ᠴᠠᠭᠠᠨ ᠲᠡᠮᠦᠷ ᠣᠷᠢᠶᠠᠩᠭᠤЦагаан дамар ороонгоTsagaan damar oroongo
ᠴᠠᠭᠠᠨ ᠲᠡᠮᠦᠷ ᠣᠷᠢᠶᠠᠩᠭᠤ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠨᠠᠷᠢᠨ ᠨᠠᠪᠴᠢᠲᠤ ᠣᠷᠢᠶᠠᠮᠤᠭ ᠤ᠋ᠨ ᠬᠠᠲᠠᠭᠠᠭᠰᠠᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠶᠸᠮᠤᠩᠭᠠᠷᠪᠤ ᠭᠡᠳᠡᠭ᠃
[ ᠤᠤᠯ ᠤᠷᠭᠤᠮᠠᠯ] ᠡᠪᠡᠰᠦᠯᠢᠭ ᠳᠠᠩᠰᠠ ᠤᠷᠭᠤᠮᠠᠯ᠃ ᠦᠨᠳᠦᠰᠦ ᠨᠢ ᠨᠠᠷᠢᠨ ᠤᠷᠲᠤ᠂ ᠮᠥᠴᠢᠷ ᠨᠢ ᠨᠠᠷᠢᠬᠠᠨ᠂ ᠤᠷᠲᠤ ᠨᠢ2m᠂ ᠳ᠋ᠢᠶᠠᠮᠧᠲ᠋ᠷ ᠨᠢ ᠪᠠᠷᠤᠭ2mm ᠣᠷᠴᠢᠮ᠂ ᠨᠠᠷᠢᠨ ᠭᠤᠯᠳᠤ ᠢᠷᠮᠡᠭ ᠲᠡᠢ᠂ ᠤᠯᠠᠪᠤᠷ ᠬᠦᠷᠡᠩ ᠥᠩᠭᠡ ᠲᠡᠢ᠂ ᠲᠠᠷᠠᠮᠠᠭ ᠣᠬᠣᠷ ᠵᠥᠭᠡᠯᠡᠨ ᠦᠰᠦ ᠲᠡᠢ ᠪᠤᠶᠤ ᠦᠰᠦ ᠦᠭᠡᠢ᠃ ᠨᠠᠪᠴᠢ ᠨᠢ ᠴᠢᠭᠲᠠᠯᠠᠨ ᠤᠷᠭᠤᠨ᠎ᠠ᠃ ᠭᠤᠷᠪᠠ ᠠ᠋ᠴᠠ ᠳᠥᠷᠪᠡᠳᠡᠭᠰᠡᠨ ᠥᠳᠥᠯᠢᠭ ᠨᠠᠷᠢᠨ ᠣᠨᠢ ᠲᠠᠢ᠂7~14cm ᠤᠷᠲᠤ᠂3~5 ᠬᠣᠣᠰ ᠥᠳᠥᠯᠢᠭ ᠢᠯᠲᠠᠰᠤ ᠲᠠᠢ᠂1.5~5cm ᠤᠷᠲᠤ᠂ ᠡᠴᠦᠰ ᠦ᠋ᠨ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡᠯᠢᠭ ᠪᠦᠰᠡ ᠬᠡᠯᠪᠡᠷᠢ ᠲᠡᠢ᠂0.5~2mm ᠥᠷᠭᠡᠨ᠂ ᠬᠣᠶᠠᠷ ᠲᠠᠯ᠎ᠠ ᠳ᠋ᠤᠨᠢ ᠵᠢᠭᠠᠬᠠᠨ ᠦᠰᠦ ᠲᠡᠢ᠃ ᠨᠠᠪᠴᠢᠨ ᠪᠠᠷᠢᠭᠤᠯ ᠨᠢ2cm ᠣᠷᠴᠢᠮ ᠤᠷᠲᠤ᠂ ᠲᠠᠷᠠᠮᠠᠭ ᠵᠥᠭᠡᠯᠡᠨ ᠦᠰᠦ ᠲᠡᠢ᠃ ᠴᠣᠮᠬᠠᠨ ᠪᠠᠭ ᠴᠡᠴᠡᠭ ᠨᠢ ᠨᠠᠪᠴᠢᠨ ᠰᠤᠭᠤ ᠳ᠋ᠤ᠌ ᠳᠡᠯᠭᠡᠷᠡᠨ᠎ᠡ᠃1~3 ᠬᠦᠢᠰ ᠴᠡᠴᠡᠭ ᠲᠡᠢ᠃ ᠴᠡᠴᠡᠭ ᠦ᠋ᠨ ᠪᠠᠷᠢᠭᠤᠯ ᠨᠢ ᠨᠠᠷᠢᠨ᠂ ᠤᠷᠲᠤ ᠨᠢ9cm ᠬᠦᠷᠳᠡᠭ᠂ ᠲᠠᠷᠠᠮᠠᠭ ᠵᠥᠭᠡᠯᠡᠨ ᠦᠰᠦ ᠲᠡᠢ᠂ ᠣᠷᠣᠢ ᠶ᠋ᠢᠨ ᠬᠡᠰᠡᠭ ᠨᠢ ᠳᠣᠷᠣᠭᠰᠢ ᠪᠠᠨ ᠮᠤᠷᠤᠢ᠂ ᠪᠠᠭᠯᠠᠭᠴᠢ ᠢᠯᠲᠠᠰᠤ ᠨᠢ ᠨᠠᠪᠴᠢᠯᠢᠭ᠂ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂ ᠰᠢᠷᠠᠩᠭᠤᠢ ᠥᠩᠭᠡ ᠲᠡᠢ᠂4 ᠲᠣᠭᠳᠣᠢ ᠢᠯᠲᠠᠰᠤ ᠲᠠᠢ᠂ ᠲᠡᠭᠰᠢ ᠲᠣᠭᠣᠷᠢᠭ ᠪᠤᠶᠤ ᠥᠨᠳᠡᠭᠡᠯᠵᠢᠨ ᠬᠡᠯᠪᠡᠷᠢ ᠲᠡᠢ᠂1~1.8cm ᠤᠷᠲᠤ᠂3~5cm ᠥᠷᠭᠡᠨ᠂3 ᠵᠤᠷᠪᠤᠰ ᠢᠯᠡᠬᠡᠨ ᠰᠤᠳᠠᠰᠤ ᠲᠠᠢ᠂ ᠭᠠᠳᠠᠷ ᠲᠠᠯ᠎ᠠ ᠳ᠋ᠤᠨᠢ ᠲᠠᠷᠠᠮᠠᠭ ᠵᠥᠭᠡᠯᠡᠨ ᠦᠰᠦ ᠲᠡᠢ᠂ ᠬᠥᠪᠡᠭᠡ ᠶ᠋ᠢ ᠨᠢ ᠳᠠᠭᠠᠭᠠᠳ ᠨᠢᠭ ᠣᠬᠣᠷ ᠵᠥᠭᠡᠯᠡᠨ ᠦᠰᠦ ᠲᠡᠢ᠂ ᠳᠣᠲᠣᠷ᠎ᠠ ᠲᠠᠯ᠎ᠠ ᠳ᠋ᠤᠨᠢ ᠦᠰᠦ ᠦᠭᠡᠢ᠂ ᠦᠵᠦᠭᠦᠷ ᠨᠢ ᠵᠢᠭᠠᠬᠠᠨ ᠭᠠᠳᠠᠭᠰᠢ ᠮᠠᠲᠠᠷᠢᠨ᠎ᠠ᠃ ᠴᠡᠴᠡᠭ ᠨᠢ ᠬᠡᠯᠲᠡᠰ ᠦᠭᠡᠢ᠃ ᠣᠯᠠᠨ ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠤ᠋ᠨ ᠬᠠᠭᠠᠰ ᠣᠷᠴᠢᠮ ᠤᠷᠲᠤ᠂ ᠳᠣᠬᠢᠭᠤᠷ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠤᠭ ᠥᠭᠡᠳᠡ ᠪᠡᠨ ᠠᠶᠠᠨᠳᠠᠭᠠᠨ ᠥᠷᠭᠡᠵᠢᠨ᠎ᠡ᠂ ᠲᠠᠷᠠᠮᠠᠭ ᠵᠥᠭᠡᠯᠡᠨ ᠦᠰᠦ ᠲᠡᠢ᠂ ᠲᠣᠭᠣᠰᠣᠪᠴᠢ ᠨᠢ ᠦᠰᠦ ᠦᠭᠡᠢ᠂ ᠤᠷᠲᠤᠯᠵᠢᠨ ᠵᠤᠤᠪᠠᠩ ᠬᠡᠯᠪᠡᠷᠢ ᠲᠡᠢ ᠪᠥᠭᠡᠳ ᠳᠣᠬᠢᠭᠤᠷ ᠤ᠋ᠨ ᠢ᠋ᠶ᠋ᠠᠨ1/3 ᠣᠷᠴᠢᠮ ᠤᠷᠲᠤ᠃ ᠣᠯᠠᠨ ᠤᠮᠠᠢ ᠶ᠋ᠢᠨ ᠬᠠᠯᠢᠰᠤ ᠲᠠᠢ᠂ ᠵᠥᠭᠡᠯᠡᠨ ᠦᠰᠦ ᠲᠡᠢ᠂ ᠲᠤᠷᠠᠩᠬᠠᠢ ᠵᠢᠮᠢᠰ ᠨᠢ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠬᠠᠪᠲᠠᠭᠠᠢ᠂ ᠤᠯᠠᠭᠠᠨ ᠬᠦᠷᠡᠩ ᠥᠩᠭᠡ ᠲᠡᠢ᠂4.5mm ᠣᠷᠴᠢᠮ ᠣᠷᠴᠢᠮ ᠤᠷᠲᠤ᠂3mm ᠣᠷᠴᠢᠮ ᠥᠷᠭᠡᠨ᠂ ᠥᠳᠥᠯᠢᠭ ᠬᠡᠯᠪᠡᠷᠢᠲᠦ ᠮᠥᠩᠬᠡ ᠣᠷᠣᠰᠢᠬᠤ ᠴᠡᠴᠡᠭ ᠦ᠋ᠨ ᠪᠠᠭᠠᠨ᠎ᠠ ᠶ᠋ᠢᠨ ᠤᠷᠲᠤ ᠨᠢ3cm ᠬᠦᠷᠳᠡᠭ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠴᠢᠯᠠᠭᠤᠯᠢᠭ ᠠᠭᠤᠯᠠᠨ ᠬᠠᠵᠠᠭᠤ᠂ ᠡᠯᠡᠰᠦᠷᠬᠡᠭ ᠭᠠᠵᠠᠷ ᠤ᠋ᠨ ᠪᠤᠷᠭᠠᠰᠤᠨ ᠳᠤᠮᠳᠠ ᠤᠷᠭᠤᠬᠤ ᠪᠥᠭᠡᠳ ᠭᠣᠣ ᠭᠠᠩᠭ᠎ᠠ ᠶ᠋ᠢᠨ ᠡᠪᠡᠰᠦᠨ ᠳᠤᠮᠳᠠ ᠪᠠᠰᠠ ᠬᠠᠷᠠᠭᠳᠠᠳᠠᠭ᠃ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠤ᠋ᠨ ᠬᠣᠭᠣᠷᠣᠨᠳᠣ ᠬᠠᠳᠤᠵᠤ ᠠᠪᠤᠭᠠᠳ᠂ ᠬᠡᠷᠴᠢᠵᠦ ᠨᠠᠷᠠᠨ ᠳ᠋ᠤ᠌ ᠬᠠᠲᠠᠭᠠᠨ᠎ᠠ᠃
[ᠠᠮᠲᠠ᠂ ᠴᠢᠨᠠᠷ᠂ ᠡᠷᠳᠡᠮ] ᠭᠤᠱᠤᠭᠤᠨ᠂ ᠥᠴᠦᠬᠡᠨ ᠠᠮᠲᠠᠯᠢᠭ ᠠᠮᠲᠠ ᠲᠠᠢ᠂ ᠬᠠᠯᠠᠭᠤᠨ ᠴᠢᠨᠠᠷ ᠲᠠᠢ᠃ ᠬᠥᠩᠭᠡᠨ᠂ ᠬᠤᠷᠴᠠ᠂ ᠬᠠᠭᠤᠷᠠᠢ ᠰᠢᠷᠦᠭᠦᠨ ᠡᠷᠳᠡᠮ ᠲᠡᠢ; ᠬᠣᠣᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠪᠡᠲᠡᠭᠢ ᠶ᠋ᠢ ᠡᠪᠳᠡᠬᠦ᠂ ᠢᠯᠴᠢ ᠶ᠋ᠢ ᠰᠡᠯᠪᠢᠬᠦ᠂ ᠰᠢᠷ᠎ᠠ ᠤᠰᠤ ᠶ᠋ᠢ ᠬᠠᠲᠠᠭᠠᠬᠤ᠂ ᠢᠯᠵᠢᠷᠡᠬᠦ ᠶ᠋ᠢ ᠵᠣᠭᠰᠣᠭᠠᠬᠤ ᠂ ᠬᠠᠪᠤᠩ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠬᠦᠢᠲᠡᠨ ᠪᠡᠲᠡᠭᠢ᠂ ᠡᠰᠡ ᠰᠢᠩᠭᠡᠭᠰᠡᠨ᠂ ᠬᠦᠢᠲᠡᠨ ᠰᠢᠷ᠎ᠠ ᠤᠰᠤᠨ ᠡᠪᠡᠳᠴᠢᠨ᠂ ᠤᠶᠠᠮᠠᠨ᠂ ᠨᠢᠰᠤᠭᠤ᠂ ᠶᠠᠷ᠎ᠠ᠂ ᠬᠠᠪᠤᠩ᠂ ᠬᠦᠢᠲᠡᠨ ᠴᠢᠨᠠᠷ ᠲᠠᠢ ᠰᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄芹叶铁线莲
ᠠᠩᠭ᠌ᠯᠢ ᠨᠡᠷ᠎ᠡ᠄Clematis aethusifolia Turcz.
ᠦᠰᠦᠭ ᠠᠮᠢᠯᠠᠭᠤᠯᠤᠭᠴᠢ᠄ ᠲᠣᠣᠬᠣᠸᠠᠷ
ᠦᠰᠦᠭ ᠬᠢᠨᠠᠭᠴᠢ᠄ ᠲᠤᠶᠠᠭ᠎ᠠ ᠴᠡᠪᠡᠷᠴᠡᠴᠡᠭ
