ᠵᠣᠷᠢᠯᠲᠠ ᠪᠡᠨ ᠪᠡᠶᠡᠯᠡᠭᠦᠯᠬᠦ ᠳ᠋ᠦ᠍ ᠶᠠᠭᠤ ᠬᠢᠬᠦ ᠪᠣᠢ-ᠬᠣᠨᠢᠴᠢᠨ ᠦᠯᠵᠡᠢᠰᠦ᠋ᠷᠥᠩ ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠵᠣᠷᠢᠯᠲᠠ ᠪᠡᠨ ᠪᠡᠶᠡᠯᠡᠭᠦᠯᠬᠦ ᠳ᠋ᠦ᠍ ᠶᠠᠭᠤ ᠬᠢᠬᠦ ᠪᠣᠢ-ᠬᠣᠨᠢᠴᠢᠨ ᠦᠯᠵᠡᠢᠰᠦ᠋ᠷᠥᠩ

ᠵᠣᠷᠢᠯᠲᠠ ᠪᠡᠨ ᠪᠡᠶᠡᠯᠡᠭᠦᠯᠬᠦ ᠳ᠋ᠦ᠍ ᠶᠠᠭᠤ ᠬᠢᠬᠦ ᠪᠣᠢ-ᠬᠣᠨᠢᠴᠢᠨ ᠦᠯᠵᠡᠢᠰᠦ᠋ᠷᠥᠩ

ᠠᠩᠭᠢᠯᠠᠯ:ᠠᠵᠤ ᠠᠬᠤᠢ
2025-08-21

203

          ᠳ᠋ᠣᠺᠲ᠋ᠣᠷ ᠬᠣᠨᠢᠴᠢᠨ ᠦᠯᠵᠡᠢᠰᠦ᠋ᠷᠥᠩ 
       ᠬᠥᠮᠦᠨ ᠪᠦᠬᠦᠨ ᠶᠠᠭᠤ ᠨᠢᠭᠡ ᠶ᠋ᠢ ᠬᠢᠵᠦ ᠪᠦᠲᠦᠭᠡᠬᠦ ᠶ᠋ᠢ ᠬᠦᠰᠡᠳᠡᠭ᠂ ᠲᠡᠭᠦᠨ ᠦ᠌ ᠪᠡᠨ ᠲᠥᠯᠥᠭᠡ ᠴᠢᠷᠮᠠᠢᠵᠤ ᠪᠠᠢᠳᠠᠭ᠃ ᠡᠨᠡ ᠪᠦᠬᠦᠨ ᠢ᠋ ᠶᠡᠬᠡᠰᠬᠡᠵᠦ ᠬᠠᠷᠠᠬᠤ ᠶᠤᠮ ᠪᠣᠯ ᠪᠦᠭᠦᠳᠡ ᠯᠡ ᠡᠵᠡᠩᠨᠡᠯᠲᠡ ᠬᠢᠵᠦ ᠪᠠᠢᠭ᠎ᠠ ᠶᠠᠪᠤᠴᠠ ᠪᠣᠯᠬᠤ ᠶᠤᠮ᠃ ᠥᠭᠡᠷ᠎ᠡ ᠪᠡᠷ ᠬᠡᠯᠡᠪᠡᠯ ᠡᠵᠡᠩᠨᠡᠯᠲᠡ ᠪᠢᠳᠡᠨ ᠦ᠌ ᠬᠡᠨ ᠨᠢᠭᠡᠨ ᠦ᠌ ᠬᠢᠨᠢ ᠠᠵᠢᠯ ᠠᠮᠢᠳᠤᠷᠠᠯ ᠳ᠋ᠤ᠌ ᠴᠤ᠌ ᠨᠡᠪᠴᠢᠵᠦ ᠪᠠᠢᠨ᠎ᠠ᠃ ᠲᠡᠢᠮᠦ ᠡᠴᠡ ᠪᠢᠳᠡ ᠥᠪᠡᠷ ᠥᠪᠡᠷ ᠦ᠋ᠨ ᠡᠷᠬᠢᠯᠡᠭᠰᠡᠨ ᠠᠵᠢᠯ ᠦᠢᠯᠡᠰ ᠢ᠋ᠶ᠋ᠡᠨ ᠠᠪᠴᠤ ᠶᠠᠪᠤᠬᠤ ᠤᠬᠠᠭᠠᠨ ᠪᠣᠯ ᠳᠠᠷᠤᠢ ᠡᠵᠡᠩᠨᠡᠯᠲᠡ ᠪᠣᠯᠤᠨ ᠬᠠᠮᠢᠶᠠᠷᠤᠯᠲᠠ  ᠶ᠋ᠢᠨ ᠠᠵᠢᠯ ᠪᠣᠯᠤᠨ᠎ᠠ᠃
 ᠬᠥᠮᠦᠰ ᠦ᠋ᠨ ᠨᠥᠬᠥᠴᠡᠯ ᠪᠠᠢᠳᠠᠯ ᠠ᠋ᠴᠠ ᠰᠢᠯᠲᠠᠭᠠᠯᠠᠨ ᠰᠣᠩᠭᠣᠭᠰᠠᠨ ᠠᠵᠢᠯ ᠦᠢᠯᠡᠰ ᠨᠢ ᠥᠭᠡᠷ᠎ᠡ ᠥᠭᠡᠷ᠎ᠡ ᠪᠠᠢᠳᠠᠭ᠃ ᠭᠡᠬᠦ ᠳ᠋ᠡᠭᠡᠨ ᠪᠦᠷ ᠯᠡ ᠬᠢᠵᠦ ᠪᠠᠢᠭ᠎ᠠ ᠵᠦᠢᠯ ᠢ᠋ᠶ᠋ᠡᠨ ᠶᠠᠭᠠᠬᠢᠵᠤ ᠬᠢᠬᠦ᠂ ᠶᠠᠭᠤ ᠪᠣᠯᠭᠠᠬᠤ᠂ ᠶᠠᠭᠠᠬᠢᠵᠤ ᠬᠥᠭᠵᠢᠭᠦᠯᠵᠦ ᠶᠠᠮᠠᠷ ᠦᠷ᠎ᠡ ᠳ᠋ᠦᠩ᠂ ᠦᠷ᠎ᠡ ᠠᠰᠢᠭ ᠣᠯᠬᠤ ᠭᠡᠳ ᠨᠢᠭᠡᠨ ᠵᠣᠷᠢᠯᠲᠠ  ᠲᠠᠯᠪᠢᠭᠰᠠᠨ ᠪᠠᠢᠳᠠᠭ᠃ ᠲᠡᠭᠡᠪᠡᠯ ᠡᠵᠡᠩᠨᠡᠯᠲᠡ ᠶ᠋ᠢᠨ ᠦᠨᠳᠦᠰᠦᠨ ᠵᠣᠷᠢᠯᠲᠠ ᠨᠢ ᠶᠠᠭᠤ ᠪᠣᠢ? ᠡᠨᠡ ᠲᠤᠬᠠᠢ ᠠᠮᠧᠷᠢᠺᠠ ᠶ᠋ᠢᠨ ᠡᠵᠡᠩᠨᠡᠯᠲᠡ ᠶ᠋ᠢᠨ ᠤᠬᠠᠭᠠᠨᠲᠠᠨ ᠳ᠋ᠤᠷᠠᠺ «ᠡᠵᠡᠩᠨᠡᠯᠲᠡ ᠶ᠋ᠢᠨ ᠵᠣᠷᠢᠯᠲᠠ ᠪᠣᠯ ᠵᠣᠴᠢᠨ ᠡᠭᠦᠳᠬᠦ ᠶ᠋ᠢ ᠬᠡᠯᠡᠨ᠎ᠡ » ᠭᠡᠮᠡᠨ ᠥᠪᠡᠷ  ᠦ᠋ᠨ ᠰᠤᠳᠤᠯᠤᠯᠲᠠ ᠳ᠋ᠠᠭᠠᠨ ᠦᠨᠳᠦᠰᠦᠯᠡᠨ ᠳᠤᠷᠠᠳᠴᠤ ᠭᠠᠷᠭᠠᠭᠰᠠᠨ ᠪᠠᠢᠳᠠᠭ᠃ 
ᠡᠷᠬᠢᠯᠡᠭᠰᠡᠨ ᠠᠵᠢᠯ ᠦᠢᠯᠡᠰ ᠬᠡᠳᠦᠢ ᠲᠣᠮᠣ᠂ ᠬᠡᠳᠦᠢ ᠠᠭᠤᠤ ᠶᠡᠬᠡ ᠪᠠᠢᠭᠰᠠᠨ ᠴᠤ᠌ ᠲᠡᠭᠦᠨ ᠢ᠋ ᠪᠡᠨ ᠬᠥᠭᠵᠢᠭᠦᠯᠬᠦ ᠳ᠋ᠦ᠍ ᠠᠰᠢᠭ ᠣᠷᠣᠯᠭ᠎ᠠ ᠣᠯᠬᠤ ᠦᠭᠡᠢ ᠶᠦᠮ ᠪᠣᠯ ᠬᠡᠵᠢᠶᠡᠳᠡ ᠲᠠᠯᠪᠢᠭᠰᠠᠨ ᠵᠣᠷᠢᠯᠲᠠ ᠳ᠋ᠠᠭᠠᠨ ᠬᠦᠷᠴᠦ ᠴᠢᠳᠠᠬᠤ ᠦᠭᠡᠢ ᠶᠦᠮ᠃ ᠲᠡᠢᠮᠦ ᠡᠴᠡ ᠪᠢᠳᠡᠨ ᠦ᠌ ᠬᠢᠭᠰᠡᠨ ᠠᠵᠢᠯ ᠣᠢᠯᠡᠰ ᠡᠴᠡ ᠪᠡᠨ ᠠᠰᠢᠭ ᠣᠷᠣᠯᠭ᠎ᠠ ᠣᠯᠬᠤ ᠨᠢ ᠲᠠᠯᠪᠢᠭᠰᠠᠨ ᠵᠣᠷᠢᠯᠲᠠ ᠪᠠᠨ ᠪᠡᠶᠡᠯᠡᠭᠦᠯᠵᠦ᠂ ᠨᠡᠩ ᠥᠨᠳᠥᠷ ᠲᠦᠪᠰᠢᠨ ᠳ᠋ᠦ᠍ ᠠᠮᠵᠢᠯᠲᠠ ᠭᠠᠷᠭᠠᠬᠤ ᠶ᠋ᠢᠨ ᠲᠥᠯᠥᠭᠡ ᠪᠠᠢᠳᠠᠭ᠃ ᠲᠡᠢᠮᠦ ᠳ᠋ᠡᠭᠡᠨ ᠴᠤ᠌ ᠳ᠋ᠤᠷᠠᠺ ᠡᠵᠡᠩᠨᠡᠯᠲᠡ ᠶ᠋ᠢᠨ ᠵᠣᠷᠢᠯᠲᠠ ᠶ᠋ᠢ « ᠵᠣᠴᠢᠨ ᠡᠭᠦᠳᠬᠦ »  ᠭᠡᠮᠡᠨ ᠳ᠋ᠦᠩᠨᠡᠵᠤ᠌ ᠭᠠᠷᠭᠠᠭᠰᠠᠨ ᠪᠠᠢᠬᠤ᠃ 
ᠬᠥᠮᠦᠨ ᠦ᠌ ᠬᠢᠭᠰᠡᠨ ᠠᠵᠢᠯ ᠦᠢᠯᠡᠰ ᠶᠠᠮᠠᠷ ᠪᠠᠢᠭᠰᠠᠨ ᠴᠤ᠌ ᠲᠡᠭᠦᠨ ᠳ᠋ᠦ᠍ ᠵᠣᠴᠢᠨ ᠪᠠᠢᠬᠤ ᠦᠭᠡᠢ ᠪᠣᠯ ᠬᠢᠭᠰᠡᠨ ᠵᠦᠢᠯ ᠨᠢ ᠶᠠᠮᠠᠷ ᠴᠤ᠌ ᠬᠡᠷᠡᠭᠴᠡᠭᠡ ᠦᠭᠡᠢ ᠪᠣᠯᠵᠤ᠂ ᠠᠰᠢᠭ ᠣᠷᠣᠯᠭ᠎ᠠ ᠣᠯᠵᠤ ᠴᠢᠳᠠᠬᠤ ᠦᠭᠡᠢ᠃ ᠡᠢᠮᠦ ᠡᠴᠡ ᠪᠢᠳᠡ ᠬᠥᠮᠦᠨ ᠢᠷᠡᠵᠦ ᠠᠪᠬᠤ ᠶ᠋ᠢ ᠬᠦᠯᠢᠶᠡᠬᠦ ᠪᠢᠰᠢ᠂ ᠬᠠᠷᠢᠨ ᠵᠣᠴᠢᠨ ᠢ᠋ ᠵᠣᠷᠢᠯᠭ᠎ᠠ ᠲᠠᠢ ᠪᠠᠷ ᠡᠭᠦᠳᠬᠦ ᠬᠡᠷᠡᠭᠲᠡᠢ᠃ ᠢᠩᠭᠢᠵᠦ ᠪᠠᠢᠵᠤ ᠪᠢᠳᠡᠨ ᠦ᠌ ᠪᠠᠷᠠᠭ᠎ᠠ ᠪᠦᠲᠦᠭᠡᠭᠳᠡᠬᠦᠨ᠂ ᠦᠢᠯᠡᠴᠢᠯᠡᠭᠡ ᠬᠥᠮᠦᠰ ᠲᠦ᠍ ᠬᠡᠷᠡᠭᠯᠡᠭᠳᠡᠵᠦ ᠠᠰᠢᠭ ᠣᠷᠣᠯᠭ᠎ᠠ ᠣᠷᠣᠵᠤ ᠢᠷᠡᠨ᠎ᠡ᠃ ᠣᠳᠣᠬᠢ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠳ᠋ᠦ᠍ ᠥᠷᠢᠰᠦᠯᠳᠦᠭᠡᠨ ᠪᠣᠯ ᠣᠷᠣᠰᠢᠨ ᠲᠣᠭᠲᠠᠨᠢᠬᠤ ᠠᠷᠭ᠎ᠠ ᠵᠠᠮ ᠮᠥᠨ᠃ ᠪᠢᠳᠡᠨ ᠦ᠌ ᠡᠷᠬᠢᠯᠡᠭᠰᠡᠨ ᠠᠵᠢᠯ ᠦᠢᠯᠡᠰ ᠥᠷᠢᠰᠦᠯᠳᠦᠭᠡᠨ ᠳ᠋ᠦ᠍ ᠢᠯᠠᠵᠤ ᠴᠢᠳᠠᠵᠤ ᠪᠠᠢᠵᠤ ᠦᠷᠭᠦᠯᠵᠢᠯᠡᠨ ᠣᠷᠣᠰᠢᠨ ᠲᠣᠭᠲᠠᠨᠢᠵᠤ ᠴᠢᠳᠠᠨ᠎ᠠ᠃ ᠪᠢᠳᠡ ᠣᠷᠣᠰᠢᠨ ᠲᠣᠭᠲᠠᠨᠢᠬᠤ ᠶ᠋ᠢᠨ ᠲᠤᠯᠠᠳᠠ ᠵᠣᠴᠢᠨ ᠢ᠋ᠶ᠋ᠠᠨ ᠡᠷᠢᠬᠦ ᠪᠣᠢ ᠪᠣᠯᠭᠠᠨ ᠡᠭᠦᠳᠬᠦ ᠵᠢᠴᠢ ᠪᠦᠷᠢᠳᠬᠡᠬᠦ ᠨᠢᠭᠡᠨ ᠰᠢᠰᠲ᠋ᠧᠮ ᠲᠡᠢ ᠦᠢᠯᠡ ᠠᠵᠢᠯᠯᠠᠭ᠎ᠠ ᠶᠠᠪᠤᠭᠤᠯᠬᠤ ᠴᠢᠬᠤᠯᠠ ᠲᠠᠢ᠃ ᠢᠩᠭᠢᠵᠦ ᠪᠠᠢᠵᠤ ᠪᠢᠳᠡ ᠥᠪᠡᠷ ᠦ᠋ᠨ ᠬᠢᠵᠦ ᠪᠠᠢᠭ᠎ᠠ ᠵᠦᠢᠯ ᠳ᠋ᠡᠭᠡᠨ ᠬᠠᠨᠳᠤᠯᠭ᠎ᠠ ᠲᠠᠢ  ᠪᠠᠷ ᠳᠣᠭᠢᠷᠬᠠᠰᠠᠨ ᠵᠣᠴᠢᠨ ᠢ᠋ ᠡᠷᠢᠬᠦ ᠮᠥᠷᠲᠡᠭᠡᠨ᠂ ᠲᠡᠳᠡᠨ ᠳ᠋ᠦ᠍ ᠬᠠᠨᠳᠤᠭᠤᠯᠤᠭᠰᠠᠨ ᠪᠦᠲᠦᠭᠡᠭᠳᠡᠬᠦᠨ ᠦᠢᠯᠡᠴᠢᠯᠡᠭᠡ ᠭᠠᠷᠭᠠᠵᠤ ᠰᠢᠨ᠎ᠡ ᠵᠣᠴᠢᠨ ᠢ᠋ ᠡᠭᠦᠳᠴᠦ ᠴᠢᠳᠠᠬᠤ ᠪᠠᠷ ᠪᠠᠷᠠᠬᠤ ᠦᠭᠡᠢ᠂ ᠨᠠᠷᠢᠯᠢᠭ ᠪᠦᠷᠢᠳᠬᠡᠭᠰᠡᠨ ᠢ᠋ᠶ᠋ᠡᠷ ᠳᠠᠷᠠᠭᠠᠴᠢ ᠶ᠋ᠢᠨ ᠦᠢᠯᠡ ᠠᠵᠢᠯᠯᠠᠭ᠎ᠠ ᠳᠠᠭᠠᠨ ᠰᠠᠭᠤᠷᠢ ᠲᠠᠯᠪᠢᠵᠤ ᠴᠢᠳᠠᠨ᠎ᠠ᠃ ᠠᠵᠢᠯ ᠦᠢᠯᠡᠰ ᠢ᠋ ᠶᠡᠷᠦᠩᠬᠡᠢ ᠳ᠋ᠦ᠍ᠨᠢ ᠠᠪᠴᠤ ᠶᠠᠪᠤᠬᠤ ᠶ᠋ᠢ ᠡᠵᠡᠩᠨᠡᠯᠲᠡ ᠶ᠋ᠢᠨ ᠤᠬᠠᠭᠠᠨ ᠭᠡᠳᠡᠭ ᠪᠣᠯ᠂ ᠠᠵᠢᠯ ᠢ᠋ ᠪᠣᠳᠠᠲᠠᠢ ᠬᠢᠬᠦ ᠶᠠᠪᠤᠴᠠ ᠳ᠋ᠠᠬᠢ ᠨᠢᠭᠡ ᠨᠢᠭᠡ ᠠᠷᠭ᠎ᠠ ᠪᠠᠷᠢᠯ ᠢ᠋ ᠬᠠᠮᠢᠶᠠᠷᠤᠯᠲᠠ ᠭᠡᠳᠡᠭ ᠃ ᠠᠵᠢᠯ ᠦᠢᠯᠡᠰ ᠦ᠋ᠨ ᠵᠣᠷᠢᠯᠲᠠ ᠡᠵᠡᠩᠨᠡᠯᠲᠡ ᠳᠡᠭᠡᠷ᠎ᠡ ᠵᠣᠴᠢᠨ ᠡᠭᠦᠳᠬᠦ  ᠪᠡᠷ ᠢᠯᠡᠷᠡᠳᠡᠭ ᠪᠣᠯ᠂ ᠬᠠᠷᠢᠨ ᠬᠠᠮᠢᠶᠠᠷᠤᠯᠲᠠ ᠳᠡᠭᠡᠷ᠎ᠡ ᠵᠣᠬᠢᠶᠠᠨ ᠪᠠᠢᠭᠤᠯᠤᠯᠲᠠ ᠶ᠋ᠢᠨ ᠦᠷ᠎ᠡ ᠠᠰᠢᠭ ᠢ᠋ ᠨᠡᠮᠡᠭᠳᠡᠭᠦᠯᠬᠦ ᠳᠠᠪᠠᠭᠤᠯᠢᠭ ᠢ᠋ ᠪᠠᠳᠠᠷᠠᠭᠤᠯᠬᠤ᠂ ᠵᠠᠪᠰᠢᠶᠠᠨ ᠡᠷᠢᠬᠦ ᠪᠡᠷ ᠳᠠᠮᠵᠢᠨ ᠢᠯᠡᠷᠡᠳᠡᠭ ᠪᠠᠢᠨ᠎ᠠ᠃ 
ᠶᠠᠮᠠᠷ ᠴᠤ᠌ ᠨᠢᠭᠡᠨ ᠠᠵᠢᠯ ᠦᠢᠯᠡᠰ ᠴᠦ᠍ ᠪᠦᠷ ᠨᠢᠭᠡ ᠶᠡᠬᠡ ᠪᠠᠭ᠎ᠠ ᠵᠣᠬᠢᠶᠠᠨ ᠪᠠᠢᠭᠤᠯᠤᠯᠲᠠ ᠳ᠋ᠤ᠌ ᠬᠠᠮᠢᠶᠠᠷᠤᠯ ᠲᠠᠢ ᠪᠠᠢᠳᠠᠭ᠃ ᠪᠢᠳᠡ ᠠᠵᠢᠯ ᠦᠢᠯᠡᠰ ᠦ᠋ᠨ ᠢ᠋ᠶ᠋ᠡᠨ ᠵᠣᠷᠢᠯᠲᠠ ᠶ᠋ᠢ ᠪᠡᠶᠡᠯᠡᠭᠦᠯᠬᠦ ᠳ᠋ᠦ᠍ ᠡᠷᠬᠡᠪᠰᠢ ᠮᠠᠰᠢ ᠴᠢᠳᠠᠪᠤᠷᠢᠯᠢᠭ ᠠᠵᠢᠯᠯᠠᠬᠤ ᠶᠣᠰᠣᠲᠠᠢ᠃ ᠭᠡᠪᠡᠴᠦ ᠨᠢᠭᠡ ᠵᠣᠬᠢᠶᠠᠨ ᠪᠠᠢᠭᠤᠯᠤᠯᠲᠠ ᠳ᠋ᠤ᠌ ᠠᠪᠴᠤ ᠬᠡᠯᠡᠪᠡᠯ ᠡᠨᠡᠬᠦ ᠵᠣᠬᠢᠶᠠᠨ ᠪᠠᠢᠭᠤᠯᠤᠯᠲᠠ ᠶ᠋ᠢᠨ ᠢ᠋ᠶ᠋ᠡᠨ ᠦᠷ᠎ᠡ ᠠᠰᠢᠭ ᠢ᠋ ᠨᠡᠮᠡᠭᠳᠡᠭᠦᠯᠵᠦ ᠪᠠᠢᠵᠤ ᠠᠵᠢᠯ ᠦᠢᠯᠡᠰ ᠢᠯᠡᠭᠦᠦ ᠰᠠᠢᠨ ᠦᠷ᠎ᠡ ᠳ᠋ᠦᠩ ᠳ᠋ᠦ᠍ ᠬᠦᠷᠴᠦ ᠴᠢᠳᠠᠨ᠎ᠠ᠃ 
ᠥᠷᠢᠰᠦᠯᠳᠦᠭᠡᠨ ᠦ᠌ ᠳᠤᠮᠳᠠ ᠣᠷᠣᠰᠢᠵᠤ ᠪᠠᠢᠭ᠎ᠠ ᠠ᠋ᠴᠠ ᠪᠢᠳᠡ ᠵᠣᠬᠢᠶᠠᠨ ᠪᠠᠢᠭᠤᠯᠤᠯᠲᠠ ᠶ᠋ᠢᠨ ᠦᠷ᠎ᠡ ᠠᠰᠢᠭ ᠢ᠋ᠶ᠋ᠠᠨ ᠨᠡᠮᠡᠭᠳᠡᠭᠦᠯᠵᠦ ᠠᠰᠢᠭ ᠣᠷᠣᠯᠭ᠎ᠠ ᠣᠯᠬᠤ ᠠ᠋ᠴᠠ ᠭᠠᠳᠠᠨ᠎ᠠ ᠥᠪᠡᠷ ᠢ᠋ ᠪᠡᠨ ᠰᠠᠢᠲᠤᠷ ᠰᠤᠳᠤᠯᠵᠤ ᠳᠠᠪᠠᠭᠤᠯᠢᠭ ᠲᠠᠯ᠎ᠠ ᠪᠠᠨ ᠣᠯᠵᠤ ᠬᠠᠷᠠᠨ᠂ ᠳᠠᠪᠠᠭᠤᠯᠢᠭ ᠲᠠᠯ᠎ᠠ ᠪᠠᠨ ᠠᠰᠢᠭᠯᠠᠨ ᠪᠠᠢᠵᠤ ᠰᠠᠶᠢ ᠥᠷᠢᠰᠦᠯᠳᠦᠭᠡᠨ ᠳ᠋ᠦ᠍ ᠪᠦᠷᠢᠨ ᠢᠯᠠᠵᠤ ᠴᠢᠳᠠᠨ᠎ᠠ᠃ ᠡᠭᠦᠨ ᠢ᠋ᠶ᠋ᠡᠷ ᠴᠦ᠍ ᠵᠣᠭᠰᠣᠬᠤ ᠦᠭᠡᠢ ᠵᠠᠪᠠᠯ ᠵᠠᠪᠰᠢᠶᠠᠨ ᠢ᠋ ᠴᠠᠭ ᠲᠤᠬᠠᠢ ᠳ᠋ᠤ᠌ ᠨᠢ ᠡᠵᠡᠮᠰᠢᠨ ᠣᠯᠵᠤ ᠠᠪᠬᠤ ᠬᠡᠷᠡᠭᠲᠡᠢ᠃ ᠲᠡᠢᠮᠦ ᠡᠴᠡ ᠪᠢᠳᠡ ᠵᠣᠷᠢᠯᠭ᠎ᠠ ᠲᠠᠢ ᠪᠠᠷ ᠵᠠᠪᠰᠢᠶᠠᠨ ᠢ᠋ ᠡᠷᠢᠵᠦ ᠰᠤᠷᠬᠤ ᠬᠡᠷᠡᠭᠲᠡᠢ᠃ ᠢᠩᠭᠢᠵᠦ ᠪᠠᠢᠵᠤ ᠰᠠᠶᠢ ᠪᠤᠰᠤᠳ ᠠ᠋ᠴᠠ ᠣᠷᠣᠢᠯᠠᠵᠤ᠂ ᠵᠠᠬ᠎ᠠ  ᠳᠡᠯᠭᠡᠭᠦᠷ ᠦ᠋ᠨ ᠥᠷᠢᠰᠦᠯᠳᠦᠭᠡᠨ ᠳ᠋ᠦ᠍ ᠢᠯᠠᠭᠴᠢ ᠪᠣᠯᠵᠤ ᠴᠢᠳᠠᠨ᠎ᠠ᠃ 
ᠲᠠᠯᠪᠢᠭᠰᠠᠨ ᠵᠣᠷᠢᠯᠲᠠ ᠶ᠋ᠢᠨ ᠢ᠋ᠶ᠋ᠡᠨ ᠲᠥᠯᠥᠭᠡ ᠪᠢᠳᠡ ᠡᠵᠡᠩᠨᠡᠯᠲᠡ ᠬᠢᠵᠦ ᠰᠤᠷᠬᠤ ᠬᠡᠷᠡᠭᠲᠡᠢ᠃ ᠡᠵᠡᠩᠨᠡᠯᠲᠡ ᠬᠢᠬᠦ ᠳ᠋ᠦ᠍ ᠶᠠᠭᠤᠨ ᠲᠡᠷᠢᠭᠦᠨ ᠳ᠋ᠦ᠍ ᠵᠣᠴᠢᠨ ᠡᠭᠦᠳᠬᠦ ᠶ᠋ᠢ ᠰᠤᠷᠬᠤ ᠬᠡᠷᠡᠭᠲᠡᠢ᠃ ᠠᠵᠢᠯ ᠤ᠋ᠨ ᠳᠤᠮᠳᠠ ᠮᠠᠰᠢ ᠣᠯᠠᠨ ᠬᠦᠴᠢᠷ ᠪᠡᠷᠬᠡ᠂ ᠨᠤᠭᠤᠷᠠᠯ ᠪᠦᠲᠣᠷᠠᠯ᠂ ᠠᠰᠠᠭᠤᠳᠠᠯ ᠭᠠᠷᠬᠤ ᠨᠢ ᠯᠠᠪᠲᠠᠢ᠂ ᠭᠡᠪᠡᠴᠦ ᠪᠢᠳᠡ ᠠᠵᠢᠯ ᠤ᠋ᠨ ᠳᠤᠮᠳᠠ ᠵᠥᠪᠬᠡᠨ ᠲᠣᠬᠢᠶᠠᠯᠳᠤᠭᠰᠠᠨ ᠠᠰᠠᠭᠤᠳᠠᠯ ᠢ᠋ᠶ᠋ᠠᠨ ᠰᠢᠢᠳᠪᠦᠷᠢᠯᠡᠭᠡᠳ ᠶᠠᠪᠤᠵᠤ ᠪᠣᠯᠬᠤ ᠦᠭᠡᠢ᠃ ᠬᠠᠷᠢᠨ ᠳᠠᠪᠠᠭᠤᠯᠢᠭ  ᠢ᠋ᠶ᠋ᠠᠨ ᠪᠠᠳᠠᠷᠠᠭᠤᠯᠤᠨ᠂ ᠵᠠᠪᠰᠢᠶᠠᠨ ᠢ᠋ ᠡᠷᠢᠵᠦ᠂ ᠵᠣᠬᠢᠶᠠᠨ ᠪᠠᠢᠭᠤᠯᠤᠯᠲᠠ  ᠶ᠋ᠢᠨ ᠢ᠋ᠶ᠋ᠡᠨ ᠦᠷ᠎ᠡ ᠠᠰᠢᠭ ᠢ᠋ ᠨᠡᠮᠡᠭᠳᠡᠭᠦᠯᠦᠨ ᠪᠠᠢᠵᠤ ᠢᠯᠡᠭᠦᠦ ᠬᠤᠷᠳᠤᠨ ᠠᠮᠵᠢᠯᠲᠠ ᠣᠯᠵᠤ᠂ ᠵᠣᠷᠢᠯᠲᠠ ᠪᠠᠨ ᠪᠡᠶᠡᠯᠡᠭᠦᠯᠵᠦ ᠴᠢᠳᠠᠨ᠎ᠠ᠃

     ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ