ᠥᠷᠲᠡᠭ ᠦ᠋ᠨ ᠬᠡᠯᠬᠢᠶᠡᠰᠦ-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠮᠣᠩᠭᠣᠯᠴᠤᠳ ᠤ᠋ᠨ ᠬᠤᠪᠢ ᠳ᠋ᠤ᠌ ᠮᠠᠯ ᠠᠵᠤ ᠠᠬᠤᠢ ᠪᠣᠯ ᠰᠠᠯᠤᠰᠢ ᠦᠭᠡᠢ ᠬᠣᠯᠪᠣᠭ᠎ᠠ ᠲᠠᠢ ᠵᠦᠢᠯ᠃ ᠤᠴᠢᠷ ᠨᠢ ᠦᠶ᠎ᠡ ᠶ᠋ᠢᠨ ᠦᠶ᠎ᠡ ᠡᠨᠡᠬᠦ ᠠᠵᠤ ᠠᠬᠤᠢ ᠶ᠋ᠢ ᠡᠷᠬᠢᠯᠡᠬᠦ ᠳ᠋ᠡᠭᠡᠨ ᠬᠡᠨ ᠢ᠋ᠶ᠋ᠡᠷ ᠴᠦ᠍ ᠰᠣᠩᠭᠣᠯᠭᠠ ᠦᠭᠡᠢ᠂ ᠥᠪᠡᠷ ᠢ᠋ᠶ᠋ᠡᠨ ᠴᠦ᠍ ᠰᠣᠩᠭᠣᠭᠰᠠᠨ ᠦᠭᠡᠢ᠃ ᠬᠠᠷᠢᠨ ᠣᠷᠣᠰᠢᠨ ᠪᠠᠢᠭ᠎ᠠ ᠪᠠᠢᠭᠠᠯᠢ ᠣᠷᠴᠢᠨ᠂ ᠠᠮᠢᠳᠤᠷᠠᠯ ᠤ᠋ᠨ ᠠᠷᠭ᠎ᠠ ᠲᠤᠷᠰᠢᠯᠭ᠎ᠠ ᠨᠢ ᠮᠠᠯ ᠠᠵᠤ ᠠᠬᠤᠢ ᠲᠠᠢ ᠠᠮᠢᠨ ᠬᠣᠯᠪᠣᠭ᠎ᠠ ᠲᠠᠢ ᠪᠣᠯᠭᠠᠵᠤ ᠣᠷᠬᠢᠭᠰᠠᠨ ᠪᠢᠯᠡ᠃ ᠡᠢᠮᠦ ᠴᠦ᠍ ᠤᠴᠢᠷ ᠠ᠋ᠴᠠ ᠪᠢᠳᠡᠨ ᠦ᠌ ᠬᠤᠪᠢ ᠳ᠋ᠤ᠌ ᠣᠳᠣᠬᠢ ᠵᠠᠬ᠎ᠠ ᠵᠡᠭᠡᠯᠢ ᠶ᠋ᠢᠨ ᠠᠵᠤ ᠠᠬᠤᠢ ᠶ᠋ᠢᠨ ᠳᠠᠭᠠᠷᠢᠯᠲᠠ᠂ ᠪᠠᠢᠭᠠᠯᠢ ᠣᠷᠴᠢᠨ ᠤ᠋ ᠮᠠᠭᠤᠳᠠᠯᠲᠠ ᠵᠢᠴᠢ ᠠᠵᠤ ᠠᠬᠤᠢ ᠶ᠋ᠢᠨ ᠪᠦᠲᠦᠴᠡ ᠶ᠋ᠢᠨ ᠬᠤᠪᠢᠷᠠᠯᠲᠠ ᠶ᠋ᠢᠨ ᠡᠮᠦᠨ᠎ᠡ᠂ ᠮᠠᠯ ᠠᠵᠤ ᠠᠬᠤᠢ ᠪᠠᠨ ᠣᠷᠬᠢᠬᠤ ᠠ᠋ᠴᠠ ᠢᠯᠡᠭᠦᠦ ᠲᠡᠭᠦᠨ ᠢ᠋ ᠪᠡᠨ ᠬᠡᠷᠬᠢᠨ ᠣᠳᠣᠬᠢ ᠪᠠᠢᠳᠠᠯ ᠤ᠋ᠨ ᠬᠤᠪᠢᠷᠠᠯᠲᠠ ᠳ᠋ᠤ᠌ ᠵᠣᠬᠢᠴᠠᠭᠤᠯᠵᠤ ᠠᠪᠴᠤ ᠶᠠᠪᠤᠬᠤ ᠶ᠋ᠢ ᠰᠤᠳᠤᠯᠬᠤ ᠱᠠᠭᠠᠷᠳᠠᠯᠭ᠎ᠠ ᠲᠠᠢ ᠪᠣᠯᠪᠠ᠃
ᠥᠪᠡᠷ ᠢ᠋ᠶ᠋ᠡᠨ ᠬᠥᠳᠡᠭᠡ ᠮᠠᠯᠴᠢᠨ ᠤ᠋ ᠭᠡᠷ ᠲᠦ᠍ ᠥᠰᠴᠦ ᠰᠤᠷᠭᠠᠭᠤᠯᠢ ᠰᠣᠶᠣᠯ ᠤ᠋ᠨ ᠮᠥᠷ ᠢ᠋ ᠬᠥᠭᠡᠭᠡᠨ᠂ ᠡᠨᠡ ᠪᠦᠬᠦ ᠬᠤᠪᠢᠷᠠᠯᠲᠠ ᠶ᠋ᠢ ᠨᠢᠳᠦ ᠪᠡᠷ ᠬᠠᠷᠠᠵᠤ᠂ ᠰᠡᠳᠬᠢᠯ ᠢ᠋ᠶ᠋ᠡᠷ ᠢ᠋ᠶ᠋ᠡᠨ ᠮᠡᠳᠡᠷᠡᠵᠦ ᠶᠠᠪᠤᠭᠰᠠᠨ ᠬᠥᠮᠦᠨ ᠦ᠌ ᠬᠤᠪᠢ ᠳ᠋ᠤ᠌᠂ ᠮᠠᠯ ᠠᠵᠤ ᠠᠬᠤᠢ ᠶ᠋ᠢ ᠰᠢᠨ᠎ᠡ ᠣᠷᠴᠢᠨ ᠪᠠᠢᠳᠠᠯ ᠳ᠋ᠤ᠌ ᠬᠥᠭᠵᠢᠭᠦᠯᠬᠦ ᠶ᠋ᠢ ᠡᠷᠢᠨ ᠰᠦᠪᠡᠭᠴᠢᠯᠡᠭᠰᠡᠭᠡᠷ ᠢᠷᠡᠭᠰᠡᠨ ᠪᠢᠯᠡ᠃ ᠬᠡᠳᠦᠢᠪᠡᠷ ᠪᠢ ᠶᠡᠬᠡ ᠰᠤᠷᠭᠠᠭᠤᠯᠢ ᠪᠠᠨ ᠲᠡᠭᠦᠰᠦᠩᠭᠦᠲᠡ ᠶᠠᠫᠣᠨ ᠤᠯᠤᠰ ᠬᠦᠷᠴᠦ ᠠᠰᠫᠢᠷᠠᠨᠲ᠂ ᠳ᠋ᠣᠺᠲ᠋ᠣᠷ ᠦᠵᠡᠵᠦ ᠪᠠᠢᠭᠰᠠᠨ ᠴᠤ᠌ ᠨᠤᠲᠤᠭ ᠤᠰᠤᠨ ᠤ᠋ ᠪᠠᠨ ᠪᠠᠢᠳᠠᠯ ᠳᠤ ᠰᠠᠨᠠᠭ᠎ᠠ ᠲᠠᠯᠪᠢᠵᠤ᠂ ᠮᠠᠯ ᠠᠵᠤ ᠠᠬᠤᠢ ᠶ᠋ᠢ ᠠᠪᠤᠷᠠᠬᠤ ᠶ᠋ᠢᠨ ᠭᠣᠣᠯ ᠦᠨᠳᠦᠰᠦ ᠨᠢ ᠪᠠᠢᠭᠠᠯᠢ ᠣᠷᠴᠢᠨ ᠢ᠋ᠶ᠋ᠠᠨ ᠰᠠᠢᠵᠢᠷᠠᠭᠤᠯᠬᠤ ᠭᠡᠮᠡᠨ ᠪᠣᠳᠣᠵᠤ᠂ 2008 ᠣᠨ ᠠ᠋ᠴᠠ ᠡᠬᠢᠯᠡᠨ ᠨᠤᠲᠤᠭ ᠲᠠᠭᠠᠨ ᠮᠣᠳᠣ ᠲᠠᠷᠢᠵᠤ ᠨᠣᠭᠣᠭᠠᠷᠠᠭᠤᠯᠬᠤ ᠠᠵᠢᠯ ᠢ᠋ ᠡᠬᠢᠯᠡᠭᠦᠯᠦᠭᠰᠡᠨ ᠪᠠᠢᠳᠠᠭ᠃ ᠡᠨᠡ ᠠᠵᠢᠯ ᠮᠠᠨᠢ ᠲᠤᠬᠠᠢ ᠶ᠋ᠢᠨ ᠦᠶ᠎ᠡ ᠳ᠋ᠡᠭᠡᠨ ᠵᠣᠬᠢᠬᠤ ᠬᠡᠮᠵᠢᠶᠡᠨ ᠳ᠋ᠦ᠍ ᠨᠣᠭᠣᠭᠠᠷᠠᠭᠤᠯᠵᠤ ᠴᠢᠳᠠᠠᠭᠰᠠᠨ ᠴᠤ᠌ ᠪᠦᠬᠦᠢᠯᠡ ᠮᠠᠯ ᠠᠵᠤ ᠠᠬᠤᠢ ᠂ ᠪᠠᠢᠭᠠᠯᠢ ᠣᠷᠴᠢᠨ ᠢ᠋ ᠠᠪᠤᠷᠠᠬᠤ ᠳ᠋ᠤ᠌ ᠰᠢᠭᠤᠳ ᠲᠤᠰᠠ ᠳᠠᠮ ᠪᠣᠯᠵᠤ ᠴᠢᠳᠠᠭᠰᠠᠨ ᠦᠭᠡᠢ᠃ ᠬᠠᠷᠢᠨ ᠡᠭᠦᠨ ᠢ᠋ ᠬᠢᠬᠦ ᠶᠠᠪᠤᠴᠠ ᠳ᠋ᠤ᠌ ᠮᠠᠨ ᠤ᠋ ᠮᠠᠯ ᠠᠵᠤ ᠠᠬᠤᠢ ᠶ᠋ᠢᠨ ᠬᠥᠭᠵᠢᠯᠲᠡ ᠶ᠋ᠢᠨ ᠪᠠᠭᠤᠷᠠᠢ ᠪᠠᠢᠭ᠎ᠠ ᠨᠢ ᠪᠠᠢᠭᠠᠯᠢ ᠣᠷᠴᠢᠨ᠂ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠯᠥᠭᠡ ᠡᠴᠡ ᠢᠯᠡᠭᠦᠦ ᠪᠢᠳᠡᠨ ᠦ᠌ ᠬᠤᠪᠢ ᠪᠡᠶ᠎ᠡ ᠪᠣᠯᠤᠨ ᠤᠯᠠᠮᠵᠢᠯᠠᠯᠲᠤ ᠮᠠᠯ ᠠᠵᠤ ᠠᠬᠤᠢ ᠶ᠋ᠢᠨ ᠪᠦᠲᠦᠴᠡ ᠳ᠋ᠦ᠍ ᠪᠠᠢᠭ᠎ᠠ ᠭᠡᠳᠡᠭ ᠢ᠋ ᠰᠡᠷᠡᠵᠦ ᠮᠡᠳᠡᠭᠰᠡᠨ᠃ ᠲᠡᠢᠮᠦ ᠡᠴᠡ ᠡᠭᠦᠨ ᠢ᠋ ᠥᠭᠡᠷᠡᠴᠢᠯᠡᠬᠦ ᠳ᠋ᠦ᠍ ᠡᠬᠢᠯᠡᠭᠡᠳ ᠪᠢᠳᠡ ᠬᠤᠪᠢ ᠪᠡᠶ᠎ᠡ ᠶ᠋ᠢᠨ ᠢ᠋ᠶ᠋ᠠᠨ ᠦᠵᠡᠯ ᠤᠬᠠᠮᠰᠠᠷ᠂ ᠮᠠᠯᠵᠢᠬᠤ ᠠᠷᠭ᠎ᠠ ᠬᠡᠯᠪᠡᠷᠢ ᠪᠡᠨ ᠬᠤᠪᠢᠷᠠᠭᠠᠬᠤ ᠬᠡᠷᠡᠭᠲᠡᠢ᠃ ᠢᠩᠭᠢᠵᠦ ᠪᠠᠢᠵᠤ ᠪᠢᠳᠡ ᠵᠠᠬ᠎ᠠ ᠳᠡᠯᠭᠡᠭᠦᠷ ᠦ᠋ᠨ ᠠᠵᠤ ᠠᠬᠤᠢ ᠂ ᠪᠠᠢᠭᠠᠯᠢ ᠣᠷᠴᠢᠨ ᠤ᠋ ᠪᠠᠨ ᠬᠤᠪᠢᠷᠠᠯᠲᠠ ᠲᠠᠢ ᠵᠣᠬᠢᠴᠠᠵᠤ ᠴᠢᠳᠠᠬᠤ ᠪᠠᠷ ᠦᠯᠦ ᠪᠠᠷᠠᠨ᠂ ᠳᠠᠪᠠᠭᠤᠯᠢᠭ ᠢ᠋ᠶ᠋ᠠᠨ ᠠᠰᠢᠭᠯᠠᠨ ᠮᠠᠯ ᠠᠵᠤ ᠠᠬᠤᠢ ᠠ᠋ᠴᠠ ᠪᠠᠨ ᠥᠨᠳᠥᠷ ᠦᠷ᠎ᠡ ᠠᠰᠢᠭ ᠣᠯᠵᠤ ᠴᠢᠳᠠᠨ᠎ᠠ᠃ ᠮᠢᠨᠦ ᠡᠨᠡᠬᠦ ᠠᠵᠢᠯ ᠤ᠋ᠨ ᠭᠠᠷᠤᠭ᠎ᠠ «ᠬᠣᠨᠢᠴᠢᠨ» ᠺᠣᠮᠫᠠᠨᠢ ᠶ᠋ᠢ ᠪᠠᠢᠭᠤᠯᠬᠤ ᠠ᠋ᠴᠠ ᠵᠢᠩᠬᠢᠨᠢ ᠪᠡᠷ ᠡᠬᠢᠯᠡᠭᠰᠡᠨ ᠪᠢᠯᠡ᠃
ᠤᠷᠲᠤ ᠤᠳᠠᠭᠠᠨ ᠦᠢᠯᠡᠳᠪᠦᠷᠢᠯᠡᠯ ᠦ᠋ᠨ ᠢ᠋ᠶ᠋ᠡᠨ ᠶᠠᠪᠤᠴᠠ ᠳ᠋ᠤ᠌ ᠮᠠᠯ ᠠᠵᠤ ᠠᠬᠤᠢ ᠦᠨ᠎ᠡ ᠬᠠᠩᠰᠢ᠂ ᠬᠠᠩᠭᠠᠯᠭ᠎ᠠ ᠬᠡᠷᠡᠭᠴᠡᠭᠡᠨ ᠦ᠌ ᠬᠤᠪᠢ ᠳ᠋ᠤ᠌ ᠪᠦᠭᠦᠳᠡ ᠥᠪᠡᠷ ᠦ᠋ᠨ ᠭᠡᠰᠡᠨ ᠪᠠᠢᠷᠢ ᠰᠠᠭᠤᠷᠢ ᠪᠠᠢᠬᠤ ᠦᠭᠡᠢ᠂ ᠥᠪᠡᠷ ᠦ᠋ᠨ ᠬᠢᠨᠢ ᠣᠷᠣᠭᠤᠯᠤᠭᠰᠠᠨ ᠥᠷᠲᠡᠭ ᠢ᠋ ᠳᠠᠭᠠᠵᠤ ᠦᠨ᠎ᠡ ᠨᠡᠮᠡᠭᠳᠡᠳᠡᠭ ᠦᠭᠡᠢ᠂ ᠬᠠᠷᠢᠨ ᠪᠤᠰᠤᠳ ᠤ᠋ᠨ ᠲᠣᠭᠲᠠᠭᠠᠭᠰᠠᠨ ᠦᠨ᠎ᠡ ᠪᠡᠷ ᠯᠠ ᠪᠣᠷ ᠣᠯᠠᠭᠤᠯᠳᠠᠭ ᠪᠠᠢᠭᠰᠠᠨ᠃ ᠳᠡᠭᠡᠷ᠎ᠡ ᠨᠢ ᠪᠠᠢᠭᠠᠯᠢ ᠣᠷᠴᠢᠨ ᠤ᠋ ᠬᠤᠪᠢᠷᠠᠯᠲᠠ ᠶ᠋ᠢ ᠳᠠᠭᠠᠭᠠᠳ᠂ ᠪᠡᠯᠴᠢᠭᠡᠷ ᠦ᠋ᠨ ᠭᠠᠷᠤᠯᠲᠠ ᠪᠠᠭᠠᠰᠴᠤ᠂ ᠡᠪᠡᠰᠦ ᠲᠡᠵᠢᠭᠡᠯ ᠦ᠋ᠨ ᠰᠢᠮ᠎ᠡ ᠲᠡᠵᠢᠭᠡᠯ ᠪᠠᠭᠤᠷᠠᠭᠰᠠᠨ ᠠ᠋ᠴᠠ ᠰᠢᠭᠤᠳ ᠮᠢᠬᠠᠨ ᠤ᠋ ᠴᠢᠨᠠᠷ ᠲᠤ᠌ ᠨᠥᠯᠥᠭᠡᠯᠡᠵᠦ ᠡᠬᠢᠯᠡᠪᠡ᠃ ᠥᠩᠭᠡᠷᠡᠭᠰᠡᠨ ᠵᠢᠯ ᠦ᠋ᠳ ᠴᠦ᠍ ᠬᠣᠨᠢᠨ ᠤ᠋ ᠦᠨ᠎ᠡ ᠶᠡᠬᠡᠬᠡᠨ ᠪᠠᠭᠤᠷᠴᠤ ᠪᠠᠢᠬᠤ ᠳ᠋ᠤ᠌ ᠮᠢᠬᠠᠨ ᠤ᠋ ᠦᠨ᠎ᠡ ᠲᠡᠳᠦᠢ ᠯᠡ ᠬᠤᠪᠢᠷᠠᠯᠲᠠ ᠦᠭᠡᠢ ᠪᠠᠢᠭᠰᠠᠨ ᠨᠢ ᠦᠨᠡᠨ ᠳ᠋ᠡᠭᠡᠨ ᠮᠠᠨ ᠤ᠋ ᠮᠠᠯ ᠠᠵᠤ ᠠᠬᠤᠢ ᠵᠠᠬ᠎ᠠ ᠳᠡᠯᠭᠡᠭᠦᠷ ᠲᠦ᠍ ᠣᠷᠣᠵᠢ᠃ ᠴᠢᠳᠠᠭ᠎ᠠ ᠦᠭᠡᠢ ᠪᠠᠢᠭᠰᠠᠨ ᠤ᠋ ᠰᠢᠯᠲᠠᠭᠠᠨ ᠶᠤᠮ᠃ ᠡᠨᠡ ᠪᠠᠢᠳᠠᠯ ᠢ᠋ ᠦᠨᠳᠦᠰᠦᠨ ᠡᠴᠡ ᠨᠢ ᠬᠤᠪᠢᠷᠠᠭᠤᠯᠤᠶ᠎ᠠ ᠭᠡᠪᠡᠯ ᠪᠢᠳᠡ ᠡᠪᠡᠰᠦ ᠲᠡᠵᠢᠭᠡᠯ᠂ ᠮᠠᠯ ᠤ᠋ᠨ ᠪᠦᠲᠦᠴᠡ᠂ ᠡᠭᠦᠯᠳᠡᠷ᠂ ᠭᠠᠷᠭᠠᠯᠲᠠ ᠭᠡᠳ ᠠᠯᠢ ᠣᠯᠠᠨ ᠭᠣᠭᠴᠣᠭ᠎ᠠ ᠶ᠋ᠢᠨ ᠵᠥᠪᠬᠡᠨ ᠠᠯᠢ ᠨᠢᠭᠡᠨ ᠢ᠋ ᠨᠢ ᠦᠭᠡᠷᠴᠢᠯᠡᠭᠡᠳ ᠪᠣᠯᠬᠤ ᠦᠭᠡᠢ᠂ ᠬᠠᠷᠢᠨ ᠥᠷᠲᠡᠭ ᠦ᠋ᠨ ᠬᠡᠯᠬᠢᠶᠡᠰᠦ ᠶ᠋ᠢ ᠪᠡᠶᠡᠯᠡᠭᠦᠯᠪᠡᠯ ᠰᠠᠶᠢ ᠮᠠᠯ ᠠᠵᠤ ᠠᠬᠤᠢ ᠠ᠋ᠴᠠ ᠵᠢᠩᠬᠢᠨᠢ ᠦᠷ᠎ᠡ ᠠᠰᠢᠭ ᠣᠯᠵᠤ ᠴᠢᠳᠠᠨ᠎ᠠ᠃
«ᠬᠣᠨᠢᠴᠢᠨ» ᠺᠣᠮᠫᠠᠨᠢ ᠮᠠᠯᠵᠢᠯ ᠤ᠋ᠨ ᠲᠠᠯᠠᠪᠠᠢ ᠡᠷᠬᠢᠯᠡᠨ ᠬᠣᠨᠢ ᠲᠡᠵᠢᠭᠡᠵᠦ᠂ ᠥᠪᠡᠷ ᠢ᠋ᠶ᠋ᠡᠨ ᠠᠯᠠᠵᠤ ᠨᠢᠳᠦᠯᠡᠨ᠂ ᠬᠣᠨᠢᠨ ᠮᠢᠬ᠎ᠠ ᠪᠠᠨ ᠪᠠᠩᠰᠢ ᠪᠤᠤᠵᠠ ᠪᠣᠯᠭᠠᠨ ᠦᠢᠯᠡᠳᠪᠦᠷᠢᠯᠡᠵᠦ᠂ ᠬᠠᠭᠠᠰ ᠪᠦᠲᠦᠭᠡᠭᠳᠡᠬᠦᠨ ᠦ᠌ ᠬᠡᠯᠪᠡᠷᠢ ᠪᠡᠷ ᠪᠣᠷᠣᠯᠠᠭᠤᠯᠬᠤ ᠵᠢᠴᠢ ᠨᠡᠩ ᠭᠦᠨᠵᠡᠭᠡᠢᠷᠡᠭᠦᠯᠦᠨ ᠬᠣᠭᠣᠯᠠᠨ ᠭᠡᠷ ᠨᠡᠭᠡᠭᠡᠵᠦ ᠰᠢᠭᠤᠳ ᠵᠣᠴᠢᠳ ᠲᠤ᠌ ᠬᠦᠷᠭᠡᠵᠦ ᠪᠠᠢᠭ᠎ᠠ ᠪᠣᠯ ᠨᠢᠭᠡ ᠶᠣᠰᠣᠨ ᠳ᠋ᠠᠭᠠᠨ ᠥᠷᠲᠡᠭ ᠦ᠋ᠨ ᠬᠡᠯᠬᠢᠶᠡᠰᠦ ᠶ᠋ᠢᠨ ᠪᠦᠷᠢᠨ ᠡᠷᠭᠢᠯᠲᠡ ᠶ᠋ᠢ ᠬᠢᠵᠦ ᠪᠠᠢᠭ᠎ᠠ ᠶᠠᠪᠤᠳᠠᠯ ᠪᠣᠯᠤᠨ᠎ᠠ᠃ ᠡᠨᠡ ᠶᠠᠪᠤᠴᠠ ᠳ᠋ᠤ᠌ ᠮᠠᠯᠵᠢᠯ ᠤ᠋ᠨ ᠲᠠᠯᠠᠪᠠᠢ ᠳᠡᠭᠡᠷ᠎ᠡ ᠤᠰᠤᠯᠠᠯᠲᠠ ᠶ᠋ᠢᠨ ᠡᠪᠡᠰᠦ ᠲᠠᠷᠢᠵᠤ ᠡᠬᠡ ᠬᠣᠨᠢᠳ ᠢ᠋ᠶ᠋ᠠᠨ ᠪᠡᠯᠴᠢᠭᠡᠷᠯᠡᠭᠦᠯᠵᠦ᠂ ᠪᠠᠢᠭᠠᠯᠢ ᠣᠷᠴᠢᠨ ᠤ᠋ ᠬᠤᠪᠢᠷᠠᠯᠲᠠ ᠳ᠋ᠤ᠌ ᠵᠣᠬᠢᠴᠠᠭᠤᠯᠬᠤ ᠠ᠋ᠴᠠ ᠭᠠᠳᠠᠨ᠎ᠠ ᠴᠠᠭ ᠲᠤᠬᠠᠢ ᠳ᠋ᠤᠨᠢ ᠬᠣᠨᠢᠨ ᠳ᠋ᠤ᠌ ᠱᠠᠭᠠᠷᠳᠠᠭᠳᠠᠬᠤ ᠰᠢᠮ᠎ᠡ ᠲᠡᠵᠢᠭᠡᠯ ᠢ᠋ ᠨᠥᠬᠥᠪᠥᠷᠢᠯᠡᠵᠦ᠂ ᠲᠠᠷᠭᠤ ᠬᠦᠴᠦ ᠶ᠋ᠢ ᠪᠠᠲᠤᠯᠠᠵᠤ ᠴᠢᠳᠠᠵᠠᠢ᠃ ᠮᠥᠨ ᠬᠤᠷᠠᠭ᠎ᠠ ᠪᠠᠨ ᠳᠥᠴᠢ ᠡᠴᠡ ᠳᠥᠴᠢᠨ ᠲᠠᠪᠤᠨ ᠡᠳᠦᠷ ᠲᠡᠵᠢᠭᠡᠵᠦ ᠪᠠᠷᠢᠮᠵᠢᠶᠠᠵᠢᠭᠰᠠᠨ ᠴᠢᠨᠠᠷ ᠲᠠᠢ ᠪᠠᠷ ᠵᠠᠬ᠎ᠠ ᠵᠡᠭᠡᠯᠢ ᠳ᠋ᠦ᠍ ᠭᠠᠷᠭᠠᠨ ᠡᠷᠭᠢᠯᠲᠡ ᠶ᠋ᠢ ᠪᠠᠲᠤᠯᠠᠵᠤ ᠂ ᠬᠢᠵᠢᠭ ᠢ᠋ ᠰᠡᠷᠭᠡᠢᠯᠡᠬᠦ ᠠᠵᠢᠯ ᠢ᠋ ᠰᠠᠢᠲᠤᠷ ᠬᠢᠵᠦ ᠴᠢᠳᠠᠭᠰᠠᠨ ᠢ᠋ᠶ᠋ᠠᠷ ᠵᠢᠯ ᠦ᠋ᠨ ᠳᠥᠷᠪᠡᠨ ᠤᠯᠠᠷᠢᠯ ᠳ᠋ᠤ᠌ ᠠᠳᠠᠯᠢᠬᠠᠨ ᠰᠠᠢᠨ ᠴᠢᠨᠠᠷ ᠤ᠋ᠨ ᠮᠢᠬ᠎ᠠ ᠭᠠᠷᠭᠠᠬᠤ ᠪᠣᠯᠤᠮᠵᠢ ᠲᠠᠢ ᠪᠣᠯᠵᠤ ᠂ ᠵᠠᠬ᠎ᠠ ᠵᠡᠭᠡᠯᠢ ᠳ᠋ᠦ᠍ ᠥᠷᠢᠰᠦᠯᠳᠦᠬᠦ ᠬᠦᠴᠦᠨ ᠲᠡᠢ ᠪᠣᠯᠵᠠᠢ᠃
ᠪᠢᠳᠡ ᠭᠠᠭᠴᠠ ᠰᠠᠢᠨ ᠴᠢᠨᠠᠷ ᠤ᠋ᠨ ᠮᠢᠬ᠎ᠠ ᠬᠠᠩᠭᠠᠵᠤ ᠴᠢᠳᠠᠭᠰᠠᠨ ᠢ᠋ᠶ᠋ᠠᠷ ᠵᠠᠬ᠎ᠠ ᠳᠡᠯᠭᠡᠭᠦᠷ ᠦ᠋ᠨ ᠤᠨᠠᠯᠲᠠ ᠬᠤᠪᠢᠷᠠᠯᠲᠠ ᠶ᠋ᠢ ᠰᠡᠷᠭᠡᠢᠯᠡᠵᠦ ᠴᠢᠳᠠᠨ᠎ᠠ ᠭᠡᠵᠦ ᠪᠠᠢᠬᠤ ᠦᠭᠡᠢ᠃ ᠡᠢᠮᠦ ᠡᠴᠡ ᠥᠷᠲᠡᠭ ᠦ᠋ᠨ ᠬᠡᠯᠬᠢᠶᠡᠰᠦ ᠶ᠋ᠢ ᠪᠦᠷᠢᠨ ᠬᠢᠵᠦ᠂ ᠵᠠᠬ᠎ᠠ ᠵᠡᠭᠡᠯᠢ ᠶ᠋ᠢᠨ ᠥᠷᠢᠰᠦᠯᠳᠦᠭᠡᠨ ᠳ᠋ᠦ᠍ ᠥᠪᠡᠷ ᠦ᠋ᠨ ᠬᠥᠯ ᠳᠡᠭᠡᠷ᠎ᠡ ᠪᠡᠨ ᠵᠣᠭᠰᠣᠬᠤ ᠬᠡᠷᠡᠭᠲᠡᠢ᠃ ᠪᠠᠩᠰᠢ ᠪᠤᠤᠵᠠ ᠬᠢᠭᠰᠡᠨ ᠪᠣᠯ ᠶᠠᠭ ᠡᠨᠡᠬᠦ ᠥᠷᠲᠡᠭ ᠦ᠋ᠨ ᠬᠡᠯᠬᠢᠶᠡᠰᠦ ᠶ᠋ᠢᠨ ᠦᠷᠭᠦᠯᠵᠢᠯᠡᠯ ᠪᠣᠯᠤᠨ᠎ᠠ᠃ ᠪᠢᠳᠡ ᠵᠠᠬ᠎ᠠ ᠳᠡᠯᠭᠡᠭᠦᠷ ᠲᠦ᠍ ᠪᠦᠲᠦᠭᠡᠭᠳᠡᠬᠦᠨ ᠪᠣᠯᠭᠠᠨ ᠬᠤᠳᠠᠯᠳᠤᠭᠰᠠᠨ ᠢ᠋ᠶ᠋ᠠᠷ ᠮᠢᠬᠠᠨ ᠤ᠋ ᠦᠨ᠎ᠡ ᠶ᠋ᠢᠨ ᠤᠨᠠᠯᠲᠠ ᠡᠴᠡ ᠵᠠᠢᠯᠠᠵᠤ ᠴᠢᠳᠠᠭᠰᠠᠨ ᠢ᠋ᠶ᠋ᠠᠷ ᠪᠠᠷᠠᠬᠤ ᠦᠭᠡᠢ᠂ ᠲᠦᠭᠦᠬᠡᠢ ᠮᠢᠬᠠᠨ ᠳ᠋ᠠᠭᠠᠨ ᠨᠡᠮᠡᠭᠦᠦ ᠥᠷᠲᠡᠭ ᠰᠢᠩᠭᠡᠵᠦ ᠢᠯᠡᠭᠦᠦ ᠥᠨᠳᠥᠷ ᠠᠰᠢᠭ ᠲᠠᠢ ᠠᠵᠢᠯᠯᠠᠵᠤ ᠴᠢᠳᠠᠭᠰᠠᠨ ᠪᠠᠢᠳᠠᠭ᠃ ᠥᠷᠲᠡᠭ ᠦ᠋ᠨ ᠬᠡᠯᠬᠢᠶᠡᠰᠦ ᠭᠡᠳᠡᠭ ᠪᠣᠯ ᠲᠦᠭᠦᠬᠡᠢ ᠮᠠᠲ᠋ᠧᠷᠢᠶᠠᠯ ᠢ᠋ᠶ᠋ᠠᠨ ᠪᠦᠲᠦᠭᠡᠭᠳᠡᠬᠦᠨ ᠪᠣᠯᠭᠠᠭᠠᠳ ᠯᠠ ᠵᠣᠭᠰᠣᠴᠢᠬᠠᠬᠤ ᠤᠴᠢᠷ ᠪᠢᠰᠢ᠂ ᠬᠠᠷᠢᠨ ᠰᠢᠭᠤᠳ ᠬᠡᠷᠡᠭᠯᠡᠭᠴᠢᠳ ᠦ᠋ᠨ ᠭᠠᠷ ᠲᠤ᠌ ᠬᠦᠷᠭᠡᠬᠦ ᠶ᠋ᠢ ᠬᠡᠯᠡᠵᠦ ᠪᠠᠢᠭ᠎ᠠ ᠶᠤᠮ᠃ ᠡᠢᠮᠦ ᠡᠴᠡ ᠮᠠᠨᠤᠰ ᠪᠠᠩᠰᠢ ᠪᠤᠤᠵᠠ ᠬᠢᠭᠰᠡᠨ ᠢ᠋ᠶ᠋ᠡᠷ ᠥᠷᠲᠡᠭ ᠦ᠋ᠨ ᠬᠡᠯᠬᠢᠶᠡᠰᠦ ᠶ᠋ᠢ ᠪᠡᠶᠡᠯᠡᠭᠦᠯᠦᠭᠰᠡᠨ ᠪᠢᠰᠢ᠂ ᠡᠭᠦᠨ ᠢ᠋ ᠤᠯᠠᠮ ᠨᠢᠭᠡ ᠠᠯᠬᠤᠮ ᠭᠦᠨᠵᠡᠭᠡᠢᠷᠡᠭᠦᠯᠵᠦ ᠬᠡᠷᠡᠭᠯᠡᠭᠴᠢᠳ ᠲᠦ᠍ ᠰᠢᠭᠤᠳ ᠬᠦᠷᠭᠡᠬᠦ ᠴᠢᠬᠤᠯᠠ ᠲᠠᠢ᠃ ᠢᠩᠭᠢᠭᠡᠳ ᠪᠢᠳᠡ ᠠᠩᠬᠠᠨ ᠤ᠋ ᠬᠣᠭᠣᠯᠠᠨ ᠭᠡᠷ ᠢ᠋ᠶ᠋ᠡᠨ ᠬᠢᠭᠰᠡᠨ ᠪᠠᠢᠳᠠᠭ᠃ ᠡᠨᠡ ᠪᠦᠭᠦᠳᠡ ᠶ᠋ᠢ ᠭᠠᠳᠠᠨ᠎ᠠ ᠠ᠋ᠴᠠ ᠨᠢ ᠬᠠᠷᠠᠬᠤ ᠳ᠋ᠤ᠌ ᠬᠡᠨ ᠴᠦ᠍ ᠬᠢᠵᠦ ᠪᠣᠯᠬᠤ ᠳᠥᠬᠥᠮᠬᠡᠨ ᠵᠦᠢᠯ ᠪᠣᠯᠪᠠᠴᠤ ᠠᠵᠤ ᠠᠬᠤᠢ ᠶ᠋ᠢᠨ ᠵᠢᠮ᠎ᠡ ᠶᠣᠰᠣ᠂ ᠵᠠᠬ᠎ᠠ ᠳᠡᠯᠭᠡᠭᠦᠷ ᠦ᠋ᠨ ᠬᠤᠪᠢᠷᠠᠯᠲᠠ᠂ ᠪᠠᠢᠭᠠᠯᠢ ᠣᠷᠴᠢᠨ ᠤ᠋ ᠮᠠᠭᠤᠳᠠᠯᠲᠠ ᠲᠠᠢ ᠪᠦᠷᠢᠨ ᠨᠡᠢᠴᠡᠭᠰᠡᠨ ᠮᠠᠯ ᠠᠵᠤ ᠶ᠋ᠢᠨ ᠭᠠᠷᠬᠤ ᠵᠠᠮ ᠪᠣᠯᠬᠤ ᠶᠤᠮ᠃ ᠶᠠᠭᠠᠬᠢᠭᠠᠳ ᠭᠡᠪᠡᠯ «ᠬᠣᠨᠢᠴᠢᠨ» ᠺᠣᠮᠫᠠᠨᠢ ᠶ᠋ᠢᠨ ᠭᠤᠷᠪᠠᠨ ᠵᠢᠯ ᠭᠠᠷᠤᠢ ᠶ᠋ᠢᠨ ᠬᠥᠭᠵᠢᠯᠲᠡ ᠡᠨᠡ ᠪᠦᠬᠦᠨ ᠢ᠋ ᠭᠡᠷᠡᠴᠢᠯᠡᠵᠦ ᠪᠣᠢ᠃
ᠮᠠᠯ ᠠᠵᠤ ᠠᠬᠤᠢ ᠶ᠋ᠢᠨ ᠭᠠᠷᠬᠤ ᠵᠠᠮ ᠢ᠋ ᠡᠷᠢᠯᠬᠢᠯᠡᠬᠦ᠂ ᠥᠷᠲᠡᠭ ᠦ᠋ᠨ ᠬᠡᠯᠬᠢᠶᠡᠰᠦ ᠶ᠋ᠢ ᠪᠡᠶᠡᠯᠡᠭᠦᠯᠬᠦ ᠠᠵᠢᠯ ᠢ᠋ ᠭᠠᠭᠴᠠ ᠨᠢᠭᠡ ᠬᠥᠮᠦᠨ ᠦ᠌ ᠬᠢᠵᠦ ᠴᠢᠳᠠᠬᠤ ᠵᠦᠢᠯ ᠪᠢᠰᠢ ᠡᠭᠦᠨ ᠳ᠋ᠦ᠍ ᠮᠥᠷᠲᠡᠭᠡᠨ ᠭᠠᠭᠴᠠ ᠨᠢᠭᠡᠬᠡᠨ ᠬᠡᠯᠪᠡᠷᠢ ᠪᠠᠢᠳᠠᠭ ᠦᠭᠡᠢ ᠡᠢᠮᠦ ᠳ᠋ᠡᠭᠡᠨ ᠴᠦ᠍ «ᠬᠣᠨᠢᠴᠢᠨ» ᠺᠣᠮᠫᠠᠨᠢ ᠮᠠᠯᠴᠢᠳ᠂ ᠣᠶᠤᠲᠠᠳ ᠲᠠᠢ ᠬᠠᠮᠲᠤᠷᠠᠨ ᠬᠢᠵᠦ ᠢᠷᠡᠭᠰᠡᠨ ᠢ᠋ᠶ᠋ᠡᠷ ᠣᠳᠣ ᠶ᠋ᠢᠨ ᠠᠮᠵᠢᠯᠲᠠ ᠳ᠋ᠤ᠌ ᠬᠦᠷᠴᠦ ᠴᠢᠳᠠᠵᠠᠢ᠃ ᠡᠭᠦᠨ ᠢ᠋ᠶ᠋ᠡᠷ ᠴᠦ᠍ ᠵᠣᠭᠰᠣᠬᠤ ᠦᠭᠡᠢ ᠮᠠᠨ ᠤ᠋ ᠺᠣᠮᠫᠠᠨᠢ ᠲᠠᠪᠤᠨ ᠵᠢᠯ ᠦ᠋ᠨ ᠳᠠᠷᠠᠭ᠎ᠠ ᠭᠡᠬᠦ ᠳ᠋ᠦ᠍ ᠨᠢᠭᠡ ᠳ᠋ᠦᠩᠰᠢᠭᠤᠷ ᠤ᠋ᠨ ᠪᠣᠷᠣᠯᠠᠭᠤᠯᠤᠯᠲᠠ ᠶ᠋ᠢᠨ ᠣᠷᠣᠯᠭ᠎ᠠ ᠲᠠᠢ᠂ ᠵᠠᠭᠤᠨ ᠬᠤᠪᠢᠶᠠᠷᠢ ᠬᠣᠭᠣᠯᠠᠨ ᠭᠡᠷ ᠲᠡᠢ ᠪᠦᠯᠦᠭᠯᠡᠯ ᠪᠣᠯᠤᠨ ᠬᠥᠭᠵᠢᠬᠦ ᠪᠡᠷ ᠲᠣᠭᠲᠠᠭᠠᠭᠰᠠᠨ ᠪᠠᠢᠳᠠᠭ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
