ᠲᠠᠤᠯᠠᠢ ᠶ᠋ᠢᠨ ᠲᠠᠩᠨᠠᠢТуулайн дэгнийTuulain degnii ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠠᠤᠯᠠᠢ ᠶ᠋ᠢᠨ ᠲᠠᠩᠨᠠᠢТуулайн дэгнийTuulain degnii

ᠲᠠᠤᠯᠠᠢ ᠶ᠋ᠢᠨ ᠲᠠᠩᠨᠠᠢТуулайн дэгнийTuulain degnii

2025-08-20

149

ᠲᠠᠤᠯᠠᠢ ᠶ᠋ᠢᠨ ᠲᠠᠩᠨᠠᠢ

   ᠲᠤᠰ ᠡᠮ ᠪᠣᠯ ᠴᠠᠩᠬᠤᠢ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠡᠯᠡᠲᠦ ᠲᠠᠤᠯᠠᠢ ᠶ᠋ᠢᠨ ᠲᠠᠩᠨᠠᠢ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠷᠤᠯᠤᠰᠠᠽᠢᠨ᠂ ᠭᠠᠯᠠᠭᠤᠨ ᠰᠠᠪᠠᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠮᠢᠬᠠᠯᠢᠭ ᠦᠨᠳᠦᠰᠦ ᠲᠡᠢ᠂ ᠡᠭᠡᠷᠡᠦᠯ ᠬᠡᠯᠪᠡᠷᠢ ᠲᠡᠢ᠃ ᠮᠥᠯᠬᠥᠭᠡ ᠡᠰᠢ ᠨᠢ ᠨᠠᠷᠢᠨ ᠤᠷᠲᠤ᠂ ᠦᠶ᠎ᠡ ᠡᠴᠡ ᠨᠢ ᠦᠨᠳᠦᠰᠦ ᠭᠠᠷᠤᠨ᠎ᠠ᠂ ᠤᠷᠲᠤ ᠵᠥᠭᠡᠯᠡᠨ ᠦᠰᠦ ᠲᠡᠢ᠃ ᠡᠰᠢᠨ ᠳ᠋ᠡᠬᠢ ᠨᠠᠪᠴᠢ ᠨᠢ ᠥᠳᠥᠯᠢᠭ ᠨᠡᠢᠯᠡᠮᠡᠯ ᠨᠠᠪᠴᠢ ᠲᠠᠢ᠂ ᠵᠢᠵᠢᠭ ᠨᠠᠪᠴᠢ ᠨᠢ3~12 ᠬᠣᠣᠰ᠂ ᠥᠨᠳᠡᠭᠡᠯᠵᠢᠨ ᠤᠷᠲᠤ ᠲᠣᠭᠣᠷᠢᠭ ᠪᠤᠶᠤ ᠵᠤᠤᠪᠠᠩ ᠬᠡᠯᠪᠡᠷᠢ ᠲᠡᠢ᠂1~3cm ᠤᠷᠲᠤ᠂0.6~1.5cm ᠥᠷᠭᠡᠨ᠂ ᠮᠤᠬᠤᠷ ᠲᠣᠭᠣᠷᠢᠭ ᠣᠷᠣᠢ ᠲᠠᠢ᠂ ᠭᠦᠨ ᠬᠢᠷᠥᠭᠡᠨ ᠰᠢᠳᠦᠲᠦ ᠬᠥᠪᠡᠭᠡ ᠲᠡᠢ᠂ ᠠᠷᠤ ᠳ᠋ᠤᠨᠢ ᠨᠢᠭ᠋ ᠴᠠᠭᠠᠨ ᠬᠥᠪᠥᠩ ᠦᠰᠦ ᠲᠡᠢ᠃ ᠲᠣᠰᠬᠣᠭᠤᠷ ᠨᠠᠪᠴᠢ ᠨᠢ ᠬᠠᠯᠢᠰᠤᠯᠢᠭ᠂ ᠡᠰᠢᠨ ᠳ᠋ᠡᠬᠢ ᠵᠢᠵᠢᠭ ᠨᠠᠪᠴᠢ ᠨᠢ ᠲᠤᠩ ᠴᠥᠭᠡᠨ᠃ ᠴᠡᠴᠡᠭ ᠨᠢ ᠮᠥᠯᠬᠥᠭᠡ ᠡᠰᠢ ᠶ᠋ᠢᠨ ᠨᠠᠪᠴᠢᠨ ᠥᠪᠥᠷ ᠲᠦ᠍ ᠳᠡᠯᠭᠡᠷᠡᠨ᠎ᠡ᠂ ᠴᠡᠴᠡᠭ ᠦ᠋ᠨ ᠪᠠᠷᠢᠭᠤᠯ ᠨᠢ1~7cm ᠤᠷᠲᠤ᠂ ᠤᠷᠲᠤ ᠵᠥᠭᠡᠯᠡᠨ ᠦᠰᠦ ᠲᠡᠢ᠂ ᠴᠡᠴᠡᠭ ᠨᠢ ᠰᠢᠷ᠎ᠠ ᠥᠩᠭᠡ ᠲᠡᠢ᠂ ᠳ᠋ᠢᠶᠠᠮᠧᠲ᠋ᠷ ᠨᠢ1~1.8cm᠃ ᠲᠤᠷᠠᠩᠬᠠᠢ ᠵᠢᠮᠢᠰ ᠨᠢ ᠥᠨᠳᠡᠭᠡᠯᠵᠢᠨ ᠬᠡᠯᠪᠡᠷᠢ ᠲᠡᠢ᠂ ᠠᠷᠤ ᠳ᠋ᠤᠨᠢ ᠬᠣᠪᠢᠯ ᠲᠠᠢ᠃5~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠣᠣᠯ ᠭᠣᠷᠣᠬ᠎ᠠ ᠶ᠋ᠢᠨ ᠬᠥᠪᠡᠭᠡ ᠪᠠ ᠴᠢᠭᠢᠭᠯᠢᠭ ᠪᠡᠯᠴᠢᠭᠡᠷ ᠲᠦ᠍ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠂ ᠪᠠᠷᠠᠭᠤᠨ ᠡᠮᠦᠨᠡᠲᠦ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠴᠡᠴᠡᠭᠯᠡᠭᠰᠡᠨ ᠦᠶ᠎ᠡ ᠳ᠋ᠦ᠍ᠨᠢ ᠲᠡᠭᠦᠵᠦ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ;ᠪᠦᠯᠢᠶᠡᠨ ᠴᠢᠨᠠᠷ ᠲᠠᠢ; ᠮᠣᠬᠣᠳᠠᠭ᠂ ᠬᠦᠯᠪᠡᠷᠢᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤ ᠶ᠋ᠢ ᠵᠣᠭᠰᠣᠭᠠᠬᠤ᠂ ᠰᠠᠭᠤᠯᠭᠠᠬᠤ ᠶ᠋ᠢ ᠵᠣᠭᠰᠣᠭᠠᠬᠤ᠂ ᠬᠡᠢ ᠰᠢᠷ᠎ᠠ ᠶ᠋ᠢ ᠳᠠᠷᠤᠬᠤ᠂ ᠰᠢᠷ᠎ᠠ ᠤᠰᠤ ᠶ᠋ᠢ ᠬᠠᠲᠠᠭᠠᠬᠤ ᠴᠢᠳᠠᠯ ᠲᠠᠢ᠃ ᠭᠣᠣᠯᠳᠠᠭᠤ ᠡᠯ᠎ᠡ ᠵᠦᠢᠯ ᠦ᠋ᠨ ᠴᠢᠰᠤ ᠭᠠᠷᠬᠤ᠂ ᠨᠢᠶᠠᠨ ᠭᠡᠳᠡᠰᠦᠨ ᠬᠠᠳᠬᠤᠯᠭ᠎ᠠ᠂ ᠦᠶ᠎ᠡ ᠭᠡᠰᠢᠭᠦᠨ ᠦ᠌ ᠰᠢᠷ᠎ᠠ ᠤᠰᠤᠨ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄蕨麻 鹅绒委陵菜
   ᠠᠩᠭ᠌ᠯᠢ ᠨᠡᠷ᠎ᠡ᠄potentilla anserina L.

   ᠦᠰᠦᠭ ᠠᠮᠢᠯᠠᠭᠤᠯᠤᠭᠴᠢ᠄ ᠲᠣᠣᠬᠣᠸᠠᠷ
   ᠬᠢᠨᠠᠭᠴᠢ᠄ ᠲᠤᠶᠠᠭ᠎ᠠ ᠴᠡᠪᠡᠷᠴᠡᠴᠡᠭ