ᠂1.5~6cm ᠤᠷᠲᠤ᠂0.7~3.5cm ᠥᠷᠭᠡᠨ᠂ ᠱᠣᠪᠬᠣ ᠪᠤᠶᠤ ᠤᠷᠲᠤ ᠱᠣᠪᠬᠣ ᠣᠷᠣᠢ ᠲᠠᠢ᠂ ᠲᠣᠭᠣᠷᠢᠭ ᠪᠤᠶᠤ ᠲᠡᠭᠰᠢᠬᠡᠨ ᠡᠴᠡ ᠵᠢᠷᠦᠬᠡᠨ ᠬᠡᠯᠪᠡᠷᠢᠲᠦ ᠤᠭ ᠲᠠᠢ᠂ ᠵᠠᠷᠢᠮ ᠳ᠋ᠠᠭᠠᠨ ᠱᠠᠭᠠᠨᠲᠠᠭ ᠬᠡᠯᠪᠡᠷᠢ ᠲᠡᠢ ᠪᠠᠢᠳᠠᠭ᠃ ᠲᠠᠷᠠᠮᠠᠭ ᠪᠦᠳᠦᠭᠦᠨ ᠬᠢᠷᠥᠭᠡᠨ ᠰᠢᠳᠦᠲᠦ ᠬᠥᠪᠡᠭᠡ ᠲᠡᠢ ᠪᠤᠶᠤ ᠬᠡᠷᠴᠢᠶᠡᠰᠦᠲᠦ ᠬᠥᠪᠡᠭᠡ ᠲᠡᠢ᠂ ᠵᠠᠷᠢᠮ ᠳ᠋ᠠᠭᠠᠨ3 ᠣᠨᠢ ᠲᠠᠢ᠂ ᠬᠣᠶᠠᠷ ᠲᠠᠯ᠎ᠠ ᠳ᠋ᠤᠨᠢ ᠣᠬᠣᠷ ᠵᠥᠭᠡᠯᠡᠨ ᠦᠰᠦ ᠲᠡᠢ᠃ ᠱᠣᠷᠣᠯᠵᠢᠨ ᠬᠡᠯᠪᠡᠷᠢᠲᠦ ᠴᠣᠮᠬᠠᠨ ᠪᠠᠭ ᠴᠡᠴᠡᠭ ᠨᠢ ᠡᠰᠢ ᠮᠥᠴᠢᠷ ᠦ᠋ᠨ ᠣᠷᠣᠢ ᠪᠤᠶᠤ ᠨᠠᠪᠴᠢᠨ ᠰᠤᠭᠤ ᠳ᠋ᠤ᠌ ᠳᠡᠯᠭᠡᠷᠡᠨ᠎ᠡ᠃ ᠴᠡᠴᠡᠭ ᠦ᠋ᠨ ᠪᠠᠷᠢᠭᠤᠯ ᠨᠢ1~1.5cm ᠤᠷᠲᠤ᠂ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠳ᠋ᠢᠶᠠᠮᠧᠲ᠋ᠷ ᠨᠢ1.5~2cm᠂4 ᠲᠣᠭᠳᠣᠢ ᠢᠯᠲᠠᠰᠤ ᠲᠠᠢ᠂ ᠰᠠᠷᠪᠠᠭᠠᠷ᠂ ᠴᠠᠭᠠᠨ ᠥᠩᠭᠡ ᠲᠡᠢ᠂ ᠨᠠᠷᠢᠨ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠪᠠᠷᠤᠭ8mm ᠣᠷᠴᠢᠮ ᠤᠷᠲᠤ᠂ᠬᠣᠶᠠᠷ ᠲᠠᠯ᠎ᠠ ᠳ᠋ᠤᠨᠢ ᠪᠦᠷ ᠣᠬᠣᠷ ᠵᠥᠭᠡᠯᠡᠨ ᠦᠰᠦ ᠲᠡᠢ᠂ ᠳᠣᠲᠣᠷᠠᠬᠢ ᠦᠰᠦ ᠨᠢ ᠲᠠᠷᠠᠮᠠᠭ᠃ ᠡᠷ᠎ᠡ ᠲᠣᠭᠣᠷᠴᠣᠭ ᠳᠡᠭᠡᠷ᠎ᠡ ᠨᠢ ᠦᠰᠦ ᠦᠭᠡᠢ᠂ ᠲᠣᠭᠣᠰᠣᠪᠴᠢ ᠨᠢ2~2.5mm ᠤᠷᠲᠤ᠂ ᠲᠤᠷᠠᠩᠬᠠᠢ ᠵᠢᠮᠢᠰ ᠨᠢ ᠥᠨᠳᠡᠭᠡᠯᠵᠢᠨ ᠬᠡᠯᠪᠡᠷᠢ ᠲᠡᠢ᠂ ᠪᠠᠷᠤᠭ3mm ᠣᠷᠴᠢᠮ ᠤᠷᠲᠤ᠂2mm ᠣᠷᠴᠢᠮ ᠥᠷᠭᠡᠨ᠂ ᠨᠢᠭ ᠵᠥᠭᠡᠯᠡᠨ ᠦᠰᠦ ᠲᠡᠢ᠂ ᠮᠥᠩᠬᠡ ᠣᠷᠣᠰᠢᠬᠤ ᠴᠡᠴᠡᠭ ᠦ᠋ᠨ ᠪᠠᠭᠠᠨ᠎ᠠ ᠨᠢ1.5~3cm ᠤᠷᠲᠤ᠃7~10 ᠳ᠋ᠤᠭᠠᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠪᠤᠲᠠ ᠰᠥᠭᠡᠭ ᠪᠤᠶᠤ ᠰᠡᠢᠷᠡᠭ ᠣᠢ ᠳᠤᠮᠳᠠ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠱᠠᠨ ᠰᠢ᠂ ᠱᠠᠨᠰᠢ᠂ ᠱᠠᠨᠳᠦ᠋ᠩ᠂ ᠾᠧᠨᠠᠨ᠂ ᠭᠠᠨᠰᠦ᠂ ᠰᠧᠴᠤᠸᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]6~8 ᠳ᠋ᠤᠭᠠᠷ ᠰᠠᠷ᠎ᠠ ᠳ᠋ᠤ᠌ ᠬᠠᠳᠤᠵᠤ ᠠᠪᠤᠭᠠᠳ ᠠᠷᠢᠯᠭᠠᠨ ᠴᠡᠪᠡᠷᠯᠡᠵᠦ᠂ ᠬᠡᠷᠴᠢᠭᠡᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ᠂ ᠥᠴᠦᠬᠡᠨ ᠠᠮᠲᠠᠯᠢᠭ; ᠬᠠᠯᠠᠭᠤᠨ ᠴᠢᠨᠠᠷ ᠲᠠᠢ; ᠬᠤᠷᠴᠠ᠂ ᠬᠠᠭᠤᠷᠠᠢ᠂ ᠰᠢᠷᠦᠭᠦᠨ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠪᠡᠲᠡᠭᠢ ᠶ᠋ᠢ ᠡᠪᠳᠡᠬᠦ᠂ ᠢᠯᠴᠢ ᠶ᠋ᠢ ᠰᠡᠯᠪᠢᠬᠦ᠂ ᠬᠠᠪᠤᠩ ᠢ᠋ ᠬᠠᠷᠢᠭᠤᠯᠬᠤ᠂ ᠰᠢᠷ᠎ᠠ ᠤᠰᠤ ᠶ᠋ᠢ ᠲᠠᠲᠠᠬᠤ᠂ ᠢᠯᠵᠢᠷᠡᠬᠦ ᠶ᠋ᠢ ᠳᠠᠷᠤᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠠᠶᠤᠤᠯᠢᠬᠠᠢ ᠶ᠋ᠢᠨ ᠪᠡᠲᠡᠭᠢ᠂ ᠲᠡᠮᠦᠷ ᠬᠠᠭᠲᠤ ᠪᠠᠳᠭ᠋ᠠᠨ᠂ ᠴᠠᠢᠪᠤᠷ ᠬᠠᠪᠤᠩ᠂ ᠠᠯᠠᠭ ᠮᠠᠷᠢᠶ᠎ᠠ᠂ ᠨᠢᠰᠤᠭᠤ ᠭᠦᠪᠳᠦᠷᠦᠦ᠂ ᠬᠦᠢᠲᠡᠨ ᠢ᠋ᠶ᠋ᠡᠷ ᠰᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 短尾铁线连
   ᠠᠩᠭ᠌ᠯᠢ ᠨᠡᠷ᠎ᠡ᠄CIematis beruicaudata DC.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠴᠡᠪᠡᠷᠴᠡᠴᠡᠭ