ᠴᠠᠭᠠᠨ ᠳᠥᠷᠪᠡᠯᠵᠢ ᠡᠪᠡᠰᠦЦагаан дөрвөлж өвсTsagaan dörvölj övs
ᠴᠠᠭᠠᠨ ᠳᠥᠷᠪᠡᠯᠵᠢ ᠡᠪᠡᠰᠦ
ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠲᠡᠮᠡᠭᠡᠨ ᠠᠩᠭᠠᠯᠵᠤᠤᠷ ᠤ᠋ᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠴᠠᠭᠠᠨ ᠰᠢᠮᠲ᠋ᠢᠭᠯᠧ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃15~35cm ᠥᠨᠳᠥᠷ᠂ ᠡᠰᠢ ᠨᠢ ᠤᠵᠠᠭᠤᠷ ᠠ᠋ᠴᠠ ᠪᠠᠨ ᠣᠯᠠᠨ ᠰᠠᠯᠠᠭᠠᠯᠠᠨ᠎ᠠ᠃ ᠨᠢᠭ ᠴᠠᠭᠠᠨ ᠣᠬᠣᠷ ᠨᠣᠣᠯᠣᠭᠤᠷ ᠦᠰᠦ ᠲᠡᠢ᠃ ᠨᠠᠪᠴᠢᠨ ᠢᠯᠲᠠᠰᠤ ᠶ᠋ᠢᠨ ᠲᠥᠯᠥᠪᠵᠢᠯ ᠨᠢ ᠥᠷᠭᠡᠨ ᠥᠨᠳᠡᠭᠡᠯᠵᠢᠨ ᠬᠡᠯᠪᠡᠷᠢ ᠲᠡᠢ᠂2~4cm ᠤᠷᠲᠤ᠂3~5mm ᠥᠷᠭᠡᠨ᠂ ᠡᠰᠢᠨ ᠳ᠋ᠡᠬᠢ ᠨᠠᠪᠴᠢ ᠨᠢ ᠠᠯᠠᠭᠠᠯᠢᠭ3~5 ᠭᠦᠨ ᠣᠨᠢ ᠲᠠᠢ᠂ ᠰᠡᠵᠢᠭᠦᠷ ᠢᠯᠲᠠᠰᠤ ᠶ᠋ᠢᠨ ᠣᠨᠢ ᠨᠢ ᠶᠡᠷᠦ ᠳ᠋ᠡᠭᠡᠨ ᠤᠭ ᠲᠠᠭᠠᠨ ᠬᠦᠷᠳᠡᠭ᠂ ᠨᠠᠷᠢᠨ ᠱᠠᠭᠠᠨᠲᠠᠭ ᠬᠡᠯᠪᠡᠷᠢ ᠲᠡᠢ᠂2~4mm ᠥᠷᠭᠡᠨ᠂ ᠵᠢᠵᠢᠭ ᠰᠡᠵᠢᠭᠦᠷ ᠢᠯᠲᠠᠰᠤ ᠨᠢ ᠥᠨᠳᠡᠭᠡᠯᠵᠢᠨ ᠡᠴᠡ ᠬᠠᠪᠲᠠᠭᠠᠢ ᠲᠡᠪᠡᠨᠡ ᠬᠡᠯᠪᠡᠷᠢ ᠲᠡᠢ᠂ ᠨᠠᠪᠴᠢᠨ ᠥᠪᠥᠷ ᠲᠤᠨᠢ ᠨᠢᠭ᠋ ᠣᠬᠣᠷ ᠦᠰᠦ ᠲᠡᠢ᠂ ᠠᠷᠤ ᠳ᠋ᠤᠨᠢ ᠢᠬᠴᠤ ᠢᠰᠡᠭᠡᠢᠯᠢᠭ ᠦᠰᠦ ᠲᠡᠢ ᠪᠣᠯᠬᠣᠷ ᠴᠠᠢᠪᠤᠷ ᠴᠠᠭᠠᠨ ᠬᠠᠷᠠᠭᠳᠠᠨ᠎ᠠ᠃ ᠨᠠᠪᠴᠢ ᠨᠢ ᠨᠠᠷᠢᠨ ᠤᠷᠲᠤ ᠪᠠᠷᠢᠭᠤᠯ ᠲᠠᠢ ᠪᠥᠭᠡᠳ ᠨᠣᠣᠯᠣᠭᠤᠷ ᠦᠰᠦ ᠲᠡᠢ᠂ ᠪᠠᠭᠯᠠᠭᠴᠢ ᠨᠠᠪᠴᠢ ᠨᠢ ᠨᠡᠯᠢᠶᠡᠳ ᠵᠢᠵᠢᠭ᠂ 3 ᠭᠦᠨ ᠣᠨᠢ ᠲᠠᠢ᠃ ᠳᠤᠭᠤᠢᠷᠠᠭᠰᠠᠨ ᠴᠣᠮᠬᠠᠨ ᠪᠠᠭ ᠴᠡᠴᠡᠭ ᠨᠢ ᠮᠠᠰᠢ ᠣᠯᠠᠨ ᠪᠥᠭᠡᠳ ᠢᠬᠴᠤᠷᠠᠭᠰᠠᠨ ᠲᠦᠷᠦᠭᠦᠦ ᠬᠡᠯᠪᠡᠷᠢᠲᠦ ᠪᠠᠭ ᠴᠡᠴᠡᠭ ᠪᠦᠷᠢᠯᠳᠦᠨ᠎ᠡ᠃ ᠵᠢᠵᠢᠭ ᠪᠠᠭᠯᠠᠭᠴᠢ ᠢᠯᠲᠠᠰᠤ ᠨᠢ ᠥᠷᠥᠮ ᠬᠡᠯᠪᠡᠷᠢ ᠲᠡᠢ᠂ ᠥᠷᠭᠡᠰᠦᠯᠢᠭ ᠱᠣᠪᠬᠣ ᠦᠵᠦᠭᠦᠷ ᠲᠡᠢ᠂ ᠨᠣᠣᠯᠣᠭᠤᠷ ᠦᠰᠦ ᠲᠡᠢ᠃ ᠴᠡᠴᠡᠭ ᠦ᠋ᠨ ᠲᠣᠭᠳᠣᠢ ᠨᠢ ᠬᠣᠭᠣᠯᠠᠢ ᠰᠢᠭ᠋ ᠬᠤᠩᠬ᠎ᠠ ᠬᠡᠯᠪᠡᠷᠢ ᠲᠡᠢ᠂12~15mm ᠤᠷᠲᠤ᠂ ᠭᠠᠳᠠᠭᠤᠷ ᠨᠢ ᠨᠢᠭ᠋ ᠨᠣᠣᠯᠣᠭᠤᠷ ᠦᠰᠦ ᠲᠡᠢ᠂ ᠳᠣᠲᠣᠷ᠎ᠠ ᠨᠢ ᠦᠰᠦ ᠦᠭᠡᠢ᠂ ᠲᠣᠭᠳᠣᠢ ᠨᠢ5 ᠰᠡᠵᠢᠭᠦᠷ ᠲᠡᠢ᠂2~3mm ᠤᠷᠲᠤ᠂ ᠡᠮᠦᠨ᠎ᠡ ᠬᠣᠶᠠᠷ ᠰᠡᠵᠢᠭᠦᠷ ᠨᠢ ᠵᠢᠭᠠᠬᠠᠨ ᠤᠷᠲᠤ᠂ ᠥᠷᠭᠡᠨ ᠭᠤᠷᠪᠠᠯᠵᠢᠨ ᠬᠡᠯᠪᠡᠷᠢ ᠲᠡᠢ᠂ ᠣᠬᠣᠷ ᠥᠷᠭᠡᠰᠦᠯᠢᠭ ᠦᠵᠦᠭᠦᠷ ᠲᠡᠢ᠂ ᠴᠡᠴᠡᠭ ᠦ᠋ᠨ ᠳᠡᠯᠪᠢ ᠨᠢ ᠰᠢᠷᠠᠩᠭᠤᠢ ᠪᠤᠶᠤ ᠴᠠᠭᠠᠨ ᠥᠩᠭᠡ ᠲᠡᠢ᠂33~40mm ᠤᠷᠲᠤ᠂ ᠭᠠᠳᠠᠭᠤᠷ ᠨᠢ ᠰᠢᠷᠬᠡᠭᠯᠢᠭ ᠤᠷᠲᠤ ᠵᠥᠭᠡᠯᠡᠨ ᠦᠰᠦ ᠲᠡᠢ᠂ ᠳᠣᠲᠣᠷ᠎ᠠ ᠨᠢ ᠦᠰᠦ ᠦᠭᠡᠢ᠂ ᠬᠣᠶᠠᠷ ᠤᠷᠤᠭᠤᠯ ᠬᠡᠯᠪᠡᠷᠢ ᠲᠡᠢ᠂ ᠳᠡᠭᠡᠳᠦ ᠤᠷᠤᠭᠤᠯ ᠨᠢ ᠳᠤᠭᠤᠯᠠᠭ᠎ᠠ ᠰᠢᠭ᠋᠂ ᠤᠷᠲᠤᠯᠵᠢᠨ ᠲᠣᠭᠣᠷᠢᠭ ᠬᠡᠯᠪᠡᠷᠢ ᠲᠡᠢ᠂ ᠳᠣᠣᠷᠠᠲᠤ ᠤᠷᠤᠭᠤᠯ ᠨᠢ3 ᠣᠨᠢ ᠲᠠᠢ᠂ ᠳᠤᠮᠳᠠᠬᠢ ᠰᠡᠵᠢᠭᠦᠷ ᠢᠯᠲᠠᠰᠤ ᠨᠢ ᠨᠡᠯᠢᠶᠡᠳ ᠲᠣᠮᠣ᠂ ᠲᠣᠩᠭᠣᠷᠤᠤ ᠵᠢᠷᠦᠬᠡᠨ ᠬᠡᠯᠪᠡᠷᠢ ᠲᠡᠢ᠂ ᠬᠠᠵᠠᠭᠤ ᠶ᠋ᠢᠨ ᠰᠡᠵᠢᠭᠦᠷ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠃4 ᠡᠷ᠎ᠡ ᠲᠣᠭᠣᠷᠴᠣᠭ ᠲᠠᠢ᠂ ᠡᠮᠦᠨ᠎ᠡ ᠬᠣᠣᠰ ᠨᠢ ᠵᠢᠭᠠᠬᠠᠨ ᠤᠷᠲᠤ᠂ ᠳᠣᠬᠢᠭᠤᠷ ᠨᠢ ᠰᠢᠷᠬᠡᠭ ᠬᠡᠯᠪᠡᠷᠢ ᠲᠡᠢ᠂ ᠪᠠᠭᠠᠬᠠᠨ ᠵᠥᠭᠡᠯᠡᠨ ᠦᠰᠦ ᠲᠡᠢ᠂ ᠲᠣᠭᠣᠰᠣᠪᠴᠢ ᠨᠢ ᠰᠢᠷ᠎ᠠ ᠥᠩᠭᠡ ᠲᠡᠢ᠂ ᠥᠨᠳᠡᠭᠡᠯᠵᠢᠨ ᠵᠡᠷᠭᠡᠴᠡᠭᠡ ᠬᠣᠶᠠᠷ ᠲᠠᠰᠤᠭ ᠲᠠᠢ᠃ ᠴᠡᠴᠡᠭ ᠦ᠋ᠨ ᠪᠠᠭᠠᠨ᠎ᠠ ᠨᠢ ᠡᠷ᠎ᠡ ᠲᠣᠭᠣᠷᠴᠣᠭ ᠠ᠋ᠴᠠ ᠪᠠᠨ ᠵᠢᠭᠠᠬᠠᠨ ᠣᠬᠣᠷ᠂ ᠣᠷᠣᠢ ᠳ᠋ᠤᠨᠢ ᠲᠡᠩᠴᠡᠭᠦᠦ2 ᠭᠦᠢᠬᠡᠨ ᠣᠨᠢ ᠲᠠᠢ᠃ ᠴᠡᠴᠡᠭ ᠦ᠋ᠨ ᠲᠠᠪᠠᠭ ᠤ᠋ᠨ ᠣᠷᠣᠢ ᠨᠢ ᠲᠡᠭᠰᠢᠬᠡᠨ᠃ ᠵᠢᠵᠢᠭ ᠬᠠᠲᠠᠭᠤ ᠵᠢᠮᠢᠰ ᠨᠢ ᠥᠨᠳᠡᠭᠡᠯᠵᠢᠨ ᠭᠤᠷᠪᠠᠨ ᠢᠷᠮᠡᠭ ᠲᠡᠢ᠂ ᠪᠢᠯᠴᠠᠤ ᠲᠠᠢ᠂ ᠣᠷᠣᠢ ᠨᠢ ᠲᠣᠭᠣᠷᠢᠭ᠂3mm ᠣᠷᠴᠢᠮ ᠤᠷᠲᠤ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠡᠯᠡᠰᠦᠷᠬᠡᠭ ᠭᠠᠵᠠᠷ᠂ ᠠᠭᠤᠯᠠ ᠶ᠋ᠢᠨ ᠡᠩᠭᠡᠷ ᠲᠦ᠍ ᠤᠷᠭᠤᠨ᠎ᠠ᠃ ᠥᠪᠥᠷ ᠮᠣᠩᠭᠣᠯ᠂ ᠱᠠᠨᠰᠢ᠂ ᠨᠢᠩᠰᠢᠶᠠ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠲᠡᠭᠦᠵᠦ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠤᠷᠴᠠ᠂ ᠲᠣᠰᠣᠯᠢᠭ᠂ ᠰᠢᠷᠦᠭᠦᠨ ᠡᠷᠳᠡᠮ ᠲᠡᠢ
[ ᠴᠢᠳᠠᠯ ᠪᠠ ᠭᠣᠣᠯᠳᠠᠭᠤ ᠵᠠᠰᠠᠭ] ᠳᠥᠷᠪᠡᠯᠵᠢ ᠡᠪᠡᠰᠦ ᠲᠡᠢ ᠠᠳᠠᠯᠢ᠃
ᠬᠢᠲᠠᠳ ᠨᠡᠷ᠎ᠡ᠄白益母草 (脓疮草)
ᠠᠩᠭ᠌ᠯᠢ ᠨᠡᠷ᠎ᠡ᠄panzeria alaschanica kupr.
