ᠵᠣᠴᠢᠳ ᠲᠠᠢ ᠬᠠᠷᠢᠴᠠᠬᠤ ᠤᠬᠠᠭᠠᠨ 3-ᠬᠣᠨᠢᠴᠢᠨ ᠦᠯᠵᠡᠢᠰᠦ᠋ᠷᠥᠩЗочидтой харьцах ухаанЗочидтой ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠵᠣᠴᠢᠳ ᠲᠠᠢ ᠬᠠᠷᠢᠴᠠᠬᠤ ᠤᠬᠠᠭᠠᠨ 3-ᠬᠣᠨᠢᠴᠢᠨ ᠦᠯᠵᠡᠢᠰᠦ᠋ᠷᠥᠩЗочидтой харьцах ухаанЗочидтой

ᠵᠣᠴᠢᠳ ᠲᠠᠢ ᠬᠠᠷᠢᠴᠠᠬᠤ ᠤᠬᠠᠭᠠᠨ 3-ᠬᠣᠨᠢᠴᠢᠨ ᠦᠯᠵᠡᠢᠰᠦ᠋ᠷᠥᠩЗочидтой харьцах ухаанЗочидтой

ᠠᠩᠭᠢᠯᠠᠯ:ᠠᠵᠤ ᠠᠬᠤᠢ
2025-08-30

184

      ᠳ᠋ᠣᠺᠲ᠋ᠣᠷ ᠬᠣᠨᠢᠴᠢᠨ ᠦᠯᠵᠡᠢᠰᠦ᠋ᠷᠥᠩ 
 ᠠᠵᠤ ᠠᠬᠤᠢ ᠶ᠋ᠢᠨ  ᠡᠵᠡᠩᠨᠡᠯᠲᠡ ᠶ᠋ᠢᠨ ᠣᠷᠣᠯᠭ᠎ᠠ ᠪᠦᠭᠦᠳᠡ ᠪᠣᠷᠣᠯᠠᠭᠤᠯᠤᠯᠲᠠ ᠠ᠋ᠴᠠ ᠢᠷᠡᠳᠡᠭ᠂ ᠪᠣᠷᠣᠯᠠᠭᠤᠯᠤᠯᠲᠠ ᠶ᠋ᠢᠨ ᠣᠷᠣᠯᠭ᠎ᠠ  ᠶ᠋ᠢ ᠨᠡᠮᠡᠭᠳᠡᠭᠦᠯᠬᠦ ᠬᠣᠶᠠᠷ ᠭᠣᠣᠯ ᠡᠯᠧᠮᠧᠨ᠋ᠲ ᠪᠣᠯ ᠦᠨ᠎ᠡ ᠬᠢᠭᠡᠳ ᠪᠣᠷᠣᠯᠠᠭᠤᠯᠤᠯᠲᠠ ᠶ᠋ᠢᠨ ᠬᠡᠮᠵᠢᠶ᠎ᠡ ᠪᠠᠢᠳᠠᠭ᠃ ᠦᠨ᠎ᠡ ᠶ᠋ᠢ ᠥᠰᠬᠡᠵᠦ ᠪᠣᠷᠣᠯᠠᠭᠤᠯᠤᠯᠲᠠ ᠶ᠋ᠢᠨ ᠣᠷᠣᠯᠭ᠎ᠠ ᠶ᠋ᠢ ᠨᠡᠮᠡᠭᠳᠡᠭᠦᠯᠬᠦ ᠬᠡᠳᠦᠨ ᠨᠥᠬᠥᠴᠡᠯ ᠪᠣᠯᠤᠮᠵᠢ ᠶ᠋ᠢᠨ ᠲᠠᠯ᠎ᠠ ᠪᠠᠷ ᠥᠩᠭᠡᠷᠡᠭᠰᠡᠨ ᠬᠢᠴᠢᠶᠡᠯ ᠢ᠋ᠶ᠋ᠡᠷ ᠶᠠᠷᠢᠭᠰᠠᠨ ᠪᠣᠯ᠂ ᠡᠨᠡ ᠤᠳᠠᠭᠠᠨ ᠤ᠋ ᠬᠢᠴᠢᠶᠡᠯ ᠳ᠋ᠤ᠌ ᠪᠣᠷᠣᠯᠠᠭᠤᠯᠤᠯᠲᠠ ᠶ᠋ᠢᠨ ᠬᠡᠮᠵᠢᠶ᠎ᠡ ᠶ᠋ᠢ ᠥᠷᠭᠡᠳᠬᠡᠬᠦ ᠠᠷᠭ᠎ᠠ ᠶ᠋ᠢᠨ ᠲᠠᠯ᠎ᠠ  ᠪᠠᠷ ᠶᠠᠷᠢᠨ᠎ᠠ᠃ 
ᠪᠣᠷᠣᠯᠠᠭᠤᠯᠤᠯᠲᠠ ᠶ᠋ᠢᠨ ᠬᠡᠮᠵᠢᠶ᠎ᠡ ᠶ᠋ᠢ ᠨᠡᠮᠡᠭᠳᠡᠭᠦᠯᠬᠦ ᠭᠡᠳᠡᠭ ᠪᠣᠯ ᠪᠢᠳᠡ ᠲᠠᠸᠠᠷ ᠢ᠋ᠶ᠋ᠠᠨ ᠨᠡᠩ ᠥᠷᠭᠡᠨ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠵᠤ ᠂ ᠨᠡᠩ ᠣᠯᠠᠨ ᠬᠡᠷᠡᠭᠯᠡᠭᠴᠢ ᠳ᠋ᠦ᠍ ᠬᠡᠷᠡᠭᠯᠡᠭᠦᠯᠬᠦ ᠪᠣᠯᠤᠨ᠎ᠠ᠃ ᠥᠪᠡᠷ ᠦ᠋ᠨ ᠲᠠᠸᠠᠷ ᠢ᠋ᠶ᠋ᠠᠨ ᠬᠡᠷᠡᠭᠯᠡᠭᠴᠢ ᠶ᠋ᠢᠨ ᠭᠠᠷ ᠲᠤ᠌ ᠬᠦᠷᠭᠡᠬᠦ  ᠳ᠋ᠦ᠍ ᠵᠠᠪᠠᠯ ᠡᠬᠢᠯᠡᠭᠡᠳ ᠲᠠᠨᠢᠭᠤᠯᠬᠤ ᠬᠡᠷᠡᠭᠲᠡᠢ ᠪᠠᠢᠳᠠᠭ ᠡᠭᠦᠨ ᠳ᠋ᠦ᠍ ᠵᠠᠷ ᠰᠤᠷᠲᠠᠯᠴᠢᠯᠠᠭ᠎ᠠ ᠶᠠᠭᠤᠨ ᠠ᠋ᠴᠠ ᠴᠢᠬᠤᠯᠠ᠃ ᠣᠳᠣ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠳ᠋ᠦ᠍ ᠮᠠᠰᠢ ᠣᠯᠠᠨ ᠲᠥᠷᠥᠯ ᠦ᠋ᠨ ᠲᠠᠸᠠᠷ ᠪᠠᠢᠵᠤ ᠂ ᠬᠣᠭᠣᠷᠣᠨᠳᠣᠬᠢ ᠥᠷᠢᠰᠦᠯᠳᠦᠭᠡᠨ ᠶᠡᠬᠡ ᠪᠠᠢᠳᠠᠭ᠃ ᠦᠢᠯᠡᠳᠦᠯ ᠬᠡᠷᠡᠭᠴᠡᠭᠡ ᠨᠢ ᠴᠦ᠍ ᠬᠣᠭᠣᠷᠣᠨᠳᠣ ᠪᠠᠨ ᠠᠳᠠᠯᠢᠪᠲᠤᠷ ᠪᠠᠢᠵᠤ᠂ ᠥᠪᠡᠷ ᠥᠪᠡᠷ ᠭᠡᠰᠡᠨ ᠣᠨᠴᠠᠯᠢᠭ ᠲᠠᠢ᠂ ᠳᠠᠪᠠᠭᠤᠯᠢᠭ ᠲᠠᠢ ᠪᠠᠢᠳᠠᠭ ᠨᠢ ᠬᠡᠷᠡᠭᠯᠡᠭᠴᠢ ᠶ᠋ᠢᠨ ᠰᠣᠩᠭᠣᠯᠲᠠ  ᠶ᠋ᠢ ᠥᠷᠭᠡᠳᠬᠡᠭᠰᠡᠨ ᠡᠴᠡ ᠬᠥᠮᠦᠰ ᠭᠠᠭᠴᠠ ᠨᠢᠭᠡ ᠲᠠᠸᠠᠷ ᠢ᠋ ᠠᠪᠴᠤ ᠬᠡᠷᠡᠭᠯᠡᠬᠦ ᠨᠢ ᠴᠥᠭᠡᠬᠡᠨ ᠪᠣᠯᠤᠭᠰᠠᠨ᠃ ᠡᠨᠡ ᠪᠠᠢᠳᠠᠯ ᠳ᠋ᠤ᠌ ᠬᠡᠷᠬᠢᠨ ᠥᠪᠡᠷ ᠦ᠋ᠨ ᠲᠠᠸᠠᠷ ᠢ᠋ᠶ᠋ᠠᠨ ᠪᠤᠰᠤᠳ ᠲᠤ᠌ ᠵᠥᠪ ᠲᠠᠨᠢᠭᠤᠯᠵᠤ᠂ ᠦᠢᠯᠡᠳᠦᠯ ᠬᠡᠷᠡᠭᠴᠡᠭᠡ ᠶ᠋ᠢ ᠨᠢ ᠰᠤᠷᠲᠠᠯᠴᠢᠯᠠᠵᠤ᠂ ᠳᠠᠪᠠᠭᠤᠯᠢᠭ ᠢ᠋ᠶ᠋ᠠᠨ ᠮᠡᠳᠡᠭᠦᠯᠬᠦ ᠨᠢ ᠲᠠᠸᠠᠷ ᠤ᠋ᠨ ᠢ᠋ᠶ᠋ᠠᠨ ᠪᠣᠷᠣᠯᠠᠭᠤᠯᠤᠯᠲᠠ ᠶ᠋ᠢ ᠥᠷᠭᠡᠳᠬᠡᠬᠦ ᠶ᠋ᠢᠨ ᠤᠷᠢᠳᠠᠯ ᠮᠥᠨ᠃ ᠪᠢᠳᠡᠨ ᠦ᠌ ᠡᠳᠦᠷ ᠳᠣᠳᠣᠮ ᠤ᠋ᠨ ᠠᠮᠢᠳᠤᠷᠠᠯ  ᠳ᠋ᠤ᠌ ᠰᠣᠨᠢᠨ ᠤ᠋ ᠵᠠᠷ᠂ ᠵᠢᠷᠤᠭᠲᠤ ᠶ᠋ᠢᠨ ᠵᠠᠷ᠂ ᠸᠢᠴᠠᠲ ᠵᠠᠷ ᠭᠡᠳ ᠣᠯᠠᠨ ᠣᠯᠠᠨ ᠵᠠᠷ ᠰᠤᠷᠲᠠᠯᠴᠢᠯᠠᠭ᠎ᠠ ᠪᠠᠢᠳᠠᠭ᠃ᠲᠡᠭᠡᠪᠡᠯ ᠪᠢᠳᠡ ᠥᠪᠡᠷ ᠦ᠋ᠨ ᠲᠠᠸᠠᠷ ᠤ᠋ᠨ ᠵᠠᠷ ᠰᠤᠷᠲᠠᠯᠴᠢᠯᠠᠭ᠎ᠠ ᠪᠠᠨ ᠣᠯᠠᠨ ᠬᠥᠮᠦᠨ ᠳ᠋ᠦ᠍ ᠬᠦᠷᠭᠡᠵᠦ᠂ ᠮᠡᠳᠡᠭᠦᠯᠬᠦ ᠳ᠋ᠦ᠍ ᠡᠬᠢᠯᠡᠭᠡᠳ ᠵᠠᠷ ᠰᠤᠷᠲᠠᠯᠴᠢᠯᠠᠭᠠᠨ ᠤ᠋ ᠲᠠᠪᠤᠨ ᠪᠦᠷᠢᠯᠳᠦᠬᠦᠨ ᠢ᠋ ᠮᠡᠳᠡᠬᠦ ᠴᠢᠬᠤᠯᠠ ᠲᠠᠢ᠃ 
ᠨᠢᠭᠡ ᠂ ᠵᠣᠷᠢᠯᠲᠠ 
ᠬᠡᠷᠡᠭᠯᠡᠭᠴᠢ ᠶ᠋ᠢᠨ ᠲᠠᠸᠠᠷ ᠰᠣᠩᠭᠣᠬᠤ ᠵᠣᠷᠢᠯᠭ᠎ᠠ ᠥᠭᠡᠷ᠎ᠡ ᠥᠭᠡᠷ᠎ᠡ ᠪᠠᠢᠳᠠᠭ᠃ ᠡᠢᠮᠦ ᠡᠴᠡ ᠪᠢᠳᠡ ᠲᠠᠸᠠᠷ ᠢ᠋ᠶ᠋ᠠᠨ ᠲᠠᠨᠢᠯᠴᠠᠭᠤᠯᠵᠤ ᠵᠠᠷ ᠰᠤᠷᠲᠠᠯᠴᠢᠯᠠᠭ᠎ᠠ ᠭᠠᠷᠭᠠᠬᠤ ᠳ᠋ᠦ᠍ ᠪᠠᠨ ᠬᠡᠷᠡᠭᠯᠡᠭᠴᠢ ᠶ᠋ᠢᠨ ᠬᠡᠷᠡᠭᠯᠡᠭᠡᠨ ᠦ᠌ ᠵᠣᠷᠢᠯᠲᠠ ᠳ᠋ᠤ᠌ ᠦᠨᠳᠦᠰᠦᠯᠡᠨ ᠵᠣᠷᠢᠯᠲᠠ ᠪᠠᠨ ᠲᠣᠭᠲᠠᠭᠠᠬᠤ ᠬᠡᠷᠡᠭᠲᠡᠢ᠃ ᠢᠩᠭᠢᠵᠦ ᠪᠠᠢᠵᠤ ᠵᠣᠴᠢᠳ  ᠤ᠋ᠨ ᠬᠡᠷᠭᠴᠡᠭᠡᠨ ᠳ᠋ᠦ᠍ ᠨᠡᠢᠴᠡᠭᠰᠡᠨ ᠲᠠᠸᠠᠷ ᠤ᠋ᠨ ᠬᠡᠷᠡᠭᠯᠡᠭᠡ ᠶ᠋ᠢ ᠪᠣᠢ ᠪᠣᠯᠭᠠᠵᠤ᠂ ᠲᠠᠸᠠᠷ ᠪᠣᠷᠣᠯᠠᠭᠤᠯᠤᠭᠳᠠᠵᠤ ᠴᠢᠳᠠᠨ᠎ᠠ᠃  
ᠵᠢᠱ᠌ᠢᠶ᠎ᠡ ᠨᠢ ᠪᠢᠳᠡ ᠵᠣᠴᠢᠳ ᠤ᠋ᠨ ᠴᠠᠭᠠᠨ ᠰᠠᠷ᠎ᠠ ᠶ᠋ᠢᠨ ᠬᠡᠷᠡᠭᠴᠡᠭᠡᠨ ᠳ᠋ᠦ᠍ ᠨᠡᠢᠴᠡᠭᠰᠡᠨ ᠲᠠᠸᠠᠷ ᠤ᠋ᠨ ᠪᠣᠷᠣᠯᠠᠭᠤᠯᠭ᠎ᠠ ᠬᠢᠬᠦ ᠶ᠋ᠢ ᠬᠦᠰᠡᠪᠡᠯ᠂ ᠡᠨᠡᠬᠦ ᠵᠣᠷᠢᠯᠲᠠ ᠳ᠋ᠠᠭᠠᠨ ᠦᠨᠳᠦᠰᠦᠯᠡᠨ ᠲᠠᠸᠠᠷ ᠤ᠋ᠨ ᠵᠠᠷ ᠰᠤᠷᠲᠠᠯᠴᠢᠯᠠᠭ᠎ᠠ ᠪᠠᠨ ᠬᠢᠬᠦ ᠴᠢᠬᠤᠯᠠ ᠲᠠᠢ᠃ ᠡᠨᠡ ᠪᠣᠯ ᠲᠠᠸᠠᠷ ᠤ᠋ᠨ ᠰᠤᠷᠳᠠᠯᠴᠢᠯᠠᠭᠠᠨ ᠤ᠋ ᠵᠣᠷᠢᠯᠲᠠ ᠪᠣᠯᠤᠨ᠎ᠠ᠃
ᠬᠣᠶᠠᠷ ᠂ ᠰᠤᠷᠲᠠᠯᠴᠢᠯᠠᠬᠤ 
ᠥᠭᠦᠯᠡᠪᠦᠷᠢ ᠪᠢᠳᠡ ᠲᠠᠸᠠᠷ ᠢ᠋ᠶ᠋ᠠᠨ ᠶᠠᠭᠤᠨ ᠳ᠋ᠤ᠌ ᠵᠣᠷᠢᠭᠤᠯᠤᠨ ᠰᠤᠷᠲᠠᠯᠴᠢᠯᠠᠬᠤ ᠪᠠᠨ ᠲᠣᠭᠲᠠᠭᠰᠠᠨ ᠤ᠋ ᠳᠠᠷᠠᠭ᠎ᠠ ᠵᠠᠪᠠᠯ ᠵᠣᠷᠢᠯᠲᠠ ᠳ᠋ᠦ᠍ ᠪᠠᠨ ᠲᠣᠬᠢᠷᠠᠭᠰᠠᠨ ᠰᠤᠷᠲᠠᠯᠴᠢᠯᠠᠭᠠᠨ ᠤ᠋ ᠦᠭᠡ ᠥᠭᠦᠯᠡᠪᠦᠷᠢ ᠰᠣᠩᠭᠣᠬᠤ ᠬᠡᠷᠡᠭᠲᠡᠢ᠃ ᠡᠪᠦᠯ ᠦ᠋ᠨ ᠬᠦᠢᠲᠡᠨ ᠳ᠋ᠦ᠍ ᠤᠮᠳᠠᠭᠠᠨ ᠤ᠋ ᠰᠡᠷᠢᠭᠦᠨ ᠴᠢᠨᠠᠷ ᠢ᠋ ᠮᠠᠭᠲᠠᠬᠤ ᠨᠢ ᠬᠡᠷᠡᠭᠯᠡᠭᠴᠢᠳ ᠲᠦ᠍ ᠶᠠᠮᠠᠷ ᠴᠤ᠌ ᠪᠣᠳᠠᠲᠤ ᠲᠠᠲᠠᠬᠤ ᠬᠦᠴᠦᠨ ᠦᠭᠡᠢ ᠮᠥᠷᠲᠡᠭᠡᠨ᠂ ᠡᠰᠡᠷᠭᠦ ᠦᠢᠯᠡᠳᠦᠯ ᠴᠦ᠍ ᠭᠠᠷᠭᠠᠵᠤ ᠮᠡᠳᠡᠬᠦ ᠶᠦᠮ᠃ ᠡᠨᠡ ᠪᠣᠯ ᠳᠠᠷᠤᠢ ᠲᠠᠸᠠᠷ  ᠤ᠋ᠨ ᠰᠤᠷᠲᠠᠯᠴᠢᠯᠠᠭ᠎ᠠ ᠶ᠋ᠢᠨ ᠦᠭᠡ ᠥᠭᠦᠯᠡᠪᠦᠷᠢ ᠶ᠋ᠢ ᠵᠣᠬᠢᠴᠠᠭᠤᠯᠵᠤ ᠬᠡᠷᠡᠭᠯᠡᠬᠦ ᠶ᠋ᠢᠨ ᠴᠢᠬᠤᠯᠠ ᠴᠢᠨᠠᠷ ᠮᠥᠨ᠃ 
ᠭᠤᠷᠪᠠ ᠂ ᠮᠢᠳᠢᠶᠠ  
ᠣᠳᠣ ᠦᠶ᠎ᠡ ᠶ᠋ᠢᠨ ᠵᠠᠬ᠎ᠠ ᠳᠡᠯᠭᠡᠭᠦᠷ ᠪᠣᠯ ᠨᠢᠭᠡ ᠲᠣᠮᠣ ᠵᠠᠬ᠎ᠠ ᠳᠡᠯᠭᠡᠭᠦᠷ ᠪᠣᠯᠬᠤ ᠤᠴᠢᠷ ᠠ᠋ᠴᠠ ᠬᠥᠮᠦᠰ ᠦ᠋ᠨ ᠰᠣᠩᠭᠣᠯᠲᠠ ᠮᠠᠰᠢ ᠶᠡᠬᠡ ᠪᠠᠢᠵᠤ᠂ ᠪᠦᠭᠦᠳᠡ ᠥᠪᠡᠷ ᠥᠪᠡᠷ ᠦ᠋ᠨ ᠵᠠᠷ ᠰᠤᠷᠲᠠᠯᠴᠢᠯᠠᠭ᠎ᠠ ᠪᠠᠨ ᠶᠠᠪᠤᠭᠳᠠᠭᠤᠯᠵᠤ ᠪᠠᠢᠳᠠᠭ᠃ ᠡᠨᠡ ᠨᠥᠬᠥᠴᠡᠯ ᠳ᠋ᠦ᠍ ᠪᠢᠳᠡ ᠪᠤᠰᠤᠳ  ᠠ᠋ᠴᠠ ᠢᠯᠭᠠᠷᠠᠵᠤ᠂ ᠥᠪᠡᠷ ᠦ᠋ᠨ  ᠵᠠᠷ ᠮᠡᠳᠡᠭᠡ ᠪᠡᠨ ᠲᠦᠷᠦᠭᠦᠯᠡᠵᠦ ᠬᠡᠷᠡᠭᠯᠡᠭᠴᠢᠳ ᠲᠦ᠍ ᠬᠦᠷᠭᠡᠶ᠎ᠡ ᠭᠡᠪᠡᠯ ᠡᠷᠬᠡᠪᠰᠢ ᠬᠥᠮᠦᠨ ᠪᠦᠬᠦᠨ ᠳ᠋ᠦ᠍ ᠬᠦᠷᠴᠦ ᠴᠢᠳᠠᠬᠤ ᠮᠥᠷᠲᠡᠭᠡᠨ ᠬᠥᠮᠦᠰ ᠬᠢᠯᠪᠠᠷ ᠢ᠋ᠶ᠋ᠠᠷ ᠬᠦᠯᠢᠶᠡᠨ ᠠᠪᠴᠤ ᠪᠣᠯᠬᠤ ᠠᠷᠭ᠎ᠠ ᠶ᠋ᠢ ᠰᠣᠩᠭᠣᠬᠤ ᠨᠢ ᠵᠦᠢᠲᠡᠢ᠃ ᠡᠢᠮᠦ ᠎ᠡᠴᠡ ᠣᠳᠣ ᠶ᠋ᠢᠨ ᠰᠦᠯᠵᠢᠶ᠎ᠡ ᠬᠣᠯᠪᠣᠭ᠎ᠠ ᠥᠷᠭᠡᠨ ᠢ᠋ᠶ᠋ᠡᠷ ᠬᠡᠷᠡᠭᠯᠡᠭᠳᠡᠵᠦ ᠪᠠᠢᠭ᠎ᠠ ᠪᠠᠢᠳᠠᠯ ᠳ᠋ᠤ᠌ ᠬᠥᠮᠦᠰ ᠦ᠋ᠨ ᠥᠷᠭᠡᠨ ᠬᠡᠷᠡᠭᠯᠡᠭᠡᠨ ᠦ᠌ ᠭᠠᠷ ᠤᠲᠠᠰᠤ ᠶ᠋ᠢᠨ ᠮᠢᠳᠢᠶᠠ᠂ ᠸᠢᠴᠠᠲ ᠵᠡᠷᠭᠡ ᠰᠤᠷᠳᠠᠯᠴᠢᠯᠠᠭᠠᠨ ᠤ᠋ ᠬᠡᠷᠡᠭᠯᠡᠭᠦᠷ ᠢ᠋ ᠬᠡᠷᠡᠭᠯᠡᠬᠦ ᠨᠢ ᠤᠯᠠᠮᠵᠢᠯᠠᠯᠲᠤ ᠲᠧᠯᠸᠢᠰ᠂ ᠰᠣᠨᠢᠨ ᠵᠡᠷᠭᠡ ᠬᠡᠷᠡᠭᠯᠡᠭᠦᠷ ᠢ᠋ ᠬᠡᠷᠡᠭᠯᠡᠬᠦ ᠡᠴᠡ ᠢᠯᠡᠭᠦᠦ ᠦᠷ᠎ᠡ ᠠᠰᠢᠭ ᠲᠠᠢ ᠪᠠᠢᠳᠠᠭ᠃ ᠳᠠᠷᠤᠢ ᠥᠪᠡᠷ ᠲᠡᠭᠡᠨ ᠲᠣᠬᠢᠷᠬᠠᠰᠠᠨ᠂ ᠬᠡᠷᠡᠭᠯᠡᠭᠴᠢ ᠳ᠋ᠦ᠍ ᠲᠣᠬᠢᠷᠠᠭᠰᠠᠨ ᠵᠠᠷ ᠮᠡᠳᠡᠭᠡᠨ ᠦ᠌ ᠠᠷᠭ᠎ᠠ ᠶ᠋ᠢ ᠬᠡᠷᠡᠭᠯᠡᠬᠦ ᠨᠢ ᠪᠠᠰᠢ ᠴᠢᠬᠤᠯᠠ ᠵᠦᠢᠯ ᠮᠥᠨ᠃ 
ᠳᠥᠷᠪᠡ ᠂ ᠲᠣᠭᠠᠴᠠᠭ᠎ᠠ 
ᠲᠣᠭᠠᠴᠠᠭ᠎ᠠ ᠪᠣᠯ ᠠᠷᠠᠯᠵᠢᠶ᠎ᠠ ᠬᠤᠳᠠᠯᠳᠤᠭᠠᠨ ᠤ᠋ ᠦᠨᠳᠦᠰᠦᠨ ᠠᠵᠢᠯ ᠤ᠋ᠨ ᠨᠢᠭᠡ ᠮᠥᠨ᠃ ᠲᠠᠸᠠᠷ ᠦᠢᠯᠡᠳᠪᠦᠷᠢᠯᠡᠬᠦ ᠳ᠋ᠦ᠍ ᠥᠪᠡᠷ ᠦ᠋ᠨ ᠥᠷᠲᠡᠭ᠂ ᠣᠷᠣᠯᠭ᠎ᠠ᠂ ᠵᠠᠷᠤᠯᠭ᠎ᠠ ᠶ᠋ᠢ ᠪᠣᠳᠣᠵᠤ ᠪᠠᠢᠵᠤ ᠠᠰᠢᠭ  ᠣᠷᠣᠯᠭ᠎ᠠ ᠪᠠᠨ ᠵᠥᠪ ᠳ᠋ᠦᠩᠨᠡᠵᠦ ᠴᠢᠳᠠᠳᠠᠭ ᠲᠠᠢ ᠠᠳᠠᠯᠢᠬᠠᠨ᠂ ᠵᠠᠷ ᠰᠤᠷᠳᠠᠯᠴᠢᠯᠠᠭᠠᠨ ᠤ᠋ ᠦᠷ᠎ᠡ ᠠᠰᠢᠭ ᠢ᠋ ᠪᠣᠳᠣᠬᠤ ᠳ᠋ᠤ᠌ ᠴᠤ᠌ ᠲᠣᠭᠠᠴᠠᠭᠠᠨ ᠤ᠋ ᠠᠵᠢᠯ ᠮᠠᠰᠢ ᠴᠢᠬᠤᠯᠠ᠃ ᠣᠳᠣ ᠵᠠᠷ ᠰᠤᠷᠳᠠᠯᠴᠢᠯᠠᠭᠠᠨ ᠤ᠋ ᠠᠷᠭ᠎ᠠ ᠣᠯᠠᠨ ᠪᠠᠢᠵᠤ ᠂ ᠦᠨ᠎ᠡ ᠬᠠᠩᠰᠢ ᠶ᠋ᠢᠨ ᠬᠤᠪᠢ ᠳ᠋ᠤ᠌ ᠴᠤ᠌ ᠥᠭᠡᠷ᠎ᠡ ᠥᠭᠡᠷ᠎ᠡ᠃ ᠡᠨᠡ ᠪᠠᠢᠳᠠᠯ ᠳ᠋ᠤ᠌ ᠪᠢᠳᠡ ᠵᠠᠪᠠᠯ ᠦᠨ᠎ᠡ ᠲᠡᠢ ᠬᠡᠯᠪᠡᠷᠢ ᠨᠢ ᠰᠠᠢᠨ ᠭᠡᠬᠦ ᠡᠴᠡ ᠢᠯᠡᠭᠦᠦ᠂ ᠪᠢᠳᠡᠨ ᠦ᠌ ᠲᠠᠸᠠᠷ ᠲᠤ᠌ ᠲᠣᠬᠢᠷᠠᠬᠤ᠂ ᠲᠠᠸᠠᠷ ᠤ᠋ᠨ ᠪᠣᠷᠣᠯᠠᠭᠤᠯᠤᠲᠠ ᠶ᠋ᠢᠨ ᠣᠷᠣᠯᠭ᠎ᠠ ᠬᠡᠳᠦᠢ ᠬᠦᠷᠴᠦ ᠪᠠᠢᠵᠤ ᠵᠠᠷ ᠰᠤᠷᠲᠠᠯᠴᠢᠯᠠᠭᠠᠨ ᠤ᠋ ᠵᠠᠷᠤᠯᠭ᠎ᠠ  ᠪᠠᠨ ᠨᠥᠬᠥᠵᠦ ᠴᠢᠳᠠᠬᠤ ᠭᠡᠳ ᠪᠦᠬᠦ ᠵᠦᠢᠯ ᠢ᠋ ᠨᠠᠷᠢᠨ ᠲᠣᠭᠠᠴᠢᠭᠰᠠᠨ ᠪᠠᠢᠵᠤ᠂ ᠪᠠᠷ ᠰᠤᠷᠲᠠᠯᠴᠢᠯᠠᠭᠠᠨ ᠤ᠋ ᠦᠷ᠎ᠡ ᠠᠰᠢᠭ ᠢ᠋ ᠪᠣᠳᠠᠲᠠᠢ ᠪᠠᠷ ᠬᠦᠷᠲᠡᠵᠦ ᠴᠢᠳᠠᠨ᠎ᠠ᠃ 
ᠲᠠᠪᠤ᠋ ᠂ ᠬᠡᠮᠵᠢᠭᠦᠷ 
ᠲᠠᠸᠠᠷ ᠤ᠋ᠨ ᠵᠠᠷ ᠰᠤᠷᠳᠠᠯᠴᠢᠯᠠᠭᠠᠨ ᠳ᠋ᠤ᠌ ᠤᠯᠠᠷᠢᠯ᠂ ᠪᠠᠶᠠᠷ ᠳᠤᠷᠠᠰᠬᠠᠯ᠂ ᠬᠥᠮᠦᠰ ᠦ᠋ᠨ ᠱᠠᠭᠠᠷᠳᠠᠯᠭ᠎ᠠ ᠶ᠋ᠢ ᠦᠨᠳᠦᠰᠦᠯᠡᠨ ᠣᠯᠠᠨ ᠲᠥᠷᠥᠯ ᠦ᠋ᠨ ᠬᠡᠯᠪᠡᠷᠢ ᠶ᠋ᠢ ᠠᠪᠴᠤ ᠬᠡᠷᠡᠭᠯᠡᠳᠡᠭ᠃ ᠡᠨᠡ ᠳᠤᠮᠳᠠ ᠠ᠋ᠴᠠ ᠠᠯᠢ ᠨᠢ ᠶᠠᠮᠠᠷ ᠦᠷ᠎ᠡ ᠳ᠋ᠦᠩ ᠠᠪᠴᠢᠷᠬᠠᠭᠰᠠᠨ ᠂ ᠠᠯᠢ ᠨᠢ ᠪᠣᠷᠣᠯᠠᠭᠤᠯᠤᠯᠲᠠ ᠶ᠋ᠢ ᠬᠡᠳᠦᠢ ᠬᠡᠮᠵᠢᠶ᠎ᠡ ᠠᠬᠢᠭᠤᠯᠤᠭᠰᠠᠨ᠂ ᠠᠯᠢ ᠨᠢ ᠰᠢᠨ᠎ᠡ ᠬᠡᠷᠡᠭᠯᠡᠴᠢ ᠠᠪᠴᠢᠷᠠᠭᠰᠠᠨ᠂ ᠠᠯᠢ ᠨᠢ ᠬᠠᠭᠤᠴᠢᠨ ᠬᠡᠷᠡᠭᠯᠡᠭᠴᠢ ᠶ᠋ᠢ ᠪᠠᠲᠤᠯᠠᠭᠰᠠᠨ ᠭᠡᠳ ᠪᠦᠭᠦᠳᠡ ᠶ᠋ᠢ ᠬᠡᠮᠵᠢᠵᠦ ᠦᠵᠡᠬᠦ ᠬᠡᠷᠡᠭᠲᠡᠢ᠃ ᠲᠡᠢᠮᠦ ᠪᠢᠰᠢ ᠪᠣᠯ ᠪᠢᠳᠡ ᠵᠠᠷ ᠰᠤᠷᠲᠠᠯᠴᠢᠯᠠᠭ᠎ᠠ ᠬᠢᠭᠡᠳ ᠶᠠᠮᠠᠷ ᠦᠷ᠎ᠡ ᠪᠦᠲᠦᠮᠵᠢ ᠣᠯᠤᠭᠰᠠᠨ᠂ ᠡᠰᠡᠬᠦᠯ᠎ᠡ ᠠᠯᠳᠠᠭᠰᠠᠨ ᠭᠡᠳᠡᠭ ᠢ᠋ᠶ᠋ᠡᠨ ᠢᠯᠭᠠᠬᠤ  ᠳ᠋ᠤ᠌ ᠬᠦᠴᠢᠷ ᠪᠣᠯᠵᠤ᠂ ᠳᠠᠷᠠᠭ᠎ᠠ ᠶᠠᠮᠠᠷ ᠬᠡᠯᠪᠡᠷᠢ ᠶ᠋ᠢᠨ ᠵᠠᠷ ᠰᠤᠷᠲᠠᠯᠴᠢᠯᠠᠭ᠎ᠠ ᠬᠡᠷᠡᠭᠯᠡᠪᠡᠯ ᠢᠯᠡᠭᠦᠦ ᠠᠰᠢᠭ ᠲᠠᠢ ᠪᠠᠨ ᠴᠤ᠌ ᠮᠡᠳᠡᠬᠦ ᠦᠭᠡᠢ ᠪᠣᠯᠬᠤ ᠶᠤᠮ᠃ ᠡᠢᠮᠦ ᠡᠴᠡ ᠪᠣᠳᠠᠲᠠᠢ ᠵᠠᠷ ᠰᠤᠷᠳᠠᠯᠴᠢᠯᠠᠭᠠᠨ  ᠤ᠋ ᠪᠠᠨ ᠶᠠᠪᠤᠴᠠ ᠳ᠋ᠤ᠌ ᠵᠠᠪᠠᠯ ᠬᠡᠮᠵᠢᠬᠦ ᠠᠵᠢᠯ ᠢ᠋ ᠨᠠᠷᠢᠯᠢᠭ ᠬᠢᠬᠦ ᠬᠡᠷᠡᠭᠲᠡᠢ ᠪᠠᠢᠳᠠᠭ᠃ 
ᠵᠠᠷ ᠰᠤᠷᠲᠠᠯᠴᠢᠯᠠᠭ᠎ᠠ ᠲᠠᠸᠠᠷ ᠤ᠋ᠨ ᠪᠣᠷᠣᠯᠠᠭᠤᠯᠤᠯᠲᠠ ᠶ᠋ᠢᠨ ᠥᠰᠴᠦ ᠪᠠᠭᠤᠷᠠᠬᠤ ᠳ᠋ᠤ᠌ ᠮᠠᠰᠢ ᠶᠡᠬᠡ ᠨᠥᠯᠥᠭᠡ ᠲᠡᠢ ᠪᠠᠢᠵᠤ᠂ ᠲᠡᠭᠦᠨ ᠢ᠋ ᠵᠥᠪ ᠣᠨᠣᠪᠴᠢᠲᠠᠢ ᠲᠠᠷᠬᠠᠭᠠᠬᠤ ᠨᠢ ᠪᠣᠷᠣᠯᠠᠭᠤᠯᠤᠯᠲᠠ ᠶ᠋ᠢ ᠠᠬᠢᠭᠤᠯᠬᠤ ᠪᠠᠷ ᠪᠠᠷᠠᠬᠤ ᠦᠭᠡᠢ ᠂ ᠪᠢᠳᠡᠨ ᠦ᠌ ᠲᠠᠸᠠᠷ ᠪᠦᠲᠦᠭᠡᠭᠳᠡᠬᠦᠨ ᠢ᠋ ᠤᠯᠠᠮ ᠨᠢᠭᠡ ᠠᠯᠬᠤᠮ ᠬᠡᠷᠡᠭᠯᠡᠭᠴᠢ ᠳ᠋ᠦ᠍ ᠲᠠᠨᠢᠭᠤᠯᠵᠤ᠂ ᠪᠣᠷᠣᠯᠠᠭᠤᠯᠤᠯᠲᠠ ᠶ᠋ᠢᠨ ᠬᠦᠷᠢᠶ᠎ᠡ ᠴᠠᠷ᠎ᠠ ᠶ᠋ᠢ ᠴᠦ᠍ ᠶᠡᠬᠡᠰᠬᠡᠬᠦ ᠪᠣᠯᠤᠮᠵᠢ ᠲᠠᠢ ᠪᠠᠢᠳᠠᠭ᠃ ᠡᠢᠮᠦ ᠡᠴᠡ ᠣᠳᠣ ᠦᠶ᠎ᠡ ᠶ᠋ᠢᠨ ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠨᠥᠬᠥᠴᠡᠯ ᠳ᠋ᠦ᠍ ᠵᠠᠷ ᠰᠤᠷᠲᠠᠯᠴᠢᠯᠠᠭ᠎ᠠ ᠶ᠋ᠢ ᠤᠯᠠᠮ ᠨᠢᠭᠡ ᠠᠯᠬᠤᠮ ᠬᠦᠨᠳᠦᠳᠬᠡᠵᠦ ᠦᠵᠡᠬᠦ ᠬᠡᠷᠡᠭᠲᠡᠢ᠃

   ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ