ᠵᠣᠴᠢᠳ ᠢ᠋ᠶ᠋ᠠᠨ ᠣᠯᠵᠤ ᠠᠪᠬᠤ-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠠᠩᠬ᠎ᠠ ᠪᠢᠳᠡ ᠡᠵᠡᠩᠨᠡᠯᠲᠡ ᠶ᠋ᠢᠨ ᠤᠬᠠᠭᠠᠨ ᠤ᠋ ᠵᠣᠷᠢᠯᠲᠠ ᠶ᠋ᠢ ᠶᠠᠷᠢᠬᠤ ᠳ᠋ᠤ᠌᠂ ᠠᠮᠧᠷᠢᠺᠠ ᠶ᠋ᠢᠨ ᠡᠵᠡᠩᠨᠡᠯᠲᠡ ᠶ᠋ᠢᠨ ᠤᠬᠠᠭᠠᠨᠲᠠᠨ ᠳ᠋ᠤᠷᠠᠺ ᠤ᠋ᠨ «ᠡᠵᠡᠩᠨᠡᠯᠲᠡ ᠶ᠋ᠢᠨ ᠵᠣᠷᠢᠯᠲᠠ ᠪᠣᠯ ᠵᠣᠴᠢᠳ ᠡᠭᠦᠳᠬᠦ ᠶ᠋ᠢ ᠬᠡᠯᠡᠨ᠎ᠡ» ᠭᠡᠮᠡᠨ ᠶᠠᠷᠢᠭᠰᠠᠨ ᠢ᠋ ᠵᠠᠳᠠᠯᠵᠤ ᠪᠠᠢᠭᠰᠠᠨ ᠪᠢᠯᠡ᠃ ᠡᠨᠳᠡ ᠣᠳᠣ ᠪᠢᠳᠡ ᠲᠡᠭᠦᠨ ᠢ᠋ ᠳᠡᠯᠭᠡᠷᠡᠭᠦᠯᠦᠭᠡᠳ ᠶᠠᠷᠢᠬᠤ ᠳ᠋ᠤ᠌᠂ ᠵᠣᠴᠢᠳ ᠢ᠋ ᠡᠭᠦᠳᠬᠦ ᠭᠡᠳᠡᠭ ᠨᠢ ᠮᠠᠨ ᠤ᠋ ᠲᠠᠸᠠᠷ ᠪᠦᠲᠦᠭᠡᠭᠳᠡᠬᠦᠨ ᠢ᠋ ᠬᠡᠷᠡᠭᠯᠡᠬᠦ ᠬᠥᠮᠦᠰ ᠢ᠋ ᠡᠷᠢᠵᠦ ᠭᠠᠷᠭᠠᠬᠤ ᠪᠣᠯᠤᠨ ᠶᠠᠭᠤ ᠬᠡᠷᠡᠭᠯᠡᠬᠦ ᠪᠡᠨ ᠮᠡᠳᠡᠬᠦ ᠦᠭᠡᠢ ᠪᠠᠢᠬᠤ ᠬᠥᠮᠦᠰ ᠲᠦ᠍ ᠬᠡᠷᠡᠭᠯᠡᠬᠦ ᠰᠢᠨ᠎ᠡ ᠵᠦᠢᠯ ᠢ᠋ ᠡᠭᠦᠳᠴᠦ ᠥᠭᠬᠦ ᠶ᠋ᠢ ᠬᠡᠯᠡᠳᠡᠭ ᠶᠦᠮ ᠪᠠᠢᠨ᠎ᠠ ᠃ ᠡᠭᠦᠨ ᠡᠴᠡ ᠦᠵᠡᠬᠦ ᠳ᠋ᠦ᠍ ᠵᠣᠴᠢᠳ ᠢ᠋ᠶ᠋ᠠᠨ ᠣᠯᠵᠤ ᠠᠪᠬᠤ ᠪᠣᠯ ᠲᠤᠢᠯ ᠤ᠋ᠨ ᠴᠢᠬᠤᠯᠠ ᠠᠵᠢᠯ ᠶᠤᠮ᠃
ᠶᠠᠮᠠᠷ ᠴᠤ᠌ ᠠᠵᠤ ᠠᠬᠤᠢ ᠶ᠋ᠢᠨ ᠦᠢᠯᠡ ᠠᠵᠢᠯᠠᠯᠭ᠎ᠠ᠂ ᠠᠷᠠᠯᠵᠢᠶ᠎ᠠ ᠬᠤᠳᠠᠯᠳᠤᠭ᠎ᠠ ᠰᠣᠯᠢᠯᠴᠠᠭ᠎ᠠ ᠪᠠᠷ ᠳᠡᠮᠵᠢᠵᠦ ᠪᠡᠶᠡᠯᠡᠭᠳᠡᠳᠡᠭ᠃ ᠰᠣᠯᠢᠯᠴᠠᠭ᠎ᠠ ᠶᠠᠪᠤᠭᠳᠠᠭᠰᠠᠨ ᠤ᠋ ᠰᠠᠭᠤᠷᠢᠨ ᠳᠡᠭᠡᠷ᠎ᠡ ᠪᠢᠳᠡ ᠲᠠᠸᠠᠷ ᠪᠦᠲᠦᠭᠡᠭᠳᠡᠬᠦᠨ ᠢ᠋ᠶ᠋ᠡᠨ ᠬᠤᠳᠠᠯᠳᠤᠵᠤ᠂ ᠨᠥᠭᠦᠭᠡ ᠡᠲᠡᠭᠡᠳ ᠬᠡᠷᠡᠭᠴᠡᠭᠡ ᠲᠡᠢ ᠲᠠᠸᠠᠷ ᠪᠦᠲᠦᠭᠡᠭᠳᠡᠬᠦᠨ ᠢ᠋ᠶ᠋ᠡᠨ ᠬᠤᠳᠠᠯᠳᠤᠨ ᠠᠪᠴᠤ ᠬᠠᠷᠢᠯᠴᠠᠨ ᠠᠰᠢᠭ ᠬᠦᠷᠲᠡᠳᠡᠭ᠃ ᠡᠨᠡᠬᠦ ᠰᠣᠯᠢᠯᠴᠠᠭ᠎ᠠ ᠪᠡᠶᠡᠯᠡᠭᠳᠡᠬᠦ ᠶᠠᠪᠤᠴᠠ ᠳ᠋ᠤ᠌ ᠪᠢᠳᠡᠨ ᠲᠠᠸᠠᠷ ᠪᠦᠲᠦᠭᠡᠭᠳᠡᠬᠦᠨ ᠢ᠋ ᠬᠡᠷᠡᠭᠯᠡᠬᠦ ᠬᠥᠮᠦᠨ᠂ ᠳᠠᠷᠤᠢ ᠵᠣᠴᠢᠨ ᠢ᠋ᠶ᠋ᠠᠨ ᠬᠡᠨ ᠪᠣᠯᠬᠤ ᠶ᠋ᠢ ᠣᠯᠵᠤ ᠠᠪᠬᠤ ᠨᠢ ᠬᠠᠮᠤᠭ ᠴᠢᠬᠤᠯᠠ᠃ ᠥᠭᠡᠷ᠎ᠡ ᠪᠡᠷ ᠬᠡᠯᠡᠪᠡᠯ ᠵᠣᠴᠢᠨ ᠪᠠᠢᠬᠤ ᠦᠭᠡᠢ ᠪᠣᠯ ᠮᠠᠨ ᠤ᠋ ᠡᠨᠡᠬᠦ ᠰᠣᠯᠢᠯᠴᠠᠭ᠎ᠠ ᠶᠠᠪᠤᠭᠳᠠᠬᠤ ᠶᠠᠮᠠᠷ ᠴᠤ᠌ ᠪᠣᠯᠤᠮᠵᠢ ᠪᠠᠢᠬᠤ ᠦᠭᠡᠢ ᠪᠣᠯᠤᠨ᠎ᠠ ᠃ ᠲᠡᠢᠮᠦ ᠡᠴᠡ ᠵᠣᠴᠢᠨ ᠣᠯᠬᠤ ᠪᠣᠯ ᠶᠠᠭᠠᠬᠢᠬᠤ ᠠᠷᠭ᠎ᠠ ᠦᠭᠡᠢ ᠪᠦᠬᠦᠢᠯᠡ ᠡᠵᠡᠩᠨᠡᠯᠲᠡ ᠶ᠋ᠢᠨ ᠶᠠᠪᠤᠴᠠ ᠳ᠋ᠤ᠌ ᠬᠥᠷᠥᠩᠭᠡ ᠮᠥᠩᠭᠥᠨ ᠡᠴᠡ ᠴᠦ᠍ ᠴᠢᠬᠤᠯᠠ ᠵᠦᠢᠯ ᠪᠣᠯᠤᠨ᠎ᠠ᠃
ᠬᠥᠮᠦᠨ ᠮᠥᠩᠭᠥ ᠲᠥᠭᠥᠷᠢᠭ ᠳᠤᠲᠠᠭᠤ ᠪᠠᠢᠬᠤ ᠳ᠋ᠤ᠌ ᠡᠵᠡᠩᠨᠡᠯᠲᠡ ᠬᠢᠵᠦ ᠪᠣᠯᠤᠨ᠎ᠠ᠂ ᠭᠡᠬᠦ ᠳ᠋ᠦ᠍ ᠵᠣᠴᠢᠨ ᠪᠠᠢᠬᠤ ᠦᠭᠡᠢ ᠪᠣᠯ ᠶᠠᠮᠠᠷ ᠴᠤ᠌ ᠰᠣᠯᠢᠯᠴᠠᠭ᠎ᠠ ᠦᠭᠡᠢ ᠪᠣᠯᠵᠤ ᠪᠦᠷᠢᠨ ᠳᠠᠮᠫᠤᠷᠠᠯ ᠳ᠋ᠤ᠌ ᠤᠴᠠᠷᠠᠬᠤ ᠶᠤᠮ᠃ ᠲᠡᠭᠡᠪᠡᠯ ᠪᠢᠳᠡᠨ ᠦ᠌ ᠵᠣᠴᠢᠨ ᠬᠡᠨ ᠪᠣᠢ᠂ ᠪᠢᠳᠡ ᠶᠠᠭᠠᠬᠢᠵᠤ ᠵᠣᠴᠢᠨ ᠢ᠋ᠶ᠋ᠠᠨ ᠣᠯᠬᠤ ᠪᠣᠢ? ᠠᠳᠠ ᠵᠣᠴᠢᠨ ᠢ᠋ ᠪᠡᠯᠡᠳᠬᠡᠯ ᠵᠣᠴᠢᠨ᠂ ᠰᠢᠨ᠎ᠡ ᠵᠣᠴᠢᠨ᠂ ᠲᠠᠨᠢᠯ ᠵᠣᠴᠢᠨ ᠭᠡᠮᠡᠨ ᠭᠤᠷᠪᠠ ᠠᠩᠭᠢᠯᠠᠵᠤ᠂ ᠲᠤᠰ ᠲᠤᠰ ᠤ᠋ᠨ ᠬᠢᠨᠢ ᠣᠯᠬᠤ ᠠᠷᠭ᠎ᠠ ᠶ᠋ᠢ ᠰᠤᠳᠤᠯᠬᠤ ᠪᠣᠯᠤᠨ᠎ᠠ᠃ ᠥᠨᠥᠳᠥᠷ ᠪᠢᠳᠡ ᠬᠡᠷᠬᠢᠨ ᠪᠡᠯᠡᠳᠬᠡᠯ ᠵᠣᠴᠢᠨ ᠴᠤᠭᠯᠠᠭᠤᠯᠬᠤ ᠠᠷᠭ᠎ᠠ ᠶ᠋ᠢ ᠰᠤᠷᠤᠯᠴᠠᠨ᠎ᠠ᠃
ᠪᠡᠯᠡᠳᠬᠡᠯ ᠵᠣᠴᠢᠨ ᠣᠯᠬᠤ ᠭᠡᠳᠡᠭ ᠪᠣᠯ ᠮᠠᠨ ᠤ᠋ ᠲᠠᠸᠠᠷ ᠪᠦᠲᠦᠭᠡᠭᠳᠡᠬᠦᠨ ᠢ᠋ ᠠᠪᠬᠤ ᠪᠣᠯᠤᠮᠵᠢ ᠲᠠᠢ ᠬᠥᠮᠦᠰ ᠢ᠋ ᠡᠷᠢᠵᠦ ᠣᠯᠬᠤ ᠶ᠋ᠢ ᠬᠡᠯᠡᠨ᠎ᠡ᠃ ᠪᠢᠳᠡ ᠡᠭᠦᠨ ᠢ᠋ ᠵᠣᠬᠢᠬᠤ ᠠᠷᠭ᠎ᠠ ᠪᠠᠷᠢᠯ ᠢ᠋ᠶ᠋ᠠᠷ ᠳᠡᠮᠵᠢᠵᠦ ᠡᠷᠢᠵᠦ ᠭᠠᠷᠭᠠᠬᠤ ᠪᠣᠯᠤᠨ᠎ᠠ᠂ ᠬᠠᠷᠢᠨ ᠰᠢᠭᠤᠳ ᠬᠡᠨ ᠨᠢᠭᠡᠨ ᠡᠴᠡ ᠠᠰᠠᠭᠤᠬᠤ ᠪᠤᠶᠤ ᠬᠠᠷᠠᠭᠠᠳ ᠮᠡᠳᠡᠴᠢᠬᠡᠬᠦ ᠤᠴᠢᠷ ᠪᠢᠰᠢ᠃ ᠡᠢᠮᠦ ᠡᠴᠡ ᠡᠭᠦᠨ ᠳ᠋ᠦ᠍ ᠪᠣᠳᠠᠲᠠᠢ ᠠᠷᠭ᠎ᠠ ᠤ᠋ᠳ ᠬᠡᠷᠡᠭᠲᠡᠢ ᠪᠠᠢᠳᠠᠭ᠃ ᠡᠭᠦᠨ ᠳ᠋ᠦ᠍ ᠪᠢᠳᠡᠨ ᠦ᠌ ᠶᠡᠷᠦᠳᠡ ᠶ᠋ᠢᠨ ᠬᠡᠷᠡᠭᠯᠡᠳᠡᠭ ᠠᠷᠭ᠎ᠠ ᠭᠡᠪᠡᠯ ᠵᠢᠱ᠌ᠢᠶ᠎ᠡ ᠨᠢ ᠫᠠᠢᠰᠠ ᠢᠯᠡᠷᠬᠡᠢᠯᠡᠯ᠂ ᠨᠡᠷ᠎ᠡ ᠶ᠋ᠢᠨ ᠬᠠᠭᠤᠳᠠᠰᠤ ᠂ ᠰᠦᠯᠵᠢᠶ᠎ᠡ᠂ ᠬᠡᠪᠯᠡᠯ ᠬᠥᠮᠦᠨ ᠦ᠌ ᠬᠠᠷᠢᠴᠠᠭ᠎ᠠ᠂ ᠬᠢᠮᠳᠠ ᠳᠠᠮᠵᠢᠭᠤᠯᠤᠭᠴᠢ᠂ ᠵᠠᠷ ᠤ᠋ᠨ ᠬᠠᠭᠤᠳᠠᠰᠤ᠂ ᠦᠵᠡᠭᠦᠯᠦᠯᠭᠡ᠂ ᠣᠬᠣᠷ ᠴᠢᠮᠡᠭᠡ᠂ ᠸᠢᠴᠠᠲ᠂ ᠭᠠᠷ ᠤᠲᠠᠰᠤ ᠂ ᠠᠮᠠ ᠪᠠᠷ ᠳᠠᠮᠵᠢᠭᠤᠯᠬᠤ ᠭᠡᠬᠦ ᠮᠡᠲᠦ ᠣᠯᠠᠨ ᠪᠣᠢ᠃ ᠡᠨᠡ ᠳᠤᠮᠳᠠ ᠠ᠋ᠴᠠ ᠪᠢᠳᠡ ᠥᠪᠡᠷ ᠲᠦ᠍ ᠲᠣᠬᠢᠷᠠᠬᠤ᠂ ᠮᠠᠨ ᠤ᠋ ᠲᠠᠸᠠᠷ ᠪᠦᠲᠦᠭᠡᠭᠳᠡᠬᠦᠨ ᠳ᠋ᠦ᠍ ᠬᠡᠷᠡᠭᠯᠡᠬᠦ ᠳ᠋ᠦ᠍ ᠲᠣᠬᠢᠷᠠᠮᠵᠢᠲᠠᠢ ᠠᠷᠭ᠎ᠠ ᠤ᠋ᠳ ᠢ᠋ ᠰᠣᠩᠭᠣᠨ ᠠᠪᠴᠤ ᠬᠡᠷᠡᠭᠯᠡᠨ ᠂ ᠥᠪᠡᠷ ᠢ᠋ ᠪᠡᠨ ᠪᠤᠰᠤᠳ ᠲᠤ᠌ ᠮᠡᠳᠡᠭᠦᠯᠦᠨ᠎ᠡ᠃ ᠮᠡᠳᠡᠭᠦᠯᠬᠦ ᠳᠡᠭᠡᠨ ᠪᠢᠳᠡ ᠪᠠᠰᠠ ᠠᠯᠬᠤᠮ ᠳᠠᠷᠠᠭ᠎ᠠ ᠲᠠᠢ ᠥᠪᠡᠷ ᠢ᠋ ᠪᠡᠨ᠂ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠰᠤᠷᠲᠠᠯᠴᠢᠯᠠᠬᠤ ᠬᠡᠷᠡᠭᠲᠡᠢ᠃ ᠠᠯᠬᠤᠮ ᠳᠠᠷᠠᠭ᠎ᠠ ᠳ᠋ᠤ᠌ ᠭᠣᠣᠯᠳᠠᠭᠤ ᠪᠢᠳᠡ ᠢᠯᠡᠷᠡᠬᠦ᠂ ᠲᠠᠨᠢᠯᠴᠠᠭᠤᠯᠬᠤ᠂ ᠠᠰᠠᠭᠤᠨ ᠯᠠᠪᠯᠠᠬᠤ ᠭᠡᠬᠦ ᠱᠠᠲᠤ ᠳᠠᠷᠠᠭ᠎ᠠ ᠪᠠᠷ ᠶᠠᠪᠤᠵᠤ ᠪᠣᠯᠤᠨ᠎ᠠ᠃
ᠢᠯᠡᠷᠡᠬᠦ ᠭᠡᠳᠡᠭ ᠪᠣᠯ ᠪᠢᠳᠡᠨ ᠦ᠌ ᠨᠡᠷ᠎ᠡ᠂ ᠪᠢᠳᠡᠨ ᠦ᠌ ᠲᠠᠸᠠᠷ ᠪᠦᠲᠦᠭᠡᠭᠳᠡᠬᠦᠨ ᠳᠡᠭᠡᠷᠡᠬᠢ ᠣᠯᠠᠨ ᠵᠦᠢᠯ ᠦ᠋ᠨ ᠲᠠᠨᠢᠯᠴᠠᠭᠤᠯᠬᠤ ᠠᠷᠭ᠎ᠠ ᠬᠡᠯᠪᠡᠷᠢ ᠪᠡᠷ ᠳᠠᠮᠵᠢᠨ ᠪᠤᠰᠣᠳ ᠤ᠋ᠨ ᠡᠮᠦᠨ᠎ᠡ ᠢᠯᠡᠷᠡᠬᠦ ᠤᠳᠠᠭ᠎ᠠ ᠶ᠋ᠢ ᠵᠢᠭᠠᠵᠤ ᠪᠠᠢᠨ᠎ᠠ᠃ ᠢᠯᠡᠷᠡᠬᠦ ᠤᠳᠠᠭ᠎ᠠ ᠨᠢ ᠣᠯᠠᠨ ᠪᠣᠯᠬᠤ ᠳᠣᠳᠣᠮ ᠮᠠᠨ ᠤ᠋ ᠲᠠᠸᠠᠷ ᠪᠦᠲᠦᠭᠡᠭᠳᠡᠬᠦᠨ ᠢ᠋ ᠬᠥᠮᠦᠰ ᠲᠠᠨᠢᠵᠤ ᠮᠡᠳᠡᠬᠦ ᠨᠢ ᠣᠯᠠᠨ ᠪᠣᠯᠵᠤ᠂ ᠮᠠᠨ ᠤ᠋ ᠵᠣᠴᠢᠨ ᠪᠣᠯᠬᠤ ᠪᠣᠯᠤᠮᠵᠢ ᠠᠩᠬ᠎ᠠ ᠠᠯᠬᠤᠮ ᠨᠡᠭᠡᠭᠡᠭᠳᠡᠬᠦ ᠪᠣᠯᠤᠨ᠎ᠠ᠃ ᠬᠠᠷᠢᠨ ᠲᠠᠨᠢᠯᠴᠠᠭᠤᠯᠬᠤ ᠭᠡᠳᠡᠭ ᠪᠣᠯ ᠢᠯᠡᠷᠡᠬᠦ ᠤᠳᠠᠭ᠎ᠠ ᠣᠯᠠᠨ ᠪᠣᠯᠭᠠᠭᠰᠠᠨ ᠤ᠋ ᠰᠠᠭᠤᠷᠢᠨ ᠳᠡᠭᠡᠷ᠎ᠡ ᠪᠢᠳᠡᠨ ᠢ᠋ ᠮᠡᠳᠡᠭᠰᠡᠨ ᠣᠢᠯᠭᠠᠭᠰᠠᠨ ᠪᠣᠯᠤᠮᠵᠢ ᠶ᠋ᠢᠨ ᠬᠥᠮᠦᠰ ᠢ᠋ ᠰᠣᠩᠭᠣᠨ ᠭᠠᠷᠭᠠᠵᠤ᠂ ᠲᠡᠳᠡᠨ ᠦ᠌ ᠲᠤᠰ ᠲᠤᠰ ᠤ᠋ᠨ ᠬᠢᠨᠢ ᠪᠠᠢᠳᠠᠯ᠂ ᠬᠤᠳᠠᠯᠳᠤᠨ ᠠᠪᠬᠤ ᠣᠨᠴᠠᠯᠢᠭ ᠲᠤ᠌ ᠨᠢ ᠲᠣᠬᠢᠷᠠᠭᠤᠯᠤᠨ ᠥᠪᠡᠷ ᠦ᠋ᠨ ᠲᠠᠸᠠᠷ ᠪᠦᠲᠦᠭᠡᠭᠳᠡᠬᠦᠨ ᠦ᠌ ᠪᠡᠨ ᠣᠨᠴᠠᠯᠢᠭ ᠰᠢᠨᠵᠢ᠂ ᠳᠠᠪᠠᠭᠤᠯᠢᠭ ᠲᠠᠯ᠎ᠠ ᠶ᠋ᠢ ᠬᠠᠨᠳᠤᠯᠭ᠎ᠠ ᠲᠠᠢ ᠲᠠᠨᠢᠯᠴᠠᠭᠤᠯᠬᠤ ᠶᠠᠪᠤᠴᠠ ᠶ᠋ᠢ ᠵᠢᠭᠠᠨ᠎ᠠ᠃ ᠡᠨᠡᠬᠦ ᠲᠠᠨᠢᠯᠴᠠᠭᠤᠯᠭ᠎ᠠ ᠨᠢ ᠡᠷᠬᠡᠪᠰᠢ ᠳᠥᠭᠥᠮ ᠠᠪᠰᠠᠷ᠂ ᠰᠣᠨᠢᠷᠬᠠᠯ ᠲᠠᠢ ᠪᠠᠢᠵᠤ ᠬᠥᠮᠦᠰ ᠦ᠋ᠨ ᠬᠠᠷᠠᠭᠠᠨ ᠳ᠋ᠤ᠌ ᠢᠯᠡᠭᠦᠦ ᠬᠦᠷᠳᠡᠭ᠃
ᠢᠩᠭᠢᠭᠰᠡᠨ ᠢ᠋ᠶ᠋ᠡᠷ ᠪᠢᠳᠡ ᠥᠪᠡᠷ ᠦ᠋ᠨ ᠵᠣᠴᠢᠨ ᠪᠣᠯᠬᠤ ᠬᠥᠮᠦᠰ ᠲᠡᠭᠡᠨ ᠤᠯᠠᠮ ᠨᠢᠭᠡ ᠠᠯᠬᠤᠮ ᠰᠢᠯᠢᠯᠲᠡ ᠬᠢᠭᠰᠡᠨ ᠬᠡᠷᠡᠭ ᠪᠣᠯᠤᠨ᠎ᠠ᠃ ᠬᠠᠷᠢᠨ ᠡᠨᠡ ᠳᠤᠮᠳᠠ ᠠ᠋ᠴᠠ ᠠᠰᠠᠭᠤᠨ ᠯᠠᠪᠯᠠᠬᠤ ᠠᠷᠭ᠎ᠠ ᠪᠠᠷ ᠳᠠᠮᠵᠢᠨ ᠵᠢᠩᠬᠢᠨᠢ ᠮᠠᠨ ᠤ᠋ ᠬᠡᠷᠡᠭᠯᠡᠴᠢ ᠪᠣᠯᠬᠤ ᠬᠥᠮᠦᠰ ᠢ᠋ ᠣᠯᠵᠤ ᠠᠪᠬᠤ ᠶ᠋ᠢ ᠠᠰᠠᠭᠤᠨ ᠯᠠᠪᠯᠠᠬᠤ ᠭᠡᠨ᠎ᠡ᠃ ᠡᠭᠦᠨ ᠳ᠋ᠦ᠍ ᠡᠷᠬᠡᠪᠰᠢ ᠠᠰᠠᠭᠤᠬᠤ ᠠᠷᠭ᠎ᠠ ᠪᠠᠨ ᠵᠥᠪ ᠰᠣᠩᠭᠣᠬᠤ ᠬᠡᠷᠡᠭᠲᠡᠢ᠃ ᠡᠳᠡᠭᠡᠷ ᠣᠯᠠᠨ ᠳᠡᠰ ᠳᠠᠷᠠᠭ᠎ᠠ ᠲᠠᠢ᠂ ᠪᠦᠷᠢᠳᠬᠡᠯ ᠲᠡᠢ ᠠᠷᠭ᠎ᠠ ᠪᠠᠷ ᠳᠠᠮᠵᠢᠨ ᠪᠠᠢᠵᠤ ᠥᠪᠡᠷ ᠦ᠋ᠨ ᠵᠣᠴᠢᠨ ᠪᠣᠯᠬᠤ ᠬᠥᠮᠦᠰ ᠢ᠋ᠶ᠋ᠡᠨ ᠡᠷᠢᠵᠦ ᠭᠠᠷᠭᠠᠬᠤ ᠨᠢ ᠪᠡᠯᠡᠳᠬᠡᠯ ᠵᠣᠴᠢᠨ ᠴᠤᠭᠯᠠᠭᠤᠯᠬᠤ ᠠᠷᠭ᠎ᠠ ᠪᠣᠯᠤᠨ᠎ᠠ᠃ ᠡᠭᠦᠨ ᠦ᠌ ᠡᠴᠦᠰ ᠲᠦ᠍ ᠪᠢᠳᠡᠨ ᠦ᠌ ᠵᠣᠴᠢᠨ ᠪᠣᠯᠬᠤ ᠬᠥᠮᠦᠰ ᠮᠠᠨ ᠤ᠋ ᠡᠷᠭᠢᠨ ᠲᠣᠭᠣᠷᠢᠨ ᠳ᠋ᠤ᠌ ᠴᠤᠭᠯᠠᠷᠠᠵᠤ ᠢᠷᠡᠳᠡᠭ᠃ ᠡᠨᠡ ᠳᠤᠮᠳᠠ ᠵᠠᠪᠠᠯ ᠪᠦᠷᠢᠳᠬᠡᠯ ᠢ᠋ ᠰᠠᠢᠲᠤᠷ ᠬᠢᠬᠦ ᠬᠡᠷᠡᠭᠲᠡᠢ᠃ ᠪᠡᠯᠡᠳᠬᠡᠯ ᠵᠣᠴᠢᠨ ᠪᠦᠷᠢᠯᠳᠦᠭᠰᠡᠨ ᠢ᠋ᠶ᠋ᠡᠷ ᠮᠠᠨ ᠤ᠋ ᠲᠠᠸᠠᠷ ᠪᠦᠲᠦᠭᠡᠭᠳᠡᠬᠦᠨ ᠰᠣᠯᠢᠯᠴᠠᠭᠠᠨ ᠳ᠋ᠤ᠌ ᠣᠷᠣᠬᠤ ᠪᠣᠯᠤᠮᠵᠢ ᠲᠠᠢ ᠪᠣᠯᠵᠤ᠂ ᠠᠰᠢᠭ ᠣᠷᠣᠯᠭ᠎ᠠ ᠣᠯᠬᠤ ᠡᠭᠦᠳᠡ ᠨᠡᠬᠡᠭᠡᠭᠳᠡᠳᠡᠭ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
