ᠬᠠᠮᠢᠶᠠᠷᠤᠯᠲᠠ ᠶ᠋ᠢᠨ ᠠᠵᠢᠯ-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠠᠵᠢᠯ ᠠᠮᠢᠳᠤᠷᠠᠯ ᠢ᠋ᠶ᠋ᠠᠨ ᠡᠵᠡᠩᠨᠡᠬᠦ ᠳ᠋ᠦ᠍ ᠪᠣᠳᠠᠲᠠᠢ ᠬᠠᠮᠢᠶᠠᠷᠤᠯᠲᠠ ᠶ᠋ᠢᠨ ᠠᠵᠢᠯ ᠠ᠋ᠴᠠ ᠰᠠᠯᠵᠤ ᠴᠢᠳᠠᠬᠤ ᠦᠭᠡᠢ ᠶᠦᠮ᠃ ᠪᠣᠳᠠᠲᠠᠢ ᠨᠠᠷᠢᠨ ᠨᠢᠭᠲᠠ ᠬᠠᠮᠢᠶᠠᠷᠤᠯᠲᠠ ᠪᠠᠢᠵᠤ ᠠᠵᠢᠯ ᠳᠡᠰ ᠳᠠᠷᠠᠭ᠎ᠠ ᠲᠠᠢ᠂ ᠢᠯᠡᠭᠦᠦ ᠴᠢᠨᠠᠷ ᠲᠠᠢ᠂ ᠬᠤᠷᠳᠤᠴᠠ ᠲᠠᠢ ᠪᠠᠢᠵᠤ ᠴᠢᠳᠠᠳᠠᠭ ᠢ᠋ ᠮᠠᠨᠤᠰ ᠪᠦᠷ ᠰᠠᠢᠨ ᠮᠡᠳᠡᠨ᠎ᠡ᠃ ᠤᠴᠢᠷ ᠨᠢ ᠬᠠᠮᠢᠶᠠᠷᠤᠯᠲᠠ ᠲᠠᠢ ᠪᠠᠢᠵᠤ᠂ ᠬᠡᠨ ᠶᠠᠭᠤ ᠬᠢᠬᠦ᠂ ᠬᠡᠵᠢᠶ᠎ᠡ ᠶᠠᠭᠠᠬᠢᠵᠤ ᠬᠢᠬᠦ ᠭᠡᠳ ᠪᠦᠬᠦ ᠶᠠᠭᠤᠮ᠎ᠠ ᠢᠯᠡᠭᠦᠦ ᠲᠣᠲᠤᠷᠬᠠᠢ ᠪᠣᠯᠵᠤ ᠴᠢᠳᠠᠳᠠᠭ᠃ ᠭᠡᠬᠦ ᠳ᠋ᠡᠭᠡᠨ ᠯᠡ ᠬᠥᠮᠦᠨ ᠦ᠌ ᠬᠢᠭᠰᠡᠨ ᠪᠦᠲᠦᠭᠡᠭᠰᠡᠨ ᠬᠣᠭᠣᠷᠣᠨᠳᠣ ᠪᠠᠨ ᠰᠠᠢᠨ ᠮᠠᠭᠤ ᠶ᠋ᠢᠨ ᠢᠯᠭᠠᠭ᠎ᠠ ᠲᠠᠢ ᠪᠠᠢᠳᠠᠭ᠃ ᠡᠢᠮᠦ ᠡᠴᠡ ᠬᠠᠮᠢᠶᠠᠷᠤᠯᠲᠠ ᠪᠠᠨ ᠤᠯᠠᠮ ᠰᠠᠢᠨ ᠬᠢᠵᠦ᠂ ᠠᠵᠢᠯ ᠢ᠋ᠶ᠋ᠠᠨ ᠪᠦᠲᠦᠮᠵᠢᠲᠡᠢ ᠪᠣᠯᠭᠠᠬᠤ ᠳ᠋ᠤ᠌ ᠪᠣᠳᠠᠲᠠᠢ ᠬᠠᠮᠢᠶᠠᠷᠤᠯᠲᠠ ᠶ᠋ᠢᠨ ᠠᠷᠭ᠎ᠠ ᠴᠢᠬᠤᠯᠠ ᠲᠠᠢ᠃ ᠡᠨᠳᠡ ᠠᠮᠧᠷᠢᠺᠠ ᠶ᠋ᠢᠨ ᠡᠵᠡᠩᠨᠡᠯᠲᠡ ᠶ᠋ᠢᠨ ᠤᠬᠠᠭᠠᠨᠲᠠᠨ ᠳ᠋ᠤᠷᠠᠺ ᠤ᠋ᠨ ᠬᠠᠮᠢᠶᠠᠷᠤᠯᠲᠠ ᠶ᠋ᠢᠨ ᠠᠷᠭ᠎ᠠ ᠶ᠋ᠢ ᠬᠤᠷᠢᠶᠠᠩᠭᠤᠢᠯᠠᠨ ᠲᠠᠨᠢᠯᠴᠠᠭᠤᠯᠤᠶ᠎ᠠ᠃
ᠨᠢᠭᠡ ᠂ ᠵᠣᠷᠢᠯᠲᠠ ᠪᠠᠨ ᠲᠣᠭᠲᠠᠬᠤ
ᠵᠣᠷᠢᠯᠲᠠ ᠲᠠᠢ ᠪᠠᠢᠵᠤ ᠬᠥᠮᠦᠨ ᠶᠠᠭᠤ ᠬᠢᠬᠦ᠂ ᠶᠠᠭᠠᠬᠢᠵᠤ ᠬᠢᠬᠦ ᠪᠡᠨ ᠲᠣᠳᠣᠷᠬᠠᠢ ᠪᠣᠯᠭᠠᠵᠤ ᠴᠢᠳᠠᠳᠠᠭ ᠠ᠋ᠴᠠ᠂ ᠵᠣᠷᠢᠯᠲᠠ ᠪᠠᠨ ᠤᠷᠢᠳᠠᠪᠡᠷ ᠲᠣᠭᠲᠠᠬᠤ ᠨᠢ ᠳᠠᠷᠠᠭᠠᠴᠢ ᠶ᠋ᠢᠨ ᠠᠵᠢᠯ ᠢ᠋ᠶ᠋ᠠᠨ ᠤᠷᠤᠭᠰᠢᠲᠠᠢ ᠶᠠᠪᠤᠭᠳᠠᠭᠤᠯᠬᠤ ᠶ᠋ᠢᠨ ᠰᠠᠭᠤᠷᠢ ᠪᠣᠯᠳᠠᠭ᠃ ᠶᠠᠭᠤ ᠬᠢᠬᠦ ᠪᠡᠨ ᠮᠡᠳᠡᠭᠰᠡᠨ ᠬᠥᠮᠦᠨ ᠠᠵᠢᠯ ᠢ᠋ᠶ᠋ᠠᠨ ᠡᠮᠬᠢ ᠳᠠᠷᠠᠭ᠎ᠠ ᠲᠠᠢ ᠲᠣᠬᠢᠷᠠᠭᠤᠯᠵᠤ ᠴᠢᠳᠠᠬᠤ ᠪᠠᠷ ᠪᠠᠷᠠᠬᠤ ᠦᠭᠡᠢ ᠠᠵᠢᠯ ᠤ᠋ᠨ ᠢ᠋ᠶ᠋ᠠᠨ ᠠᠬᠢᠴᠠ ᠶ᠋ᠢ ᠡᠵᠡᠮᠳᠡᠵᠦ ᠴᠢᠳᠠᠳᠠᠭ᠃ ᠢᠩᠭᠢᠭᠰᠡᠨ ᠢ᠋ᠶ᠋ᠡᠷ ᠠᠵᠢᠯ ᠨᠢ ᠬᠣᠭᠣᠷᠣᠨᠳᠣ ᠪᠠᠨ ᠬᠤᠳᠬᠤᠯᠳᠤᠬᠤ ᠦᠭᠡᠢ ᠮᠥᠷᠲᠡᠭᠡᠨ ᠬᠦᠨᠳᠦ ᠬᠥᠩᠭᠡᠨ ᠦ᠌ ᠢᠯᠭᠠᠭ᠎ᠠ ᠲᠣᠳᠣᠷᠬᠠᠢ ᠪᠣᠯᠵᠤ᠂ ᠠᠯᠢ ᠨᠢᠭᠡ ᠠᠵᠢᠯ ᠢ᠋ ᠴᠦ᠍ ᠣᠷᠬᠢᠭᠳᠠᠭᠤᠯᠬᠤ ᠦᠭᠡᠢ ᠪᠡᠷ ᠬᠢᠵᠦ ᠴᠢᠳᠠᠨ᠎ᠠ᠃ ᠲᠡᠷᠡ ᠮᠥᠷᠲᠡᠭᠡᠨ ᠵᠢᠯ ᠦ᠋ᠨ ᠠᠵᠢᠯ ᠵᠢᠯ ᠦ᠋ᠨ ᠵᠣᠷᠢᠯᠲᠠ ᠲᠠᠢ᠂ ᠰᠠᠷ᠎ᠠ ᠶ᠋ᠢᠨ ᠠᠵᠢᠯ ᠰᠠᠷ᠎ᠠ ᠶ᠋ᠢᠨ ᠵᠣᠷᠢᠯᠲᠠ ᠲᠠᠢ᠂ ᠡᠳᠦᠷ ᠦ᠋ᠨ ᠠᠵᠢᠯ ᠡᠳᠦᠷ ᠦ᠋ᠨ ᠵᠣᠷᠢᠯᠲᠠ ᠲᠠᠢ ᠪᠣᠯᠵᠤ ᠨᠠᠷᠢᠯᠢᠬᠵᠢᠬᠤ ᠳᠣᠳᠣᠮ ᠠᠵᠢᠯ ᠤ᠋ᠨ ᠶᠠᠪᠤᠴᠠ ᠰᠢᠯᠤᠭᠤᠨ ᠪᠣᠯᠵᠤ᠂ ᠵᠢᠯ ᠦ᠋ᠨ ᠵᠣᠷᠢᠯᠲᠠ ᠲᠥᠯᠦᠪᠯᠡᠭᠡᠨ ᠦ᠌ ᠳᠠᠭᠠᠤ ᠶᠠᠪᠤᠭᠳᠠᠵᠤ᠂ ᠠᠵᠢᠯ ᠪᠣᠯᠤᠨ ᠵᠣᠷᠢᠯᠲᠠ ᠪᠠᠨ ᠪᠡᠶᠡᠯᠡᠭᠦᠯᠦᠭᠰᠡᠨ ᠶᠠᠪᠤᠴᠠ ᠪᠠᠷ ᠪᠠᠢᠨ ᠳᠠᠬᠢᠨ ᠰᠢᠯᠭᠠᠨ᠂ ᠠᠵᠢᠯ ᠢ᠋ ᠠᠯᠳᠠᠭ᠎ᠠ ᠦᠭᠡᠢ ᠠᠪᠴᠤ ᠶᠠᠪᠤᠵᠤ ᠴᠢᠳᠠᠨ᠎ᠠ᠃ ᠲᠠ ᠢᠩᠭᠢᠵᠦ ᠵᠣᠷᠢᠯᠲᠠ ᠲᠠᠢ ᠠᠵᠢᠯᠯᠠᠭᠠᠳ ᠪᠠᠢᠬᠤ ᠳ᠋ᠤ᠌ ᠠᠵᠢᠯ ᠭᠣᠣᠯ ᠳᠡᠳ᠋ ᠲᠣᠳᠣᠷᠬᠠᠢ᠂ ᠴᠠᠭ ᠬᠤᠭᠤᠴᠠᠭ᠎ᠠ ᠶ᠋ᠢ ᠬᠡᠮᠨᠡᠵᠦ᠂ ᠠᠶᠠᠨᠳᠠᠭᠠᠨ ᠦᠷ᠎ᠡ ᠪᠦᠲᠦᠮᠵᠢ ᠥᠨᠳᠥᠷ ᠪᠣᠯᠤᠨ᠎ᠠ᠃
ᠬᠣᠶᠠᠷ ᠂ ᠵᠣᠬᠢᠶᠠᠨ ᠪᠠᠢᠭᠤᠯᠬᠤ
ᠠᠵᠢᠯ ᠢ᠋ ᠬᠢᠬᠦ ᠶᠠᠪᠤᠴᠠ ᠪᠣᠯ ᠨᠢᠭᠡ ᠶᠣᠰᠣᠨ ᠳ᠋ᠠᠭᠠᠨ ᠵᠣᠬᠢᠶᠠᠨ ᠪᠠᠢᠭᠤᠯᠬᠤ ᠶᠠᠪᠤᠴᠠ ᠪᠣᠯᠬᠤ ᠶᠤᠮ᠃ ᠠᠢᠯ ᠭᠡᠷ ᠦ᠋ᠨ ᠠᠵᠢᠯ ᠠ᠋ᠴᠠ ᠡᠬᠢᠯᠡᠭᠡᠳ ᠺᠣᠮᠫᠠᠨᠢ᠂ ᠠᠵᠢᠯ ᠦᠢᠯᠡᠰ ᠦ᠋ᠨ ᠨᠢᠭᠡᠴᠡ ᠶ᠋ᠢᠨ ᠪᠦᠬᠦᠢᠯᠡ ᠠᠵᠢᠯ ᠭᠠᠭᠴᠠ ᠨᠢᠭᠡ ᠵᠦᠢᠯ ᠢ᠋ᠶ᠋ᠡᠷ ᠵᠣᠭᠰᠣᠬᠤ ᠦᠭᠡᠢ ᠶᠦᠮ᠃ ᠡᠳᠦᠷ ᠳᠣᠳᠣᠮ ᠤ᠋ᠨ ᠠᠵᠢᠯ ᠠ᠋ᠴᠠ ᠠᠪᠤᠭᠠᠳ ᠵᠣᠬᠢᠴᠠᠭᠤᠯᠵᠤ ᠬᠢᠬᠦ ᠠᠵᠢᠯ ᠵᠥᠩᠳᠡᠭᠡᠨ ᠣᠯᠠᠨ ᠪᠠᠢᠳᠠᠭ ᠠ᠋ᠴᠠ ᠲᠡᠷᠡ ᠪᠦᠭᠦᠳᠡ ᠭᠣᠣᠯ ᠳᠡᠳ᠋᠂ ᠴᠠᠭ ᠬᠤᠭᠤᠴᠠᠭᠠᠨ ᠤ᠋ ᠱᠠᠭᠠᠷᠳᠠᠯᠭ᠎ᠠ ᠶ᠋ᠢ ᠦᠵᠡᠵᠦ ᠪᠠᠢᠭᠠᠳ ᠬᠣᠢᠨ᠎ᠠ ᠡᠮᠦᠨ᠎ᠡ᠂ ᠬᠦᠨᠳᠦ ᠬᠥᠩᠭᠡᠨ ᠢ᠋ ᠨᠢ ᠲᠣᠬᠢᠷᠠᠭᠤᠯᠵᠤ ᠬᠢᠬᠦ ᠴᠢᠬᠤᠯᠠ ᠲᠠᠢ᠃ ᠡᠭᠦᠨ ᠢ᠋ᠶ᠋ᠡᠷ ᠴᠦ᠍ ᠵᠣᠭᠰᠣᠬᠤ ᠦᠭᠡᠢ ᠠᠵᠢᠯ ᠤ᠋ᠨ ᠶᠠᠪᠤᠴᠠ ᠳ᠋ᠤ᠌ ᠬᠥᠮᠦᠨ ᠭᠠᠭᠴᠠᠭᠠᠷ ᠢ᠋ᠶ᠋ᠠᠨ ᠨᠢᠭᠡ ᠠᠵᠢᠯ ᠢ᠋ ᠭᠦᠢᠴᠡᠳᠬᠡᠨ᠎ᠡ ᠭᠡᠵᠦ ᠪᠠᠢᠬᠤ ᠦᠭᠡᠢ᠃ ᠲᠡᠷᠡ ᠳᠣᠳᠣᠮ ᠢ᠋ᠶ᠋ᠠᠨ ᠣᠳᠣ ᠶ᠋ᠢᠨ ᠵᠠᠬ᠎ᠠ ᠵᠡᠭᠡᠯᠢ ᠶ᠋ᠢᠨ ᠠᠵᠤ ᠠᠬᠤᠢ ᠶ᠋ᠢᠨ ᠨᠥᠬᠥᠴᠡᠯ ᠳ᠋ᠦ᠍ ᠠᠵᠢᠯ ᠤ᠋ᠨ ᠬᠤᠪᠢᠶᠠᠷᠢ ᠤᠯᠠᠮ ᠨᠠᠷᠢᠰᠴᠤ ᠠᠵᠢᠯ ᠢ᠋ ᠬᠠᠮᠳᠤᠯᠴᠠᠭᠠᠨ ᠤ᠋ ᠳᠤᠮᠳᠠ ᠭᠦᠢᠴᠡᠳᠬᠡᠳᠡᠭ᠃ ᠲᠡᠢᠮᠦ ᠡᠴᠡ ᠠᠵᠢᠯ ᠢ᠋ ᠬᠢᠷᠢ ᠰᠠᠢᠨ ᠵᠣᠬᠢᠶᠠᠨ ᠪᠠᠢᠭᠤᠯᠵᠤ ᠂ ᠬᠥᠮᠦᠰ ᠦ᠋ᠨ ᠢ᠋ᠶ᠋ᠡᠨ ᠴᠢᠳᠠᠪᠤᠷᠢ ᠶ᠋ᠢ ᠵᠥᠪ ᠣᠨᠣᠪᠴᠢᠲᠠᠢ ᠠᠰᠢᠭᠯᠠᠭᠰᠠᠨ ᠢ᠋ᠶ᠋ᠠᠷ᠂ ᠲᠡᠷᠡ ᠬᠥᠮᠦᠨ ᠦ᠌ ᠠᠵᠢᠯ ᠲᠡᠳᠦᠢ ᠡᠮᠬᠢ ᠴᠡᠭᠴᠡ ᠲᠡᠢ᠂ ᠠᠯᠬᠤᠮ ᠳᠠᠷᠠᠭ᠎ᠠ ᠲᠠᠢ᠂ ᠦᠷ᠎ᠡ ᠠᠰᠢᠭ ᠲᠠᠢ ᠪᠠᠢᠵᠤ ᠴᠢᠳᠠᠨ᠎ᠠ᠃
ᠭᠤᠷᠪᠠ ᠂ ᠢᠳᠡᠪᠬᠢᠵᠢᠯ ᠢ᠋ ᠳᠠᠢᠴᠢᠯᠠᠬᠤ ᠠᠵᠢᠯ ᠬᠢᠬᠦ ᠳ᠋ᠦ᠍ ᠭᠣᠣᠯ ᠭᠦᠢᠴᠡᠳᠬᠡᠭᠴᠢ ᠨᠢ ᠬᠥᠮᠦᠨ ᠪᠣᠯᠬᠤ ᠶᠤᠮ᠃ ᠡᠢᠮᠦ ᠡᠴᠡ ᠪᠢᠳᠡ ᠠᠵᠢᠯ ᠬᠢᠬᠦ ᠶᠠᠪᠤᠴᠠ ᠳ᠋ᠤ᠌ ᠭᠠᠭᠴᠠ ᠬᠤᠪᠢ ᠪᠡᠶ᠎ᠡ ᠶ᠋ᠢᠨ ᠡᠭᠦᠳᠡᠨ ᠡᠴᠡ ᠵᠣᠷᠢᠯᠲᠠ ᠪᠠᠨ ᠰᠠᠢᠨ ᠲᠣᠭᠲᠠᠭᠠᠭᠠᠳ᠂ ᠰᠠᠢᠨ ᠵᠣᠬᠢᠶᠠᠨ ᠪᠠᠢᠭᠤᠯᠤᠭᠠᠳ ᠪᠣᠯᠴᠢᠬᠠᠬᠤ ᠪᠢᠰᠢ᠂ ᠬᠠᠷᠢᠨ ᠬᠢᠵᠦ ᠪᠠᠢᠭ᠎ᠠ ᠬᠥᠮᠦᠰ ᠦ᠋ᠨ ᠢᠳᠡᠪᠬᠢᠵᠢᠯ ᠢ᠋ ᠰᠠᠢᠨ ᠳᠠᠢᠴᠢᠯᠠᠬᠤ ᠬᠡᠷᠡᠭᠲᠡᠢ᠃ ᠠᠵᠢᠯ ᠢ᠋ ᠭᠦᠢᠴᠡᠳᠬᠡᠬᠦ ᠶᠠᠪᠤᠴᠠ ᠳ᠋ᠤ᠌ ᠣᠷᠣᠯᠴᠠᠵᠤ ᠪᠠᠢᠭ᠎ᠠ ᠪᠦᠬᠦ ᠬᠥᠮᠦᠰ ᠨᠢᠭᠡ ᠬᠠᠮᠲᠤ ᠣᠯᠠᠨ ᠪᠣᠯᠵᠤ ᠪᠠᠢᠭ᠎ᠠ ᠤᠴᠢᠷ ᠠ᠋ᠴᠠ᠂ ᠨᠢᠭᠡᠨ ᠬᠠᠮᠲᠤ ᠶ᠋ᠢᠨ ᠵᠣᠷᠢᠯᠲᠠ ᠶ᠋ᠢᠨ ᠲᠥᠯᠥᠭᠡ ᠵᠢᠳᠬᠦᠵᠦ ᠪᠠᠢᠭ᠎ᠠ ᠶᠤᠮ᠃ ᠡᠢᠮᠦ ᠡᠴᠡ ᠡᠬᠢᠯᠡᠭᠡᠳ ᠵᠣᠷᠢᠯᠲᠠ ᠪᠠᠨ ᠨᠢᠭᠡᠳᠬᠡᠵᠦ᠂ ᠪᠦᠭᠦᠳᠡᠭᠡᠷ ᠨᠢᠭᠡ ᠰᠡᠳᠬᠢᠯ ᠢ᠋ᠶ᠋ᠡᠷ ᠬᠢᠵᠦ ᠪᠠᠢᠭ᠎ᠠ ᠠᠵᠢᠯ ᠳ᠋ᠠᠭᠠᠨ ᠰᠢᠮᠳᠠᠬᠤ ᠪᠣᠯ᠂ ᠢᠳᠡᠪᠬᠢᠵᠢᠯ ᠢ᠋ ᠳᠠᠢᠴᠢᠯᠠᠬᠤ ᠶ᠋ᠢᠨ ᠴᠢᠬᠤᠯᠠ ᠠᠵᠢᠯ ᠪᠣᠯᠤᠨ᠎ᠠ᠃
ᠳᠥᠷᠪᠡ ᠂ ᠦᠨᠡᠯᠡᠬᠦ
ᠬᠠᠮᠢᠶᠠᠷᠤᠯᠲᠠ ᠶ᠋ᠢᠨ ᠠᠵᠢᠯ ᠤ᠋ᠨ ᠭᠣᠣᠯ ᠨᠢ ᠠᠵᠢᠯ ᠢ᠋ ᠬᠠᠮᠢᠶᠠᠷᠬᠤ ᠠ᠋ᠴᠠ ᠢᠯᠡᠭᠦᠦ ᠠᠵᠢᠯ ᠢ᠋ ᠭᠣᠣᠯ ᠭᠦᠢᠴᠡᠳᠬᠡᠭᠴᠢ ᠪᠣᠯᠬᠤ ᠬᠥᠮᠦᠨ ᠪᠤᠶᠤ ᠴᠢᠳᠠᠪᠤᠷᠢᠲᠠᠨ ᠢ᠋ ᠬᠠᠮᠢᠶᠠᠷᠬᠠᠬᠤ ᠠᠵᠢᠯ ᠪᠠᠢᠳᠠᠭ᠃ ᠲᠡᠢᠮᠦ ᠡᠴᠡᠨ ᠠᠵᠢᠯ ᠢ᠋ ᠭᠦᠢᠴᠡᠳᠬᠡᠬᠦ ᠶᠠᠪᠤᠴᠠ ᠳ᠋ᠤ᠌ ᠡᠬᠢᠯᠡᠭᠡᠳ ᠬᠢᠵᠦ ᠪᠠᠢᠭ᠎ᠠ ᠬᠥᠮᠦᠰ ᠦ᠋ᠨ ᠬᠥᠳᠡᠯᠮᠦᠷᠢ ᠶ᠋ᠢ ᠵᠥᠪ ᠦᠨᠡᠯᠡᠬᠦ ᠬᠡᠷᠡᠭᠲᠡᠢ᠃ ᠴᠢᠳᠠᠪᠤᠷᠢᠲᠠᠨ ᠢ᠋ᠶ᠋ᠠᠨ ᠬᠡᠳᠦᠢ ᠵᠥᠪ ᠦᠨᠡᠯᠡᠵᠦ ᠴᠢᠳᠠᠭᠰᠠᠨ ᠢ᠋ᠶ᠋ᠠᠷ ᠲᠡᠷᠡ ᠬᠥᠮᠦᠨ ᠦ᠌ ᠭᠦᠢᠴᠡᠳᠬᠡᠵᠦ ᠪᠠᠢᠭ᠎ᠠ ᠠᠵᠢᠯ ᠢ᠋᠂ ᠠᠵᠢᠯ ᠤ᠋ᠨ ᠦᠷ᠎ᠡ ᠪᠦᠲᠦᠮᠵᠢ ᠶ᠋ᠢ ᠬᠡᠳᠦᠢ ᠦᠨᠡᠨᠴᠢ ᠪᠡᠷ ᠦᠨᠡᠯᠡᠵᠦ ᠂ ᠢᠳᠡᠪᠬᠢᠵᠢᠯ ᠢ᠋ ᠨᠢ ᠢᠯᠡᠭᠦᠦ ᠰᠠᠢᠨ ᠲᠠᠢᠴᠢᠯᠠᠬᠤ ᠪᠣᠯᠤᠮᠵᠢ ᠲᠠᠢ ᠪᠣᠯᠤᠨ᠎ᠠ᠃ ᠤᠴᠢᠷ ᠨᠢ ᠬᠥᠮᠦᠰ ᠠᠵᠢᠯ ᠬᠢᠵᠦ ᠬᠥᠯᠥᠰᠥ ᠣᠯᠭᠣᠮᠵᠢ ᠣᠯᠬᠤ ᠠ᠋ᠴᠠ ᠭᠠᠳᠠᠨ᠎ᠠ ᠥᠪᠡᠷ ᠢ᠋ ᠪᠡᠨ ᠣᠯᠬᠤ᠂ ᠥᠪᠡᠷ ᠦ᠋ᠨ ᠤᠷ᠎ᠠ ᠴᠢᠳᠠᠪᠤᠷᠢ ᠪᠠᠨ ᠪᠠᠳᠠᠷᠠᠭᠤᠯᠬᠤ ᠶ᠋ᠢ ᠬᠦᠰᠡᠵᠦ ᠪᠠᠢᠳᠠᠭ᠃ ᠠᠵᠢᠯ ᠤ᠋ᠨ ᠶᠠᠪᠤᠴᠠ ᠳ᠋ᠤ᠌ ᠡᠨᠡ ᠪᠦᠬᠦᠨ ᠢ᠋ ᠲᠡᠭᠦᠨ ᠳ᠋ᠦ᠍ ᠣᠯᠭᠣᠵᠤ ᠴᠢᠳᠠᠪᠠᠯ ᠲᠠᠨ ᠤ᠋ ᠠᠵᠢᠯ ᠢ᠋ ᠣᠷᠤᠭᠰᠠᠢ ᠲᠠᠲᠠᠳᠠᠭ᠃
ᠲᠠᠪᠤ ᠂ ᠬᠥᠮᠦᠵᠢᠭᠦᠯᠬᠦ ᠣᠳᠣ ᠶ᠋ᠢᠨ ᠨᠡᠢᠭᠡᠮ ᠦ᠋ᠨ ᠠᠵᠤ ᠠᠬᠤᠢ ᠪᠣᠯ ᠴᠢᠳᠠᠪᠤᠷᠢᠲᠠᠨ ᠳ᠋ᠦ᠍ ᠲᠦᠰᠢᠭᠯᠡᠭᠰᠡᠨ ᠪᠠᠢᠳᠠᠭ ᠪᠢᠯᠡ᠃ ᠵᠣᠬᠢᠬᠤ ᠬᠡᠮᠵᠢᠶᠡᠨ ᠳ᠋ᠦ᠍ ᠲᠠ ᠬᠡᠳᠦᠢ ᠴᠢᠳᠠᠪᠤᠷᠢᠲᠠᠨ ᠣᠯᠵᠤ᠂ ᠵᠥᠪ ᠵᠣᠬᠢᠰᠲᠠᠢ ᠬᠡᠷᠡᠭᠯᠡᠭᠰᠡᠨ ᠢ᠋ᠶ᠋ᠡᠷ ᠠᠵᠢᠯ ᠤ᠋ᠨ ᠠᠮᠵᠢᠯᠲᠠ ᠴᠤ᠌ ᠭᠠᠷᠴᠤ ᠢᠷᠡᠳᠡᠭ᠃ ᠲᠡᠢᠮᠦ ᠡᠴᠡ ᠪᠢᠳᠡ ᠴᠢᠳᠠᠪᠤᠷᠢᠲᠠᠨ ᠢ᠋ ᠣᠯᠵᠤ ᠬᠡᠷᠡᠭᠯᠡᠬᠦ ᠡᠴᠡ ᠭᠠᠳᠠᠨ᠎ᠠ ᠥᠪᠡᠷ ᠢ᠋ᠶ᠋ᠡᠨ ᠴᠢᠳᠠᠪᠤᠷᠢᠲᠠᠨ ᠢ᠋ ᠬᠥᠮᠦᠵᠢᠭᠦᠯᠬᠦ ᠬᠡᠷᠡᠭᠲᠡᠢ᠃ ᠲᠡᠷᠡ ᠳᠣᠳᠣᠮ ᠢ᠋ᠶ᠋ᠠᠨ ᠣᠳᠣ ᠶ᠋ᠢᠨ ᠨᠡᠢᠭᠡᠮ ᠴᠦ᠍ ᠬᠠᠮᠲᠤ ᠪᠠᠷ ᠳᠠᠪᠰᠢᠬᠤ ᠨᠡᠢᠭᠡᠮ ᠪᠠᠢᠵᠤ᠂ ᠬᠡᠨ ᠨᠢᠭᠡᠨ ᠬᠥᠮᠦᠨ ᠪᠤᠰᠤᠳ ᠠ᠋ᠴᠠ ᠴᠣᠯᠭᠠᠷᠬᠠᠰᠠᠨ ᠢ᠋ᠶ᠋ᠠᠷ ᠢᠯᠡᠭᠦᠦ ᠬᠥᠭᠵᠢᠳᠡᠭ ᠦᠭᠡᠢ᠂ ᠬᠠᠷᠢᠨ ᠬᠡᠨ ᠦ᠌ ᠬᠠᠮᠲᠤ ᠣᠯᠠᠨ ᠪᠤᠰᠤᠳ ᠠ᠋ᠴᠠ ᠢᠯᠡᠭᠦᠦ ᠪᠣᠯ ᠲᠡᠳᠡ ᠢᠯᠠᠭᠴᠢ ᠪᠣᠯᠳᠠᠭ᠃ ᠲᠡᠢᠮᠦ ᠡᠴᠡ ᠪᠢᠳᠡ ᠠᠵᠢᠯ ᠤ᠋ᠨ ᠢ᠋ᠶ᠋ᠠᠨ ᠶᠠᠪᠤᠴᠠ ᠳ᠋ᠤ᠌ ᠥᠪᠡᠷ ᠦ᠋ᠨ ᠮᠡᠳᠡᠭᠰᠡᠨ ᠴᠢᠳᠠᠭᠰᠠᠨ ᠢ᠋ᠶ᠋ᠠᠨ ᠬᠠᠷᠢᠯᠴᠠᠨ ᠬᠤᠪᠢᠶᠠᠯᠴᠠᠵᠤ᠂ ᠬᠠᠮᠲᠤ ᠣᠯᠠᠨ ᠢ᠋ᠶ᠋ᠠᠷ ᠢ᠋ᠶ᠋ᠠᠨ ᠬᠥᠭᠵᠢᠵᠦ ᠴᠢᠳᠠᠪᠠᠯ ᠢᠯᠡᠭᠦᠦ ᠶᠡᠬᠡ ᠶ᠋ᠢ ᠪᠦᠲᠦᠭᠡᠵᠦ ᠴᠢᠳᠠᠨ᠎ᠠ᠃ ᠪᠢᠳᠡ ᠪᠤᠰᠤᠳ ᠲᠠᠢ ᠠᠳᠠᠯᠢᠬᠠᠨ ᠵᠦᠢᠯ ᠢ᠋ ᠬᠢᠵᠦ ᠪᠠᠢᠭ᠎ᠠ ᠴᠦ᠍᠂ ᠬᠠᠮᠢᠶᠠᠷᠤᠯᠲᠠ ᠶ᠋ᠢᠨ ᠠᠵᠢᠯ ᠳᠡᠭᠡᠷ᠎ᠡ ᠡᠳᠡᠭᠡᠷ ᠲᠠᠪᠤᠨ ᠵᠦᠢᠯ ᠢ᠋ᠶ᠋ᠡᠷ ᠪᠤᠰᠤᠳ ᠠ᠋ᠴᠠ ᠢᠯᠭᠠᠷᠠᠵᠤ ᠴᠢᠳᠠᠪᠠᠯ ᠪᠤᠰᠤᠳ ᠠ᠋ᠴᠠ ᠪᠠᠨ ᠳᠠᠪᠠᠵᠤ᠂ ᠵᠠᠬ᠎ᠠ ᠳᠡᠯᠭᠡᠭᠦᠷ ᠦ᠋ᠨ ᠠᠵᠤ ᠠᠬᠤᠢ ᠥᠷᠢᠰᠦᠯᠳᠦᠭᠡᠨ ᠳ᠋ᠦ᠍ ᠢᠯᠠᠬᠤ ᠪᠦᠷᠢᠨ ᠪᠣᠯᠤᠮᠵᠢ ᠲᠠᠢ ᠪᠣᠯᠤᠨ᠎ᠠ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
