ᠲᠥᠯᠭᠡᠴᠢ ᠡᠪᠡᠰᠦТөлгөч өвсDalan tovch ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠥᠯᠭᠡᠴᠢ ᠡᠪᠡᠰᠦТөлгөч өвсDalan tovch

ᠲᠥᠯᠭᠡᠴᠢ ᠡᠪᠡᠰᠦТөлгөч өвсDalan tovch

2025-08-24

165

ᠲᠥᠯᠭᠡᠴᠢ ᠡᠪᠡᠰᠦ

   ᠲᠤᠰ ᠡᠮ ᠪᠣᠯ ᠤᠳ᠌ᠪᠠᠯ᠎ᠡ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠲᠥᠯᠭᠡᠴᠢ ᠡᠪᠡᠰᠦ ᠶ᠋ᠢᠨ ᠬᠠᠲᠠᠭᠠᠭᠰᠠᠨ ᠪᠦᠬᠦᠢ ᠡᠪᠡᠰᠦ ᠮᠥᠨ᠃ ᠪᠠᠰᠠ ᠪᠠᠮᠪᠤ᠂ ᠨᠠᠢᠲᠠᠭᠠᠯᠵᠢ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~100cm ᠥᠨᠳᠥᠷ᠂ ᠦᠨᠳᠦᠰᠦᠯᠢᠭ ᠡᠰᠢ ᠨᠢ ᠮᠠᠰᠢ ᠣᠬᠣᠷ᠂ ᠣᠯᠠᠨ ᠰᠠᠬᠠᠯ ᠦᠨᠳᠦᠰᠦ ᠲᠡᠢ᠃ ᠡᠰᠢ ᠨᠢ ᠰᠢᠯᠤᠭᠤᠨ᠂ ᠭᠠᠭᠴᠠᠭᠠᠷ ᠤᠷᠭᠤᠨ᠎ᠠ᠂ ᠲᠠᠷᠠᠮᠠᠭ ᠨᠠᠭᠠᠯᠳᠤᠨ ᠤᠷᠭᠤᠭᠰᠠᠨ ᠤᠷᠲᠤ ᠵᠥᠭᠡᠯᠡᠨ ᠦᠰᠦ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠪᠠᠷᠢᠭᠤᠯ ᠦᠭᠡᠢ᠃ ᠨᠠᠪᠴᠢᠨ ᠢᠯᠲᠠᠰᠤ ᠨᠢ ᠡᠰᠢᠨ ᠦ᠌ ᠳᠣᠣᠷ᠎ᠠ ᠬᠡᠰᠡᠭ ᠲᠦ᠍ ᠣᠷᠣᠰᠢᠵᠤ᠂ ᠴᠡᠴᠡᠭᠯᠡᠬᠦ ᠬᠤᠭᠤᠴᠠᠭᠠᠨ ᠳ᠋ᠤ᠌ ᠬᠤᠪᠠᠬᠠᠢᠷᠠᠨ᠎ᠠ᠃ ᠳᠤᠮᠳᠠ ᠬᠡᠰᠡᠭ ᠦ᠋ᠨ ᠨᠠᠪᠴᠢ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠥᠳᠥᠯᠢᠭ ᠭᠦᠨ ᠣᠨᠢ ᠲᠠᠢ᠂6~10cm ᠤᠷᠲᠤ᠂0.7~1.8cm ᠥᠷᠭᠡᠨ᠂ ᠱᠣᠪᠬᠣ ᠪᠤᠶᠤ ᠪᠠᠭᠠᠬᠠᠨ ᠮᠤᠬᠤᠷ ᠦᠵᠦᠭᠦᠷ ᠲᠡᠢ᠂ ᠤᠭ ᠨᠢ ᠡᠰᠢ ᠪᠡᠨ ᠬᠠᠭᠠᠰ ᠪᠠᠭᠯᠠᠨ᠎ᠠ᠂ ᠬᠥᠪᠡᠭᠡ ᠪᠡᠷ ᠨᠢ ᠰᠠᠮ ᠰᠢᠭ᠋ ᠥᠳᠥᠯᠢᠭ ᠰᠡᠵᠢᠭᠦᠷ ᠢᠯᠲᠠᠰᠤ ᠲᠠᠢ᠂ ᠰᠡᠵᠢᠭᠦᠷ ᠢᠯᠲᠠᠰᠤ ᠨᠢ ᠪᠦᠰᠡᠯᠢᠭ ᠪᠤᠶᠤ ᠤᠷᠲᠤᠯᠵᠢᠨ ᠲᠣᠭᠣᠷᠢᠭ ᠬᠡᠯᠪᠡᠷᠢ ᠲᠡᠢ᠂ ᠬᠡᠷᠴᠢᠶᠡᠰᠣᠲᠤ ᠬᠥᠪᠡᠭᠡ ᠲᠡᠢ᠂ ᠱᠣᠪᠬᠣ ᠦᠵᠦᠭᠦᠷ ᠲᠡᠢ᠂ ᠥᠪᠥᠷ ᠲᠤᠨᠢ ᠦᠰᠦ ᠦᠭᠡᠢ᠂ ᠠᠷᠤ ᠳ᠋ᠤᠨᠢ ᠵᠥᠭᠡᠯᠡᠨ ᠦᠰᠦ ᠲᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠢᠬᠴᠤᠷᠠᠵᠤ᠂ ᠲᠡᠭᠰᠢ ᠣᠷᠣᠢᠲᠤ ᠪᠣᠯᠳᠠᠭ᠃ ᠶᠡᠷᠦᠩᠬᠡᠢ ᠪᠠᠭᠯᠠᠭᠴᠢ ᠨᠢ ᠬᠤᠩᠬ᠎ᠠ ᠬᠡᠯᠪᠡᠷᠢ ᠲᠡᠢ᠂5~11 ᠬᠦᠢᠰ᠂3 ᠮᠥᠷ᠂ ᠸᠠᠭᠠᠷᠯᠠᠭᠰᠠᠨ ᠰᠢᠭ᠋᠂ ᠥᠷᠭᠡᠨ ᠬᠠᠪᠲᠠᠭᠠᠢ ᠲᠡᠪᠡᠨᠡ ᠬᠡᠯᠪᠡᠷᠢ ᠲᠡᠢ᠂ ᠡᠪᠡᠰᠦᠯᠢᠭ᠂ ᠬᠦᠷᠡᠩ ᠥᠩᠭᠡ ᠲᠡᠢ᠃ ᠬᠥᠪᠡᠭᠡ ᠳ᠋ᠡᠬᠢ ᠬᠡᠯᠡ ᠬᠡᠯᠪᠡᠷᠢᠲᠦ ᠴᠡᠴᠡᠭ ᠨᠢ ᠴᠠᠭᠠᠨ ᠥᠩᠭᠡ ᠲᠡᠢ᠂ ᠴᠡᠴᠡᠭ ᠦ᠋ᠨ ᠳᠡᠯᠪᠢ ᠨᠢ ᠥᠷᠭᠡᠨ ᠤᠷᠲᠤᠯᠵᠢᠨ ᠲᠣᠭᠣᠷᠢᠭ ᠠ᠋ᠴᠠ ᠲᠣᠭᠣᠷᠢᠭ ᠬᠡᠯᠪᠡᠷᠢ ᠲᠡᠢ᠂ ᠣᠷᠣᠢ ᠳ᠋ᠤᠨᠢ3 ᠣᠨᠢ ᠲᠠᠢ᠃ ᠭᠣᠣᠯ ᠳ᠋ᠠᠬᠢ ᠴᠣᠷᠭᠣ ᠬᠡᠯᠪᠡᠷᠢᠲᠦ ᠴᠡᠴᠡᠭ ᠨᠢ ᠬᠣᠣᠰ ᠪᠡᠯᠭᠡ ᠲᠡᠢ᠂ ᠴᠠᠭᠠᠨ ᠥᠩᠭᠡ ᠲᠡᠢ᠂ ᠦᠵᠦᠭᠦᠷ  ᠲᠤᠨᠢ ᠭᠦᠢᠬᠡᠨ ᠣᠨᠢ ᠲᠠᠢ᠂ ᠲᠣᠭᠣᠰᠣᠪᠴᠢ ᠨᠢ ᠰᠢᠷ᠎ᠠ ᠥᠩᠭᠡ ᠲᠡᠢ᠂ ᠪᠠᠭᠠᠨ᠎ᠠ ᠶ᠋ᠢᠨ ᠣᠷᠣᠢ ᠨᠢ ᠠᠴᠠ ᠰᠢᠭ᠋᠂ ᠳᠡᠯᠪᠢ ᠶ᠋ᠢᠨ ᠭᠠᠳᠠᠨ᠎ᠠ ᠴᠤᠬᠤᠢᠵᠤ ᠭᠠᠷᠳᠠᠭ᠃ ᠲᠤᠷᠠᠩᠬᠠᠢ ᠵᠢᠮᠢᠰ ᠨᠢ ᠬᠠᠪᠲᠠᠭᠠᠢ ᠵᠤᠤᠪᠠᠩ ᠬᠡᠯᠪᠡᠷᠢ ᠲᠡᠢ ᠪᠥᠭᠡᠳ ᠳᠠᠯᠠᠪᠴᠢ ᠲᠠᠢ᠂ ᠲᠢᠲᠢᠮ ᠦᠰᠦ ᠦᠭᠡᠢ᠃6~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠠᠵᠠᠷ ᠤ᠋ᠨ ᠣᠢ ᠶ᠋ᠢᠨ ᠬᠥᠪᠡᠭᠡ᠂ ᠪᠤᠲᠠ ᠮᠣᠳᠣᠨ ᠳᠤᠮᠳᠠ᠂ ᠭᠣᠣ ᠭᠠᠩᠭ᠎ᠠ ᠶ᠋ᠢᠨ ᠪᠡᠯᠴᠢᠭᠡᠷ ᠲᠦ᠍ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠴᠡᠴᠡᠭ ᠪᠦᠬᠦᠢ ᠪᠦᠬᠦᠯᠢ ᠡᠪᠡᠰᠦ ᠶ᠋ᠢ ᠨᠢ ᠲᠡᠭᠦᠵᠦ᠂ ᠬᠣᠯᠢᠮᠠᠭ ᠵᠦᠢᠯ ᠢ᠋ ᠨᠢ ᠠᠷᠢᠯᠭᠠᠭᠠᠳ᠂ ᠰᠡᠭᠦᠳᠡᠷ ᠲᠦ᠍ ᠬᠠᠲᠠᠭᠠᠬᠤ ᠪᠤᠶᠤ ᠬᠠᠨᠳᠠᠯᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ ᠠᠮᠲᠠ ᠲᠠᠢ᠂ᠰᠡᠷᠢᠭᠦᠨ ᠴᠢᠨᠠᠷ ᠲᠠᠢ᠂ᠬᠤᠷᠴᠠ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠭᠢᠬ᠎ᠠ ᠶ᠋ᠢ ᠡᠪᠳᠡᠬᠦ᠂ ᠬᠠᠪᠤᠳᠠᠷ ᠢ᠋ ᠬᠠᠷᠢᠭᠤᠯᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠭᠠᠳᠠᠷ ᠳᠣᠲᠣᠷ ᠴᠢᠭᠢᠬ᠎ᠠ᠂ ᠭᠠᠳᠠᠷ ᠰᠢᠷᠬ᠎ᠠ᠂ ᠦᠶ᠎ᠡ ᠭᠡᠰᠢᠭᠦᠦ ᠬᠠᠪᠤᠳᠴᠤ ᠬᠠᠯᠠᠭᠤᠷᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄蓍草
   ᠠᠩᠭ᠌ᠯᠢ ᠨᠡᠷ᠎ᠡ᠄Achillea alpina L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠴᠡᠪᠡᠷᠴᠡᠴᠡᠭ