ᠵᠡᠰ ᠳ᠋ᠢᠭᠳᠡZes degdЗэс дэгд
ᠵᠡᠰ ᠳ᠋ᠢᠭᠳᠡZes degdЗэс дэгд
ᠲᠤᠰ ᠡᠮ ᠪᠣᠯ ᠵᠦᠯᠭᠡᠨ ᠴᠢᠮᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠡᠰ ᠳ᠋ᠢᠭᠳᠡ ᠶ᠋ᠢᠨ ᠬᠠᠲᠠᠭᠠᠭᠰᠠᠨ ᠴᠡᠴᠡᠭ ᠪᠦᠬᠦᠢ ᠪᠦᠬᠦᠯᠢ ᠡᠪᠡᠰᠦ ᠮᠥᠨ᠃ ᠪᠠᠰᠠ ᠰᠠᠩᠳᠢᠭ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~70cm ᠥᠨᠳᠥᠷ᠂ ᠣᠬᠣᠷᠬᠠᠨ ᠦᠨᠳᠦᠰᠦᠯᠢᠭ ᠡᠰᠢ ᠲᠡᠢ᠃ ᠡᠰᠢ ᠨᠢ ᠰᠢᠯᠤᠭᠤᠨ᠂ ᠶᠡᠷᠦ ᠳ᠋ᠡᠭᠡᠨ ᠪᠣᠷᠣ ᠥᠩᠭᠡ ᠲᠡᠢ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠰᠠᠯᠠᠭᠠᠯᠠᠬᠤ ᠦᠭᠡᠢ᠃ ᠤᠵᠠᠭᠤᠷ ᠤ᠋ᠨ ᠨᠠᠪᠴᠢ ᠨᠢ ᠴᠡᠴᠡᠭᠯᠡᠬᠦ ᠦᠶ᠎ᠡ ᠳ᠋ᠦ᠍ ᠬᠤᠪᠠᠬᠠᠢᠷᠠᠬᠤ ᠪᠤᠶᠤ ᠵᠤᠯᠭᠠᠷᠠᠨ᠎ᠠ᠃ ᠡᠰᠢᠨ ᠳ᠋ᠡᠬᠢ ᠨᠠᠪᠴᠢ ᠨᠢ ᠴᠢᠭᠲᠠᠯᠠᠨ ᠤᠷᠭᠤᠨ᠎ᠠ᠃ ᠤᠷᠲᠤᠯᠵᠢᠨ ᠲᠣᠭᠣᠷᠢᠭ ᠵᠤᠤᠪᠠᠩ ᠪᠤᠶᠤ ᠥᠨᠳᠡᠭᠡᠯᠵᠢᠨ ᠬᠡᠯᠪᠡᠷᠢ ᠲᠡᠢ᠂4~10сm ᠤᠷᠲᠤ᠂1~3cm ᠥᠷᠭᠡᠨ᠂ ᠮᠤᠬᠤᠷ ᠪᠤᠶᠤ ᠱᠣᠪᠲᠣᠭᠣᠷ ᠦᠵᠦᠭᠦᠷ ᠲᠡᠢ᠂ ᠤᠭ ᠨᠢ ᠨᠠᠷᠢᠰᠤᠭᠠᠳ ᠪᠠᠷᠢᠭᠤᠯ ᠪᠣᠯᠳᠠᠭ᠂3~5 ᠵᠤᠷᠪᠤᠰ ᠨᠠᠪᠴᠢᠨ ᠰᠤᠳᠠᠯ ᠲᠠᠢ᠃ ᠨᠠᠪᠴᠢᠨ ᠪᠠᠷᠢᠭᠤᠯ ᠨᠢ ᠬᠠᠪᠲᠠᠭᠠᠢ᠂0.3~5cm ᠤᠷᠲᠤ᠂ ᠳᠣᠣᠷ᠎ᠠ ᠬᠡᠰᠡᠭ ᠲᠡᠭᠡᠨ ᠨᠡᠢᠯᠡᠵᠦ ᠬᠣᠭᠣᠯᠠᠢ ᠰᠢᠭ᠋ ᠡᠰᠢ ᠪᠡᠨ ᠪᠠᠭᠯᠠᠵᠤ ᠪᠣᠢ᠃ ᠱᠣᠷᠣᠯᠵᠢᠨ ᠰᠢᠭ᠋ ᠨᠡᠢᠯᠡᠮᠡᠯ ᠴᠣᠮᠬᠠᠨ ᠪᠠᠭ ᠴᠡᠴᠡᠭ ᠨᠢ10~25cm ᠤᠷᠲᠤ᠂ ᠮᠠᠰᠢ ᠣᠯᠠᠨ ᠴᠡᠴᠡᠭ ᠲᠡᠢ᠃ ᠴᠡᠴᠡᠭ ᠦ᠋ᠨ ᠪᠠᠷᠢᠭᠤᠯ ᠨᠢ ᠶᠡᠷᠦ ᠳ᠋ᠡᠭᠡᠨ ᠮᠤᠷᠤᠢ᠂1~2cm ᠤᠷᠲᠤ᠃ ᠴᠡᠴᠡᠭ ᠦ᠋ᠨ ᠲᠣᠭᠳᠣᠢ ᠢᠯᠲᠠᠰᠤ ᠨᠢ ᠢᠪᠴᠤᠤ ᠬᠠᠪᠲᠠᠭᠠᠢ ᠲᠡᠪᠡᠨᠡ ᠬᠡᠯᠪᠡᠷᠢ ᠲᠡᠢ᠂4~5mm ᠤᠷᠲᠤ᠃ ᠴᠡᠴᠡᠭ ᠦ᠋ᠨ ᠳᠡᠯᠪᠢ ᠨᠢ ᠭᠦᠢᠬᠡᠨ ᠨᠣᠭᠣᠭᠠᠨ ᠥᠩᠭᠡ ᠲᠡᠢ᠂ ᠤᠯᠠᠪᠤᠷ ᠬᠦᠷᠡᠩ ᠲᠣᠯᠪᠣ ᠲᠠᠢ᠂ ᠰᠡᠵᠢᠭᠦᠷ ᠢᠯᠲᠠᠰᠤ ᠨᠢ ᠤᠷᠲᠤᠯᠵᠢᠨ ᠲᠣᠭᠣᠷᠢᠭ ᠪᠤᠶᠤ ᠥᠨᠳᠡᠭᠡᠯᠵᠢᠨ ᠲᠣᠭᠣᠷᠢᠭ ᠬᠡᠯᠪᠡᠷᠢ ᠲᠡᠢ᠂6~10mm ᠤᠷᠲᠤ᠂ ᠮᠤᠬᠤᠷ ᠦᠵᠦᠭᠦᠷ ᠲᠡᠢ᠂ ᠤᠭ ᠤ᠋ᠨ ᠬᠡᠰᠡᠭ ᠲᠦ᠋ᠨᠢ1 ᠬᠦᠷᠡᠩ ᠥᠩᠭᠡᠲᠦ ᠪᠤᠯᠴᠢᠷᠬᠠᠢ ᠬᠣᠩᠬᠣᠷ ᠲᠠᠢ᠂ ᠲᠣᠭᠣᠷᠢᠭ ᠬᠡᠯᠪᠡᠷᠢ ᠲᠡᠢ᠂ ᠬᠥᠪᠡᠭᠡ ᠪᠡᠷ ᠨᠢ ᠵᠥᠭᠡᠯᠡᠨ ᠦᠰᠦ ᠰᠢᠭ ᠴᠠᠴᠤᠭ ᠲᠠᠢ᠃ ᠴᠡᠴᠡᠭ ᠦ᠋ᠨ ᠳᠣᠬᠢᠭᠤᠷ ᠨᠢ ᠬᠠᠪᠲᠠᠭᠠᠢ ᠪᠦᠰᠡ ᠬᠡᠯᠪᠡᠷᠢ ᠲᠡᠢ᠂ ᠲᠣᠭᠣᠰᠣᠪᠴᠢ ᠨᠢ ᠤᠷᠲᠤᠯᠵᠢᠨ ᠲᠣᠭᠣᠷᠢᠭ ᠬᠡᠯᠪᠡᠷᠢ ᠲᠡᠢ᠃ ᠤᠮᠠᠢ ᠨᠢ ᠵᠤᠤᠪᠠᠩ ᠬᠡᠯᠪᠡᠷᠢ ᠲᠡᠢ᠂ ᠴᠡᠴᠡᠭ ᠦ᠋ᠨ ᠪᠠᠭᠠᠨ᠎ᠠ ᠨᠢ ᠣᠬᠣᠷ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠪᠠᠭᠠᠨ᠎ᠠ ᠶ᠋ᠢᠨ ᠠᠮᠠᠰᠠᠷ ᠨᠢ ᠣᠨᠢ ᠲᠠᠢ᠃ ᠬᠣᠩᠭᠣᠷᠴᠣᠭᠲᠤ ᠵᠢᠮᠢᠰ ᠨᠢ ᠥᠨᠳᠡᠭᠡᠯᠵᠢᠨ ᠵᠤᠤᠪᠠᠩ᠂8~10cm ᠤᠷᠲᠤ᠂ ᠦᠷ᠎ᠡ ᠨᠢ ᠰᠢᠷᠠᠪᠲᠤᠷ ᠬᠦᠷᠡᠩ᠂ ᠵᠤᠤᠪᠠᠩ ᠬᠡᠯᠪᠡᠷᠢ ᠲᠡᠢ᠂ ᠬᠥᠪᠡᠭᠡ ᠪᠡᠷ ᠨᠢ ᠥᠷᠭᠡᠨ ᠳᠠᠯᠠᠪᠴᠢ ᠲᠠᠢ᠃8 ᠳ᠋ᠤᠭᠠᠷ ᠰᠠᠷ᠎ᠠ ᠳ᠋ᠤ᠌ ᠴᠡᠴᠡᠭᠯᠡᠵᠦ᠂9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠡᠭᠡᠷ᠎ᠡ ᠲᠠᠯ᠎ᠠ ᠪᠤᠶᠤ ᠭᠣᠣᠯ ᠭᠣᠷᠣᠬ᠎ᠠ ᠶ᠋ᠢᠨ ᠬᠥᠪᠡᠭᠡ ᠪᠡᠷ ᠤᠷᠭᠤᠨ᠎ᠠ᠃ ᠥᠪᠥᠷ ᠮᠣᠩᠭᠣᠯ᠂ ᠵᠧᠵᠢᠶᠠᠩ᠂ ᠵᠢᠶᠠᠩᠰᠢ᠂ ᠭᠣᠸᠠᠩᠳᠥ᠋ᠩ᠂ ᠭᠤᠸᠠᠩᠰᠢ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠪᠤᠶᠤ ᠨᠠᠮᠤᠷ ᠴᠡᠴᠡᠭᠯᠡᠬᠦ ᠦᠶ᠎ᠡ ᠳ᠋ᠦ᠍ᠨᠢ ᠲᠡᠭᠦᠵᠦ ᠠᠪᠤᠭᠠᠳ᠂ ᠠᠷᠢᠯᠭᠠᠨ ᠴᠡᠪᠡᠷᠯᠡᠵᠦ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠂ ᠠᠮᠲᠠᠯᠢᠭ ᠠᠮᠲᠠ ᠲᠠᠢ᠃ ᠰᠡᠷᠢᠭᠦᠨ ᠴᠢᠨᠠᠷ ᠲᠠᠢ᠂ ᠵᠥᠭᠡᠯᠡᠨ᠂ ᠮᠣᠬᠣᠳᠠᠭ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠰᠢᠷ᠎ᠠ ᠶ᠋ᠢᠨ ᠬᠠᠯᠠᠭᠤᠨ᠂ ᠬᠡᠢ ᠬᠠᠯᠠᠭᠤᠨ᠂ ᠲᠣᠯᠣᠭᠠᠢ ᠡᠪᠡᠳᠬᠦ᠂ ᠡᠯᠢᠭᠡ ᠰᠥᠰᠥᠨ ᠦ᠌ ᠬᠠᠯᠠᠭᠤᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄龙胆地丁(红直獐牙菜)
ᠠᠩᠭ᠌ᠯᠢ ᠨᠡᠷ᠎ᠡ᠄swertia erytnrosticta Maxim
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
