ᠪᠢᠳᠡᠨ ᠦ᠌ ᠵᠠᠪᠰᠢᠶᠠᠨ ᠬᠠᠮᠢᠭ᠎ᠠ ᠪᠠᠢᠬᠤ ᠪᠣᠢ-ᠺᠣᠮᠫᠠᠨᠢ ᠶ᠋ᠢᠨ ᠣᠷᠴᠢᠨ-ᠬᠣᠨᠢᠴᠢᠨ ᠦᠯᠵᠡᠢᠰᠦ᠋ᠷᠥᠩ ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠢᠳᠡᠨ ᠦ᠌ ᠵᠠᠪᠰᠢᠶᠠᠨ ᠬᠠᠮᠢᠭ᠎ᠠ ᠪᠠᠢᠬᠤ ᠪᠣᠢ-ᠺᠣᠮᠫᠠᠨᠢ ᠶ᠋ᠢᠨ ᠣᠷᠴᠢᠨ-ᠬᠣᠨᠢᠴᠢᠨ ᠦᠯᠵᠡᠢᠰᠦ᠋ᠷᠥᠩ

ᠪᠢᠳᠡᠨ ᠦ᠌ ᠵᠠᠪᠰᠢᠶᠠᠨ ᠬᠠᠮᠢᠭ᠎ᠠ ᠪᠠᠢᠬᠤ ᠪᠣᠢ-ᠺᠣᠮᠫᠠᠨᠢ ᠶ᠋ᠢᠨ ᠣᠷᠴᠢᠨ-ᠬᠣᠨᠢᠴᠢᠨ ᠦᠯᠵᠡᠢᠰᠦ᠋ᠷᠥᠩ

ᠠᠩᠭᠢᠯᠠᠯ:ᠠᠵᠤ ᠠᠬᠤᠢ
2025-08-19

198

   ᠳ᠋ᠣᠺᠲ᠋ᠣᠷ ᠬᠣᠨᠢᠴᠢᠨ ᠦᠯᠵᠡᠢᠰᠦ᠋ᠷᠥᠩ 
         ᠥᠩᠭᠡᠷᠡᠭᠰᠡᠨ ᠭᠤᠷᠪᠠᠨ ᠬᠢᠴᠢᠶᠡᠯ ᠢ᠋ᠶ᠋ᠡᠷ ᠳᠠᠮᠵᠢᠨ ᠪᠢᠳᠡ ᠠᠵᠢᠯ ᠦᠢᠯᠡᠰ ᠡᠷᠬᠢᠯᠡᠬᠦ ᠶ᠋ᠢᠨ ᠬᠣᠷᠸ᠎ᠠ ᠣᠷᠴᠢᠨ᠂ ᠠᠵᠢᠯ ᠲᠥᠷᠥᠯ  ᠦ᠋ᠨ ᠣᠷᠴᠢᠨ ᠪᠣᠯᠤᠨ ᠪᠸᠵᠢᠨᠢᠰ ᠦ᠋ᠨ ᠣᠷᠴᠢᠨ ᠪᠣᠯᠬᠤ ᠭᠠᠳᠠᠭᠠᠳᠤ ᠣᠷᠴᠢᠨ ᠤ᠋ᠳ ᠢ᠋  ᠵᠠᠳᠠᠯᠤᠭᠠᠳ ᠥᠩᠭᠡᠷᠡᠭᠰᠡᠨ ᠪᠢᠯᠡ᠃ ᠲᠡᠭᠡᠪᠡᠯ ᠠᠳᠠ ᠶᠠᠷᠢᠬᠤ ᠭᠡᠵᠦ ᠪᠠᠢᠭ᠎ᠠ ᠺᠣᠮᠫᠠᠨᠢ ᠶ᠋ᠢᠨ ᠣᠷᠴᠢᠨ ᠪᠣᠯ ᠪᠢᠳᠡᠨ ᠦ᠌ ᠬᠤᠪᠢ ᠪᠡᠶ᠎ᠡ ᠪᠣᠯᠬᠤ ᠳᠣᠲᠣᠭᠠᠳᠤ ᠣᠷᠴᠢᠨ ᠪᠣᠯᠤᠨ᠎ᠠ᠃ ᠥᠭᠡᠷ᠎ᠡ  ᠪᠡᠷ ᠬᠡᠯᠡᠪᠡᠯ ᠪᠢᠳᠡ ᠠᠵᠢᠯ ᠦᠢᠯᠡᠰ ᠡᠷᠬᠢᠯᠡᠬᠦ ᠶᠠᠪᠤᠴᠠ ᠳ᠋ᠤ᠌ ᠥᠪᠡᠷ ᠢ᠋ᠶ᠋ᠡᠨ ᠶᠠᠭᠠᠬᠢᠵᠤ ᠬᠢᠬᠦ ᠴᠢᠬᠤᠯᠠ ᠲᠠᠢ ᠪᠣᠢ ᠭᠡᠳᠡᠭ ᠢ᠋ ᠶᠠᠷᠢᠨ᠎ᠠ᠃ 
ᠺᠣᠮᠫᠠᠨᠢ ᠶ᠋ᠢᠨ ᠣᠷᠴᠢᠨ ᠤ᠋ ᠵᠠᠳᠠᠯᠤᠯᠲᠠ ᠭᠡᠬᠦ ᠪᠡᠷ ᠵᠠᠷᠢᠮ ᠨᠢᠭᠡ ᠨᠢ ᠡᠨᠡ ᠮᠠᠨᠤᠰ ᠤ᠋ᠨ ᠠᠵᠢᠯ ᠲᠥᠷᠥᠯ ᠲᠡᠢ ᠣᠢᠷᠠᠲᠤᠬᠤ ᠦᠭᠡᠢ ᠂ ᠴᠢᠬᠤᠯᠠ ᠵᠦᠢᠯ ᠪᠢᠰᠢ ᠭᠡᠵᠦ ᠪᠣᠳᠣᠵᠤ ᠮᠠᠭᠠᠳ᠃ ᠭᠡᠲᠡᠯ᠎ᠡ ᠡᠨᠳᠡ ᠶᠠᠷᠢᠵᠤ ᠪᠠᠢᠭ᠎ᠠ ᠺᠣᠮᠫᠠᠨᠢ ᠶ᠋ᠢᠨ ᠣᠷᠴᠢᠨ ᠭᠡᠳᠡᠭ ᠪᠣᠯ ᠮᠠᠨᠤᠰ ᠤ᠋ᠨ ᠥᠪᠡᠷ ᠦ᠋ᠨ ᠡᠷᠬᠢᠯᠡᠵᠦ ᠬᠢᠵᠦ ᠪᠠᠢᠭ᠎ᠠ ᠠᠵᠢᠯ ᠲᠥᠷᠥᠯ ᠦ᠋ᠨ ᠶᠡᠷᠦᠩᠬᠡᠢ ᠨᠡᠷ᠎ᠡ ᠪᠣᠯᠬᠤ ᠶᠤᠮ᠃ ᠡᠢᠮᠦ ᠡᠴᠡ ᠡᠨᠡ ᠨᠢ ᠭᠠᠭᠴᠠ ᠺᠣᠮᠫᠠᠨᠢ ᠡᠷᠬᠢᠯᠡᠵᠦ ᠪᠠᠢᠭ᠎ᠠ ᠨᠢᠭᠡᠨ ᠳ᠋ᠦ᠍ ᠲᠣᠬᠢᠷᠠᠬᠤ ᠪᠠᠷ ᠪᠠᠷᠠᠬᠤ ᠦᠭᠡᠢ᠂ ᠬᠤᠪᠢ ᠶ᠋ᠢᠨ ᠠᠵᠢᠯ ᠲᠥᠷᠥᠯ ᠡᠷᠬᠢᠯᠡᠵᠦ ᠪᠠᠢᠭ᠎ᠠ ᠪᠣᠯᠤᠨ ᠬᠤᠪᠢ ᠠᠢᠯ ᠪᠣᠯᠭᠠᠨ ᠤ᠋ ᠠᠵᠢᠯ ᠠᠮᠢᠳᠤᠷᠠᠯ ᠣᠷᠴᠢᠨ ᠤ᠋ ᠵᠠᠳᠠᠯᠤᠯᠲᠠ ᠪᠣᠯᠤᠨ᠎ᠠ᠃ 
ᠪᠢᠳᠡ ᠥᠪᠡᠷ ᠦ᠋ᠨ ᠦ᠌ ᠭᠠᠳᠠᠭᠠᠳᠤ ᠣᠷᠴᠢᠨ ᠨᠥᠬᠥᠴᠡᠯ ᠢ᠋ᠶ᠋ᠡᠨ ᠵᠥᠪ ᠣᠢᠯᠭᠠᠵᠤ ᠮᠡᠳᠡᠭᠰᠡᠨ ᠰᠠᠭᠤᠷᠢᠨ ᠳᠡᠭᠡᠷ᠎ᠡ ᠲᠡᠭᠦᠨ ᠳ᠋ᠦ᠍ ᠳᠣᠬᠢᠷᠬᠠᠰᠠᠨ ᠵᠥᠪ ᠪᠣᠳᠣᠯᠭ᠎ᠠ ᠬᠡᠷᠡᠭᠵᠢᠭᠦᠯᠵᠦ᠂ ᠥᠪᠡᠷ ᠢ᠋ ᠪᠡᠨ ᠬᠥᠭᠵᠢᠭᠦᠯᠪᠡᠯ ᠰᠠᠶᠢ ᠠᠵᠢᠯ ᠦᠢᠯᠡᠰ ᠵᠢᠩᠬᠢᠨᠢ ᠪᠡᠷ ᠠᠮᠵᠢᠯᠲᠠ ᠳ᠋ᠤ᠌ ᠬᠦᠷᠬᠦ ᠪᠣᠯᠤᠮᠵᠢ ᠲᠠᠢ ᠪᠣᠯᠤᠨ᠎ᠠ᠃ ᠥᠪᠡᠷ ᠢ᠋ ᠪᠡᠨ ᠵᠥᠪ ᠤᠳᠤᠷᠢᠳᠴᠤ᠂ ᠵᠠᠬ᠎ᠠ ᠵᠡᠭᠡᠯᠢ ᠳ᠋ᠦ᠍ ᠲᠣᠬᠢᠷᠬᠠᠰᠠᠨ ᠪᠣᠳᠣᠯᠭ᠎ᠠ ᠶᠠᠪᠤᠭᠤᠯᠬᠤ ᠳ᠋ᠤ᠌ ᠭᠣᠣᠯᠳᠠᠭᠤ ᠰᠤᠳᠤᠯᠵᠤ ᠲᠥᠰᠥᠪᠯᠡᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠬᠥᠷᠥᠩᠭᠡ ᠲᠣᠭᠠᠴᠠᠭ᠎ᠠ ᠬᠢᠬᠦ᠂ ᠵᠣᠬᠢᠶᠠᠨ ᠪᠠᠢᠭᠤᠯᠤᠯᠲᠠ ᠭᠡᠰᠡᠨ ᠲᠠᠪᠤᠨ ᠲᠠᠯ᠎ᠠ ᠠ᠋ᠴᠠ  ᠭᠠᠷ ᠣᠷᠣᠵᠤ ᠰᠠᠢᠲᠤᠷ ᠬᠢᠬᠦ ᠱᠠᠭᠠᠷᠳᠠᠯᠭ᠎ᠠ ᠲᠠᠢ᠃ 
ᠨᠢᠭᠡ ᠂ ᠰᠤᠳᠤᠯᠵᠤ ᠲᠥᠰᠥᠪᠯᠡᠬᠦ 
ᠠᠢᠯ ᠭᠡᠷ ᠦ᠋ᠨ ᠠᠵᠢᠯ ᠠ᠋ᠴᠠ ᠡᠬᠢᠯᠡᠭᠡᠳ ᠺᠣᠮᠫᠠᠨᠢ ᠪᠠᠨ ᠠᠵᠢᠯ ᠬᠦᠷᠲᠡᠯ᠎ᠡ ᠪᠦᠭᠦᠳᠡ ᠨᠢᠭᠡ ᠰᠠᠢᠨ ᠲᠥᠰᠥᠪ ᠲᠥᠯᠥᠪᠯᠡᠭᠡ ᠬᠡᠷᠡᠭᠲᠡᠢ᠃ ᠡᠨᠡ ᠪᠣᠯ ᠠᠵᠢᠯ ᠢ᠋ᠶ᠋ᠠᠨ ᠰᠠᠢᠨ ᠬᠢᠬᠦ ᠶ᠋ᠢᠨ ᠡᠬᠢ ᠪᠣᠯᠳᠠᠭ᠃ ᠪᠢᠳᠡ ᠡᠬᠢᠯᠡᠭᠡᠳ ᠠᠵᠢᠯ ᠤ᠋ᠨ ᠲᠤᠬᠠᠢ ᠨᠠᠷᠢᠨ ᠪᠣᠳᠣᠵᠤ᠂ ᠬᠡᠳᠦᠢ ᠳ᠋ᠦ᠍ ᠶᠠᠮᠠᠷ ᠶᠠᠭᠤᠮ᠎ᠠ ᠬᠡᠳᠦᠢ ᠬᠡᠷᠡᠭᠲᠡᠢ ᠡᠴᠡ ᠠᠪᠤᠭᠠᠳ ᠠᠯᠢ ᠦᠶ᠎ᠡ ᠳ᠋ᠦ᠍ ᠶᠠᠭᠠᠬᠢᠬᠤ ᠭᠡᠳᠡᠭ ᠢ᠋ᠶ᠋ᠡᠨ ᠡᠬᠢᠨ ᠡᠴᠡ ᠨᠢ ᠲᠣᠭᠲᠠᠴᠢᠬᠠᠪᠠᠯ ᠲᠤᠬᠠᠢ ᠶ᠋ᠢᠨ ᠴᠠᠭ ᠲᠤᠨᠢ ᠠᠵᠢᠯ ᠢ᠋ᠶ᠋ᠠᠨ ᠮᠠᠰᠢ ᠰᠢᠯᠤᠭᠤᠬᠠᠨ ᠢ᠋ᠶ᠋ᠠᠷ ᠶᠠᠪᠤᠭᠳᠠᠭᠤᠯᠵᠤ ᠴᠢᠳᠠᠨ᠎ᠠ᠃ ᠶᠡᠷᠦ ᠶ᠋ᠢᠨ ᠦᠭᠡᠨ«ᠪᠡᠯᠡᠳᠬᠡᠯ ᠲᠡᠢ ᠪᠣᠯ ᠪᠠᠯᠠᠳᠠᠬᠤ ᠦᠭᠡᠢ » ᠭᠡᠳᠡᠭ᠃ 
ᠬᠣᠶᠠᠷ ᠂ ᠦᠢᠯᠡᠳᠪᠦᠷᠢᠯᠡᠬᠦ 
ᠦᠢᠯᠡᠳᠪᠦᠷᠢᠯᠡᠬᠦ ᠭᠡᠬᠦ ᠪᠡᠷ ᠣᠯᠠᠩᠬᠢ ᠬᠥᠮᠦᠨ ᠦᠢᠯᠡᠳᠪᠦᠷᠢᠯᠡᠯ ᠢ᠋ ᠪᠣᠳᠣᠬᠤ ᠪᠠᠢᠬᠤ᠃ ᠡᠨᠳᠡ ᠶᠠᠷᠢᠵᠤ ᠪᠠᠢᠭ᠎ᠠ ᠦᠢᠯᠡᠳᠪᠦᠷᠢᠯᠡᠬᠦ ᠪᠣᠯ ᠶᠡᠷᠦᠩᠬᠡᠢ ᠨᠡᠷ᠎ᠡ ᠶᠦᠮ᠃ ᠲᠤᠰᠬᠠᠢ ᠦᠢᠯᠡᠳᠪᠦᠷᠢᠯᠡᠯ ᠡᠴᠡ ᠭᠠᠳᠠᠨ᠎ᠠ ᠮᠠᠯᠴᠢᠨ ᠬᠥᠮᠦᠨ ᠮᠠᠯ ᠮᠠᠯᠵᠢᠬᠤ᠂ ᠲᠠᠷᠢᠶᠠᠴᠢᠨ ᠬᠥᠮᠦᠨ ᠦ᠌ ᠲᠠᠷᠢᠶ᠎ᠠ ᠲᠠᠷᠢᠬᠤ ᠵᠢᠴᠢ ᠦᠢᠯᠡᠴᠢᠯᠡᠭᠡᠨ ᠦ᠌ ᠠᠵᠤ ᠦᠢᠯᠡᠰ ᠦ᠋ᠨ ᠦᠢᠯᠡᠴᠢᠯᠭᠡ ᠦᠵᠡᠭᠦᠯᠬᠦ ᠪᠣᠯ ᠪᠦᠭᠦᠳᠡ ᠡᠨᠡᠬᠦ ᠦᠢᠯᠡᠳᠪᠦᠷᠢᠯᠡᠬᠦ ᠳ᠋ᠦ᠍ ᠪᠠᠭᠲᠠᠨ᠎ᠠ᠃ ᠡᠢᠮᠦ ᠡᠴᠡ ᠡᠨᠡ ᠪᠣᠯ ᠮᠠᠨ ᠤ᠋ ᠠᠵᠢᠯ ᠠᠮᠢᠳᠤᠷᠠᠯ᠂ ᠠᠵᠢᠯ ᠦᠢᠯᠡᠰ ᠠᠯᠢ ᠠᠯᠢᠨ ᠳ᠋ᠤ᠌ ᠨᠢ ᠰᠢᠭᠤᠳ ᠬᠣᠯᠪᠣᠭ᠎ᠠ ᠲᠠᠢ ᠮᠥᠷᠲᠡᠭᠡᠨ ᠪᠢᠳᠡᠨ ᠦ᠌ ᠰᠤᠳᠤᠯᠵᠤ ᠲᠥᠰᠥᠪᠯᠡᠭᠰᠡᠨ ᠢ᠋ᠶ᠋ᠡᠨ ᠬᠡᠷᠡᠭᠵᠢᠭᠦᠯᠬᠦ ᠪᠣᠳᠠᠲᠠᠢ ᠶᠠᠪᠤᠴᠠ ᠪᠣᠯᠬᠤ ᠶᠤᠮ᠃ ᠲᠡᠢᠮᠦ ᠡᠴᠡ ᠬᠥᠮᠦᠨ ᠪᠦᠬᠦᠨ ᠥᠪᠡᠷ ᠦ᠋ᠨ ᠠᠵᠢᠯ ᠢ᠋ᠶ᠋ᠠᠨ ᠡᠬᠢᠨ ᠡᠴᠡ ᠨᠢ ᠨᠠᠷᠢᠨ ᠰᠠᠢᠨ ᠲᠥᠯᠥᠪᠯᠡᠭᠰᠡᠨ ᠪᠣᠯ ᠦᠢᠯᠡᠳᠪᠦᠷᠢᠯᠡᠯ ᠳᠡᠭᠡᠷ᠎ᠡ ᠬᠢᠴᠢᠶᠡᠭᠡᠳ ᠵᠢᠳᠬᠦᠪᠡᠯ ᠠᠮᠵᠢᠯᠲᠠ ᠮᠠᠰᠢ ᠣᠢᠷᠬᠠᠨ᠃ 
ᠭᠤᠷᠪᠠ ᠂ ᠪᠣᠷᠣᠯᠠᠭᠤᠯᠬᠤ 
ᠪᠣᠷᠣᠯᠠᠭᠤᠯᠬᠤ ᠪᠣᠯ ᠮᠠᠨ ᠤ᠋ ᠶᠡᠷᠦᠳᠡ ᠶ᠋ᠢᠨ ᠣᠢᠯᠭᠠᠯᠲᠠ ᠶ᠋ᠢᠨ ᠬᠤᠳᠠᠯᠳᠤᠬᠤ ᠪᠣᠯᠤᠨ᠎ᠠ᠃ ᠭᠡᠬᠦ ᠳ᠋ᠡᠭᠡᠨ ᠡᠨᠡ ᠪᠣᠯ ᠳ᠋ᠠᠩ ᠭᠠᠭᠴᠠ ᠬᠤᠳᠠᠯᠳᠤᠬᠤ ᠦᠢᠯᠡ ᠶᠠᠪᠤᠴᠠ ᠪᠢᠰᠢ᠂ ᠬᠠᠷᠢᠨ ᠡᠭᠦᠨ ᠡᠴᠡ ᠥᠷᠭᠡᠨ ᠤᠳᠬ᠎ᠠ ᠪᠦᠬᠦᠢ ᠬᠤᠳᠠᠯᠳᠤᠬᠤ ᠶᠠᠪᠤᠴᠠ ᠠ᠋ᠴᠠ ᠭᠠᠳᠠᠨ᠎ᠠ ᠵᠠᠷ ᠰᠤᠷᠲᠠᠯᠴᠢᠯᠠᠭ᠎ᠠ᠂ ᠲᠠᠨᠢᠯᠴᠠᠭᠤᠯᠭ᠎ᠠ᠂ ᠪᠣᠷᠣᠯᠠᠭᠤᠯᠤᠯᠲᠠ ᠶ᠋ᠢᠨ ᠠᠷᠭ᠎ᠠ ᠬᠡᠯᠪᠡᠷᠢ ᠦ᠋ᠳ ᠢ᠋ ᠪᠠᠭᠲᠠᠭᠠᠭᠰᠠᠨ ᠪᠣᠷᠣᠯᠠᠭᠤᠯᠤᠯᠲᠠ ᠶ᠋ᠢᠨ ᠤᠬᠠᠭᠠᠨ ᠪᠣᠯᠤᠨ᠎ᠠ᠃ ᠶᠡᠷᠦᠳᠡ ᠶ᠋ᠢᠨ ᠪᠠᠢᠳᠠᠯ ᠳ᠋ᠤ᠌ ᠪᠢᠳᠡ ᠨᠢᠭᠡ ᠰᠠᠢᠨ ᠲᠠᠸᠠᠷ ᠪᠠᠢᠪᠠᠯ ᠯᠠᠪ ᠰᠠᠢᠨ ᠬᠤᠳᠠᠯᠳᠤᠭᠳᠠᠵᠤ᠂ ᠠᠰᠢᠭ ᠣᠷᠣᠯᠭ᠎ᠠ ᠥᠨᠳᠥᠷ ᠪᠠᠢᠵᠤ᠂ ᠠᠵᠢᠯ ᠦᠢᠯᠡᠰ ᠠᠮᠵᠢᠯᠲᠠ ᠣᠯᠵᠤ ᠴᠢᠳᠠᠨ᠎ᠠ ᠭᠡᠮᠡᠨ ᠦᠵᠡᠳᠡᠭ᠃ ᠡᠢᠮᠦ ᠳ᠋ᠡᠭᠡᠨ ᠴᠦ᠍ ᠪᠢᠳᠡ ᠦᠢᠯᠡᠳᠪᠦᠷᠢᠯᠡᠯ ᠳᠡᠭᠡᠷ᠎ᠡ ᠮᠠᠰᠢ ᠶᠡᠬᠡ ᠬᠥᠷᠥᠩᠭᠡ ᠮᠥᠩᠭᠥ ᠣᠷᠣᠭᠤᠯᠵᠤ ᠰᠠᠢᠨ ᠮᠠᠰᠢᠨ ᠲᠣᠨᠣᠭ ᠠᠪᠴᠢᠷᠠᠨ᠂ ᠰᠠᠢᠨ ᠮᠠᠲ᠋ᠧᠷᠢᠶᠠᠯ ᠬᠡᠷᠡᠭᠯᠡᠨ ᠴᠢᠨᠠᠷᠲᠠᠢ ᠪᠦᠲᠦᠭᠡᠭᠳᠡᠬᠦᠨ ᠲᠠᠸᠠᠷ ᠦᠢᠯᠡᠳᠪᠦᠷᠢᠯᠡᠨ ᠭᠠᠷᠭᠠᠳᠠᠭ᠃ ᠭᠡᠲᠡᠯ᠎ᠡ ᠪᠢᠳᠡ ᠡᠭᠦᠨ ᠢ᠋ ᠪᠡᠨ ᠰᠠᠢᠨ ᠦᠢᠯᠡᠳᠪᠦᠷᠢᠯᠡᠭᠰᠡᠨ ᠰᠢᠭ ᠢ᠋ᠶ᠋ᠡᠨ ᠰᠠᠢᠨ ᠬᠤᠳᠠᠯᠳᠤᠵᠤ  ᠴᠢᠳᠠᠳᠠᠭ ᠦᠭᠡᠢ᠃ ᠡᠨᠡ ᠪᠣᠯ ᠳᠠᠷᠤᠢ ᠮᠠᠨ ᠦ᠌ ᠣᠢᠯᠡᠳᠪᠦᠷᠯᠡᠯ ᠢ᠋ ᠬᠦᠨᠳᠦᠳᠬᠡᠭᠡᠳ᠂ ᠪᠣᠷᠣᠯᠠᠭᠤᠯᠬᠤ ᠶ᠋ᠢ ᠬᠦᠨᠳᠦᠳᠬᠡᠭᠰᠡᠨ ᠦᠭᠡᠢ ᠳ᠋ᠦ᠍ ᠣᠷᠣᠰᠢᠨ᠎ᠠ᠃ ᠶᠠᠭ ᠦᠨᠡᠨ ᠳ᠋ᠡᠭᠡᠨ ᠠᠵᠢᠯ ᠦᠢᠯᠡᠰ ᠬᠢᠭᠡᠳ ᠠᠮᠵᠢᠯᠲᠠ ᠭᠠᠷᠭᠠᠬᠤ ᠶ᠋ᠢᠨ ᠨᠢᠭᠡᠨ ᠴᠢᠬᠤᠯᠠ ᠰᠢᠯᠭᠠᠭᠤᠷ ᠨᠢ ᠬᠢᠷᠢ ᠠᠰᠢᠭ ᠲᠠᠢ  ᠠᠵᠢᠯᠯᠠᠭᠰᠠᠨ ᠳ᠋ᠤ᠌ ᠪᠠᠢᠭ᠎ᠠ ᠶᠤᠮ᠃ ᠡᠢᠮᠦ ᠡᠴᠡ ᠲᠠ ᠪᠦᠬᠦ ᠵᠦᠢᠯ ᠢ᠋ᠶ᠋ᠡᠨ ᠰᠠᠢᠨ ᠬᠢᠭᠡᠳ ᠪᠣᠷᠣᠯᠠᠭᠤᠯᠤᠯᠲᠠ ᠪᠠᠨ ᠰᠠᠢᠨ ᠬᠢᠵᠦ  ᠴᠢᠳᠠᠭᠰᠠᠨ ᠦᠭᠡᠢ ᠡᠴᠡ ᠪᠣᠯᠵᠤ ᠠᠰᠢᠭ ᠣᠷᠣᠯᠭ᠎ᠠ ᠣᠯᠵᠤ ᠴᠢᠳᠠᠭᠰᠠᠨ ᠦᠭᠡᠢ ᠪᠣᠯ ᠲᠠᠨ ᠤ᠋ ᠡᠬᠢᠯᠡᠭᠦᠯᠦᠭᠰᠡᠨ ᠠᠵᠢᠯ ᠦᠢᠯᠡᠰ ᠤᠨᠠᠬᠤ ᠠᠶᠤᠯ ᠲᠠᠢ᠂ ᠥᠭᠡᠷ᠎ᠡ ᠪᠡᠷ ᠬᠡᠯᠡᠪᠡᠯ ᠲᠠ ᠢᠯᠠᠭᠳᠠᠨ᠎ᠠ ᠭᠡᠰᠡᠨ ᠦᠭᠡ᠃ ᠲᠠ ᠬᠢᠭᠰᠡᠨ ᠵᠦᠢᠯ ᠢ᠋ᠶ᠋ᠡᠨ ᠠᠮᠵᠢᠯᠲᠠ ᠳ᠋ᠤ᠌ ᠬᠦᠷᠭᠡᠶ᠎ᠡ ᠭᠡᠪᠡᠯ ᠪᠣᠷᠣᠯᠠᠭᠤᠯᠤᠯᠲᠠ ᠶ᠋ᠢ ᠶᠠᠭᠤᠨ ᠡᠴᠡ ᠴᠦ᠍ ᠴᠢᠬᠤᠯᠠ ᠪᠠᠢᠷᠢᠨ ᠳ᠋ᠤ᠌ ᠲᠠᠯᠪᠢᠬᠤ ᠬᠡᠷᠡᠭᠲᠡᠢ᠃ 
ᠳᠥᠷᠪᠡ ᠂ ᠬᠥᠷᠥᠩᠭᠡ ᠲᠣᠭᠠᠴᠠᠭ᠎ᠠ ᠬᠢᠬᠦ 
ᠬᠥᠷᠥᠩᠭᠡ ᠲᠣᠭᠠᠴᠠᠭᠠᠨ ᠤ᠋ ᠠᠵᠢᠯ ᠢ᠋ ᠬᠥᠮᠦᠨ ᠪᠦᠬᠦᠨ ᠰᠠᠢᠨ ᠮᠡᠳᠡᠨ᠎ᠡ᠃ ᠪᠢᠳᠡ ᠭᠡᠷ ᠪᠦᠯᠢ ᠳ᠋ᠡᠭᠡᠨ ᠴᠦ᠍᠂ ᠬᠤᠪᠢ ᠪᠡᠶ᠎ᠡ  ᠳ᠋ᠡᠭᠡᠨ ᠴᠦ᠍ ᠡᠳᠦᠷ ᠳᠣᠳᠣᠮ ᠤ᠋ᠨ ᠠᠮᠢᠳᠤᠷᠠᠯ ᠳ᠋ᠤ᠌ ᠲᠣᠭᠠᠴᠠᠭ᠎ᠠ ᠬᠢᠵᠦ ᠪᠠᠢᠳᠠᠭ᠃ ᠭᠡᠲᠡᠯ᠎ᠡ ᠡᠨᠡ ᠪᠣᠯ ᠵᠦᠭᠡᠷ ᠯᠡ ᠨᠢᠭᠡᠨ ᠬᠠᠮᠢᠭ᠎ᠠ ᠬᠡᠳᠦᠢ ᠵᠠᠷᠤᠴᠠᠭᠤᠯᠤᠭᠰᠠᠨ᠂ ᠣᠳᠣ ᠬᠡᠳᠦᠢ ᠦᠯᠡᠳᠡᠵᠦ ᠪᠠᠢᠭ᠎ᠠ ᠮᠡᠲᠦ ᠶ᠋ᠢᠨ ᠳᠥᠬᠥᠮᠬᠡᠨ ᠲᠣᠭᠠᠴᠠᠭ᠎ᠠ ᠪᠢᠰᠢ᠃ ᠬᠠᠷᠢᠨ ᠪᠢᠳᠡ ᠠᠵᠢᠯ ᠦᠢᠯᠡᠰ᠂ ᠠᠮᠢᠳᠤᠷᠠᠯ ᠤ᠋ᠨ ᠢ᠋ᠶ᠋ᠠᠨ ᠶᠠᠪᠤᠴᠠ ᠳ᠋ᠤ᠌ ᠬᠠᠮᠢᠭ᠎ᠠ ᠨᠢ ᠬᠡᠳᠦᠢ ᠵᠠᠷᠤᠴᠠᠭᠤᠯᠬᠤ᠂ ᠬᠠᠮᠢᠭ᠎ᠠ ᠠ᠋ᠴᠠ ᠬᠥᠷᠥᠩᠭᠡ ᠮᠥᠩᠭᠥ ᠣᠯᠬᠤ ᠵᠢᠴᠢ ᠬᠦᠦ ᠮᠥᠩᠭᠥ ᠨᠢ ᠬᠡᠳᠦᠢ ᠪᠣᠯᠬᠤ᠂ ᠬᠡᠳᠦᠢ ᠬᠤᠭᠤᠴᠠᠭᠠᠨ ᠳ᠋ᠤ᠌ ᠠᠰᠢᠭ ᠣᠯᠬᠤ ᠭᠡᠳ ᠬᠢᠵᠦ ᠪᠠᠢᠭ᠎ᠠ ᠠᠵᠢᠯ ᠤ᠋ᠨ ᠡᠬᠢᠨ ᠡᠴᠡ ᠨᠢ ᠳᠠᠭᠤᠰᠲᠠᠯ᠎ᠠ  ᠬᠢ ᠶᠠᠪᠤᠴᠠ ᠳ᠋ᠠᠬᠢ ᠣᠷᠣᠵᠤ ᠭᠠᠷᠤᠭᠰᠠᠨ ᠬᠥᠷᠥᠩᠭᠡ ᠮᠥᠩᠭᠥᠨ ᠦ᠌ ᠨᠡᠢᠲᠡ ᠲᠣᠭᠠᠴᠠᠭ᠎ᠠ ᠪᠣᠯᠤᠨ᠎ᠠ᠃ ᠲᠡᠢᠮᠦ ᠡᠴᠡ ᠡᠭᠦᠨ  ᠢ᠋ ᠪᠡᠨ ᠰᠠᠢᠨ᠂ ᠵᠥᠪ ᠬᠢᠪᠡᠯ ᠪᠢᠳᠡ ᠰᠠᠶᠢ ᠥᠪᠡᠷ ᠦ᠋ᠨ ᠠᠰᠢᠭ ᠣᠷᠣᠯᠭ᠎ᠠ ᠪᠠᠨ ᠵᠥᠪ ᠪᠣᠳᠣᠵᠤ ᠭᠠᠷᠭᠠᠨ᠂ ᠢᠷᠡᠭᠡᠳᠦᠢ ᠶ᠋ᠢᠨ ᠬᠥᠷᠥᠩᠭᠡ ᠣᠷᠣᠭᠤᠯᠤᠯᠲᠠ ᠪᠣᠯᠤᠨ ᠲᠥᠯᠥᠪᠯᠡᠭᠡ ᠪᠡᠨ ᠣᠨᠣᠪᠴᠢᠲᠠᠢ ᠬᠢᠵᠦ ᠴᠢᠳᠠᠨ᠎ᠠ᠃ 
ᠲᠠᠪᠤ ᠂ ᠵᠣᠬᠢᠶᠠᠨ ᠪᠠᠢᠭᠤᠯᠤᠯᠲᠠ 
ᠪᠢᠳᠡ ᠨᠢᠭᠡ ᠠᠵᠢᠯ ᠢ᠋ ᠬᠢᠬᠦ ᠶ᠋ᠢᠨ ᠤᠷᠢᠳᠠ ᠨᠠᠷᠢᠨ ᠲᠥᠯᠥᠪᠯᠡᠭᠰᠡᠨ ᠪᠠᠢᠵᠤ ᠰᠠᠢᠨ ᠬᠢᠵᠦ ᠴᠢᠳᠠᠳᠠᠭ ᠰᠢᠭ᠋᠂ ᠠᠵᠢᠯ ᠢ᠋ ᠪᠣᠳᠠᠲᠠᠢ ᠬᠢᠬᠦ ᠶᠠᠪᠤᠴᠠ ᠳ᠋ᠤ᠌ ᠵᠥᠪ ᠵᠣᠬᠢᠶᠠᠨ ᠪᠠᠢᠭᠤᠯᠤᠯᠲᠠ ᠲᠠᠢ ᠬᠢᠵᠦ ᠪᠠᠢᠵᠤ ᠠᠵᠢᠯ ᠢᠯᠡᠭᠦᠦ ᠤᠷᠤᠭᠰᠢᠲᠠᠢ ᠶᠠᠪᠤᠭᠳᠠᠵᠤ ᠴᠢᠳᠠᠨ᠎ᠠ᠃  ᠺᠣᠮᠫᠠᠨᠢ ᠳ᠋ᠤ᠌ ᠠᠪᠴᠤ ᠬᠡᠯᠡᠪᠡᠯ ᠬᠥᠮᠦᠰ ᠢ᠋ᠶ᠋ᠡᠨ ᠵᠥᠪ ᠵᠣᠬᠢᠶᠠᠨ ᠪᠠᠢᠭᠤᠯᠵᠤ ᠬᠤᠪᠢᠶᠠᠯᠠᠭᠰᠠᠨ ᠪᠠᠢᠵᠤ ᠠᠵᠢᠯ ᠢ᠋ ᠦᠷ᠎ᠡ ᠪᠦᠲᠦᠮᠵᠢ ᠲᠡᠢ ᠪᠣᠯᠭᠠᠳᠠᠭ᠃ ᠲᠡᠢᠮᠦ ᠡᠴᠡ ᠵᠣᠬᠢᠶᠠᠨ ᠪᠠᠢᠭᠤᠯᠤᠯᠲᠠ ᠭᠡᠳᠡᠭ ᠪᠣᠯ ᠠᠵᠢᠯ ᠤ᠋ᠨ ᠶᠠᠪᠤᠴᠠ ᠳ᠋ᠠᠬᠢ ᠵᠣᠬᠢᠴᠠᠭᠤᠯᠤᠯᠲᠠ ᠪᠣᠯᠤᠨ᠎ᠠ᠃ ᠪᠢᠳᠡᠨ ᠦ᠌ ᠠᠵᠢᠯ ᠢ᠋ᠶ᠋ᠠᠨ ᠬᠢᠷᠢ ᠰᠠᠢᠨ ᠵᠣᠬᠢᠴᠠᠭᠤᠯᠤᠭᠰᠠᠨ ᠠ᠋ᠴᠠ ᠠᠵᠢᠯ ᠢᠯᠡᠭᠦᠦ ᠡᠷᠴᠢᠲᠡᠢ ᠶᠠᠪᠤᠭᠳᠠᠵᠤ ᠂ ᠥᠨᠳᠥᠷ ᠦᠷ᠎ᠡ ᠠᠰᠢᠭ ᠲᠠᠢ ᠪᠣᠯᠵᠤ ᠴᠢᠳᠠᠨ᠎ᠠ᠃ 
ᠠᠵᠢᠯ ᠦᠢᠯᠡᠰ ᠢ᠋ ᠬᠢᠬᠦ ᠳ᠋ᠦ᠍ ᠪᠢᠳᠡ ᠥᠪᠡᠷ ᠢ᠋ ᠪᠡᠨ ᠰᠠᠢᠨ ᠣᠢᠯᠭᠠᠵᠤ᠂ ᠵᠠᠳᠠᠯᠵᠤ ᠰᠤᠷᠬᠤ ᠬᠡᠷᠡᠭᠲᠡᠢ᠃ ᠡᠭᠦᠨ ᠳ᠋ᠦ᠍ ᠰᠤᠳᠤᠯᠵᠤ ᠲᠥᠰᠥᠪᠯᠡᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠬᠥᠷᠥᠩᠭᠡ ᠲᠣᠭᠠᠴᠠᠭ᠎ᠠ ᠬᠢᠬᠦ᠂ ᠵᠣᠬᠢᠶᠠᠨ ᠪᠠᠢᠭᠤᠯᠤᠯᠲᠠ ᠶ᠋ᠢᠨ ᠠᠯᠢ ᠨᠢᠭᠡ ᠶ᠋ᠢ ᠨᠢ ᠴᠦ᠍ ᠣᠷᠬᠢᠭᠳᠠᠭᠤᠯᠵᠤ ᠪᠣᠯᠬᠤ ᠦᠭᠡᠢ᠃ ᠭᠡᠲᠡᠯ᠎ᠡ ᠪᠢᠳᠡ ᠡᠭᠦᠨ ᠳ᠋ᠦ᠍ ᠭᠣᠣᠯ ᠳᠡᠳ᠋ ᠢ᠋ ᠨᠢ ᠢᠯᠭᠠᠵᠤ ᠦᠵᠡᠬᠦ ᠨᠢ ᠵᠦᠢᠲᠡᠢ᠃ ᠡᠬᠢᠯᠡᠭᠡᠳ ᠠᠮᠵᠢᠯᠲᠠ ᠣᠯᠬᠤ ᠳ᠋ᠤ᠌ ᠬᠠᠮᠤᠭ ᠠᠴᠢ ᠬᠣᠯᠪᠣᠭᠳᠠᠯ ᠲᠠᠢ ᠪᠣᠷᠣᠯᠠᠭᠤᠯᠤᠯᠲᠠ ᠶ᠋ᠢ ᠲᠡᠷᠢᠭᠦᠨ ᠳ᠋ᠦ᠍ ᠲᠠᠯᠪᠢᠵᠤ᠂ ᠰᠤᠳᠤᠯᠵᠤ ᠲᠥᠰᠥᠪᠯᠡᠬᠦ ᠪᠣᠯᠤᠨ ᠦᠢᠯᠡᠳᠪᠦᠷᠢᠯᠡᠬᠦ ᠶ᠋ᠢ ᠳᠡᠳ᠋ ᠪᠠᠢᠷᠢᠨ ᠳ᠋ᠤ᠌ ᠣᠷᠣᠭᠤᠯᠵᠤ᠂ ᠬᠠᠷᠢᠨ ᠬᠥᠷᠥᠩᠭᠡ ᠲᠣᠭᠠᠴᠠᠭ᠎ᠠ ᠬᠢᠬᠦ ᠪᠣᠯᠤᠨ ᠵᠣᠬᠢᠶᠠᠨ ᠪᠠᠢᠭᠤᠯᠤᠯᠲᠠ ᠶ᠋ᠢ ᠰᠡᠭᠦᠯ ᠳ᠋ᠦ᠍ ᠨᠢ ᠠᠪᠴᠤ ᠦᠵᠡᠬᠦ ᠨᠢ ᠬᠠᠮᠤᠭ ᠤ᠋ᠨ ᠵᠥᠪ ᠵᠣᠬᠢᠰᠲᠠᠢ ᠪᠠᠢᠳᠠᠭ᠃

    ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ