ᠵᠣᠴᠢᠳ ᠲᠠᠢ ᠬᠠᠷᠢᠴᠠᠬᠤ ᠤᠬᠠᠭᠠᠨ 4-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠪᠢᠳᠡᠨ ᠦ᠌ ᠬᠥᠳᠡᠭᠡ ᠠᠵᠤ ᠠᠬᠤᠢ ᠶ᠋ᠢᠨ ᠴᠡᠪᠡᠷ᠂ ᠴᠢᠨᠠᠷ ᠰᠠᠢᠨ ᠪᠦᠲᠦᠭᠡᠭᠳᠡᠬᠦᠨ ᠲᠣᠮᠣ ᠵᠠᠬ᠎ᠠ ᠳᠡᠯᠭᠡᠭᠦᠷ ᠳᠡᠭᠡᠷ᠎ᠡ ᠭᠠᠷᠴᠤ᠂ ᠥᠨᠳᠥᠷ ᠦᠨ᠎ᠡ ᠪᠡᠷ ᠪᠣᠷᠣᠯᠠᠭᠤᠯᠤᠭᠳᠠᠵᠤ ᠴᠢᠳᠠᠬᠤ ᠦᠭᠡᠢ ᠪᠠᠢᠭ᠎ᠠ ᠨᠢ ᠬᠥᠮᠥᠷᠭᠡ ᠦᠭᠡᠢ᠂ ᠵᠠᠪᠰᠠᠷ ᠤ᠋ᠨ ᠬᠤᠳᠠᠯᠳᠤᠭᠠᠴᠢᠨ ᠦᠨ᠎ᠡ ᠬᠠᠩᠰᠢ ᠶ᠋ᠢ ᠳᠠᠷᠤᠵᠤ ᠪᠠᠢᠭ᠎ᠠ ᠲᠠᠢ ᠬᠣᠯᠪᠣᠭ᠎ᠠ ᠲᠠᠢ ᠭᠡᠮᠡᠨ ᠣᠢᠯᠭᠠᠳᠠᠭ᠃ ᠲᠡᠢᠮᠦ ᠠ᠋᠂ ᠪᠢᠳᠡ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠡᠴᠦᠰ ᠦ᠋ᠨ ᠬᠡᠷᠡᠭᠯᠡᠭᠴᠢ ᠶ᠋ᠢᠨ ᠭᠠᠷ ᠢ᠋ ᠰᠢᠭᠤᠳ ᠬᠦᠷᠭᠡᠵᠦ ᠴᠢᠳᠠᠬᠤ ᠦᠭᠡᠢ ᠪᠠᠢᠭ᠎ᠠ ᠠ᠋ᠴᠠ ᠳᠤᠮᠳᠠ ᠨᠢ ᠮᠠᠰᠢ ᠣᠯᠠᠨ ᠱᠠᠲᠤ ᠳᠠᠮᠵᠢᠯᠭ᠎ᠠ ᠶᠠᠪᠤᠭᠳᠠᠵᠤ᠂ ᠪᠢᠳᠡ ᠥᠪᠡᠷ ᠦ᠋ᠨ ᠪᠦᠲᠦᠭᠡᠭᠳᠡᠬᠦᠨ ᠡᠴᠡ ᠪᠡᠨ ᠣᠯᠬᠤ ᠣᠷᠣᠯᠭ᠎ᠠ ᠪᠠᠭᠠᠰᠴᠤ ᠪᠠᠢᠨ᠎ᠠ᠃ ᠲᠡᠭᠡᠪᠡᠯ ᠡᠨᠡ ᠪᠠᠢᠳᠠᠯ ᠢ᠋ ᠬᠡᠷᠬᠢᠨ ᠦᠭᠡᠷᠴᠢᠯᠡᠬᠦ ᠪᠣᠢ᠂ ᠡᠭᠦᠨ ᠳ᠋ᠦ᠍ ᠡᠷᠬᠡᠪᠰᠢ ᠭᠦᠢᠯᠭᠡᠭᠡ ᠶ᠋ᠢ ᠰᠠᠢᠲᠤᠷ ᠣᠢᠯᠭᠠᠬᠤ ᠴᠢᠬᠤᠯᠠ ᠲᠠᠢ᠃
ᠡᠵᠡᠩᠨᠡᠯᠲᠡ ᠶ᠋ᠢᠨ ᠤᠬᠠᠭᠠᠨ ᠤ᠋ ᠪᠣᠷᠣᠯᠠᠭᠤᠯᠤᠯᠲᠠ ᠳᠡᠭᠡᠷᠡᠬᠢ ᠳᠥᠷᠪᠡᠨ ᠭᠣᠣᠯ ᠡᠯᠧᠮᠧᠨ᠋ᠲ ᠦ᠋ᠨ ᠴᠢᠬᠤᠯᠠ ᠨᠢᠭᠡ ᠬᠡᠰᠡᠭ ᠪᠣᠯᠬᠤ ᠭᠦᠢᠯᠭᠡᠭᠡ ᠪᠣᠯ ᠭᠠᠭᠴᠠ ᠪᠣᠳᠠᠰ ᠤ᠋ᠨ ᠭᠦᠢᠯᠭᠡᠭᠡ ᠶ᠋ᠢ ᠵᠢᠭᠠᠵᠤ ᠪᠠᠢᠭ᠎ᠠ ᠪᠢᠰᠢ᠂ ᠬᠠᠷᠢᠨ ᠪᠣᠳᠠᠰ ᠤ᠋ᠨ ᠭᠦᠢᠯᠭᠡᠭᠡ ᠶ᠋ᠢ ᠪᠠᠭᠲᠠᠭᠠᠭᠰᠠᠨ ᠲᠠᠸᠠᠷ ᠤ᠋ᠨ ᠬᠦᠷᠭᠡᠯᠲᠡ᠂ ᠬᠤᠳᠠᠯᠳᠤᠬᠤ ᠵᠠᠮ᠂ ᠬᠥᠮᠥᠷᠭᠡ᠂ ᠪᠠᠢᠷᠢᠰᠢᠯ ᠵᠡᠷᠭᠡ ᠶ᠋ᠢ ᠪᠠᠭᠲᠠᠭᠠᠭᠰᠠᠨ ᠪᠣᠷᠣᠯᠠᠭᠤᠯᠤᠯᠲᠠ ᠶ᠋ᠢᠨ ᠠᠷᠭ᠎ᠠ ᠪᠣᠯᠤᠨ᠎ᠠ᠃ ᠲᠡᠢᠮᠦ ᠡᠴᠡ ᠲᠠᠸᠠᠷ ᠤ᠋ᠨ ᠭᠦᠢᠯᠭᠡᠭᠡ ᠪᠡᠨ ᠰᠠᠢᠵᠢᠷᠠᠭᠤᠯᠬᠤ ᠨᠢ ᠪᠣᠷᠣᠯᠠᠭᠤᠯᠤᠯᠲᠠ ᠪᠠᠨ ᠰᠠᠢᠨ ᠬᠢᠵᠦ ᠠᠰᠢᠭ ᠣᠷᠣᠯᠭ᠎ᠠ ᠪᠠᠨ ᠨᠡᠮᠡᠭᠳᠡᠭᠦᠯᠬᠦ ᠶ᠋ᠢᠨ ᠴᠢᠬᠤᠯᠠ ᠭᠠᠷᠤᠴᠠ ᠮᠥᠨ᠃
ᠨᠢᠭᠡ ᠂ ᠬᠤᠳᠠᠯᠳᠤᠬᠤ ᠵᠠᠮ
ᠲᠠᠸᠠᠷ ᠪᠦᠲᠦᠭᠡᠭᠳᠡᠬᠦᠨ ᠢ᠋ ᠬᠤᠳᠠᠯᠳᠤᠬᠤ ᠳ᠋ᠤ᠌ ᠭᠣᠣᠯᠳᠠᠭᠤ ᠪᠢᠳᠡᠨ ᠦ᠌ ᠣᠢᠯᠠᠭᠠᠯᠲᠠ ᠪᠠᠷ ᠪᠣᠯ ᠳᠡᠯᠭᠡᠭᠦᠷ ᠢ᠋ᠶ᠋ᠡᠷ ᠳᠠᠮᠵᠢᠨ ᠬᠤᠳᠠᠯᠳᠤᠳᠠᠭ᠃ ᠡᠭᠦᠨ ᠳ᠋ᠦ᠍ ᠪᠠᠰᠠ ᠬᠤᠪᠢ ᠪᠠᠷ ᠢ᠋ᠶ᠋ᠠᠨ ᠳᠡᠯᠭᠡᠭᠦᠷ ᠨᠡᠭᠡᠭᠡᠬᠦ ᠪᠣᠯᠤᠨ ᠪᠤᠰᠤᠳ ᠤ᠋ᠨ ᠳᠡᠯᠭᠡᠭᠦᠷ ᠲᠦ᠍ ᠲᠠᠯᠪᠢᠵᠤ ᠬᠤᠳᠠᠯᠳᠤᠬᠤ ᠬᠣᠶᠠᠷ ᠬᠡᠯᠪᠡᠷᠢ ᠪᠣᠢ᠃ ᠡᠨᠡ ᠪᠣᠯ ᠤᠯᠠᠮᠵᠢᠯᠠᠯᠲᠤ ᠬᠤᠳᠠᠯᠳᠤᠭᠠᠨ ᠤ᠋ ᠬᠡᠯᠪᠡᠷᠢ ᠪᠣᠯᠤᠨ᠎ᠠ᠃ ᠭᠡᠲᠡᠯ᠎ᠡ ᠵᠠᠬ᠎ᠠ ᠳᠡᠯᠭᠡᠭᠦᠷ ᠦ᠋ᠨ ᠥᠷᠭᠡᠵᠢᠬᠦ ᠶ᠋ᠢ ᠳᠠᠭᠠᠯᠳᠤᠨ ᠰᠦᠯᠵᠢᠶᠡᠨ ᠳᠡᠭᠡᠷᠡᠬᠢ ᠪᠣᠷᠣᠯᠠᠭᠤᠯᠤᠯᠭᠠ ᠶᠡᠬᠡᠬᠡᠨ ᠪᠠᠢᠷᠢ ᠡᠵᠡᠯᠡᠬᠦ ᠪᠣᠯᠵᠤ᠂ᠣᠢᠷ᠎ᠠ ᠶ᠋ᠢᠨ ᠬᠡᠳᠦᠨ ᠵᠢᠯ ᠬᠥᠮᠦᠰ ᠰᠦᠯᠵᠢᠶ᠎ᠡ ᠪᠡᠷ ᠳᠡᠮᠵᠢᠵᠦ ᠬᠤᠳᠠᠯᠳᠤᠨ ᠠᠪᠤᠯᠲᠠ ᠬᠢᠬᠦ ᠨᠢ ᠣᠯᠠᠰᠢᠷᠠᠭᠰᠠᠨ ᠪᠢᠯᠡ᠃ ᠢᠩᠭᠢᠭᠰᠡᠨ ᠢ᠋ᠶ᠋ᠡᠷ ᠵᠣᠴᠢᠳ ᠤ᠋ᠨ ᠰᠣᠩᠭᠣᠯᠲᠠ ᠣᠯᠠᠰᠢᠷᠠᠭᠰᠠᠨ ᠢ᠋ᠶ᠋ᠠᠷ ᠪᠠᠷᠠᠬᠤ ᠦᠭᠡᠢ᠂ ᠦᠨ᠎ᠡ ᠬᠠᠩᠰᠢ ᠶ᠋ᠢᠨ ᠬᠤᠪᠢ ᠳ᠋ᠤ᠌ ᠴᠤ᠌ ᠠᠳᠠᠯᠢᠳᠬᠠᠬᠤ ᠪᠣᠯᠤᠮᠵᠢ ᠭᠠᠷᠴᠤ ᠢᠷᠡᠭᠰᠡᠨ ᠪᠠᠢᠳᠠᠭ᠃ ᠡᠨᠡ ᠪᠦᠭᠦᠳᠡ ᠨᠢ ᠡᠴᠦᠰ ᠲᠡᠭᠡᠨ ᠵᠣᠴᠢᠳ ᠲᠤ᠌ ᠶᠠᠪᠤᠬᠤ ᠳᠣᠳᠣᠮ ᠳᠥᠭᠥᠮ ᠪᠠᠢᠯᠭᠠᠬᠤ᠂ ᠣᠢᠷ᠎ᠠ ᠪᠠᠢᠯᠭᠠᠬᠤ ᠵᠣᠭᠰᠣᠴᠠ ᠠ᠋ᠴᠠ ᠡᠭᠦᠳᠦᠯᠲᠡᠢ ᠶᠣᠮ᠃ ᠲᠡᠢᠮᠦ ᠡᠴᠡ ᠬᠤᠳᠠᠯᠳᠤᠬᠤ ᠵᠠᠮ ᠢ᠋ᠶ᠋ᠠᠨ ᠰᠣᠩᠭᠣᠬᠤ ᠳ᠋ᠤ᠌ ᠬᠡᠷᠬᠢᠨ ᠵᠣᠴᠢᠳ ᠲᠤ᠌ ᠬᠢᠯᠪᠠᠷ ᠢ᠋ᠶ᠋ᠠᠷ ᠬᠦᠷᠲᠡᠭᠡᠯ ᠪᠣᠯᠭᠠᠬᠤ ᠶ᠋ᠢ ᠪᠣᠳᠣᠯᠬᠢᠯᠠᠬᠤ ᠨᠢ ᠵᠦᠢᠲᠡᠢ᠃
ᠬᠣᠶᠠᠷ ᠂ ᠬᠦᠷᠭᠡᠬᠦ
ᠣᠢᠷ᠎ᠠ ᠶ᠋ᠢᠨ ᠵᠢᠯ ᠦ᠋ᠳ ᠲᠦ᠍ ᠰᠦᠯᠵᠢᠶᠡᠨ ᠦ᠌ ᠪᠣᠷᠣᠯᠠᠭᠤᠯᠤᠯᠲᠠ ᠶ᠋ᠢ ᠳᠠᠭᠠᠯᠳᠤᠨ ᠢᠯᠡᠭᠡᠮᠵᠢ ᠶ᠋ᠢᠨ ᠦᠢᠯᠡᠴᠢᠯᠡᠭᠡ ᠮᠠᠰᠢ ᠰᠠᠢᠨ ᠬᠥᠭᠵᠢᠵᠦ᠂ ᠪᠦᠬᠦ ᠪᠠᠷᠠᠭ᠎ᠠ ᠪᠦᠲᠦᠭᠡᠭᠳᠡᠬᠦᠨ ᠵᠣᠴᠢᠳ ᠤ᠋ᠨ ᠭᠠᠷ ᠳᠡᠭᠡᠷ᠎ᠡ ᠬᠦᠷᠲᠡᠯ᠎ᠡ ᠬᠦᠷᠭᠡᠭᠳᠡᠵᠦ ᠴᠢᠳᠠᠬᠤ ᠪᠣᠯᠤᠭᠰᠠᠨ ᠶᠤᠮ᠃ ᠡᠨᠡ ᠨᠢ ᠲᠠᠸᠠᠷ ᠤ᠋ᠨ ᠪᠣᠷᠣᠯᠠᠭᠤᠯᠤᠯᠲᠠ ᠳ᠋ᠤ᠌ ᠬᠦᠷᠭᠡᠯᠲᠡ ᠨᠢ ᠮᠠᠰᠢ ᠶᠡᠬᠡ ᠥᠷᠢᠰᠦᠯᠳᠦᠬᠦ ᠵᠦᠢᠯ ᠪᠣᠯᠵᠤ᠂ ᠬᠡᠨ ᠲᠦᠷᠦᠭᠦᠯᠡᠵᠦ ᠬᠦᠷᠭᠡᠭᠰᠡᠨ᠂ ᠬᠡᠨ ᠦ᠌ ᠲᠠᠸᠠᠷ ᠢᠯᠡᠭᠦᠦ ᠡᠴᠦᠰ ᠦ᠋ᠨ ᠬᠡᠷᠡᠭᠯᠡᠭᠴᠢ ᠳ᠋ᠦ᠍ ᠣᠢᠷᠠᠲᠤᠭᠰᠠᠨ᠂ ᠳᠥᠭᠥᠮ ᠦᠵᠡᠭᠦᠯᠦᠭᠰᠡᠨ ᠢ᠋ ᠨᠢ ᠵᠣᠴᠢᠳ ᠰᠣᠩᠭᠣᠬᠤ ᠪᠣᠯᠤᠮᠵᠢ ᠥᠨᠳᠥᠷ ᠪᠣᠯᠤᠭᠰᠠᠨ ᠪᠠᠢᠳᠠᠭ᠃ ᠡᠢᠮᠦ ᠡᠴᠡ ᠪᠣᠷᠣᠯᠠᠭᠤᠯᠤᠯᠲᠠ ᠶ᠋ᠢᠨ ᠶᠠᠪᠤᠴᠠ ᠳ᠋ᠤ᠌ ᠬᠡᠷᠬᠢᠨ ᠡᠴᠦᠰ ᠦ᠋ᠨ ᠬᠡᠷᠡᠭᠯᠡᠭᠴᠢ ᠳ᠋ᠦ᠍ ᠲᠦᠷᠭᠡᠨ ᠰᠢᠭᠤᠷᠬᠠᠢ ᠬᠦᠷᠭᠡᠵᠦ ᠴᠢᠳᠠᠬᠤ ᠨᠢ ᠪᠣᠷᠣᠯᠠᠭᠤᠯᠤᠯᠲᠠ ᠶ᠋ᠢᠨ ᠶᠠᠪᠤᠴᠠ ᠳ᠋ᠤ᠌ ᠢᠯᠠᠯᠲᠠ ᠣᠯᠬᠤ ᠠᠷᠭ᠎ᠠ ᠵᠠᠮ ᠤ᠋ᠨ ᠨᠢᠭᠡ ᠪᠣᠯᠤᠭᠰᠠᠨ ᠪᠠᠢᠳᠠᠭ᠃
ᠭᠤᠷᠪᠠ ᠂ ᠬᠥᠮᠥᠷᠭᠡ
ᠬᠥᠳᠡᠭᠡ ᠠᠵᠤ ᠠᠬᠤᠢ ᠶ᠋ᠢᠨ ᠪᠦᠲᠦᠭᠡᠭᠳᠡᠬᠦᠨ ᠂ ᠲᠡᠷᠡ ᠳᠣᠳᠣᠮ ᠢ᠋ᠶ᠋ᠡᠨ ᠰᠢᠨ᠎ᠡ ᠰᠣᠷᠭᠣᠭ ᠪᠦᠲᠦᠭᠡᠭᠳᠡᠬᠦᠨ ᠢ᠋ ᠬᠡᠷᠬᠢᠨ ᠡᠴᠦᠰ ᠦ᠋ᠨ ᠬᠡᠷᠡᠭᠯᠡᠭᠴᠢ ᠶ᠋ᠢᠨ ᠭᠠᠷ ᠲᠤ᠌ ᠬᠦᠷᠭᠡᠬᠦ ᠠᠰᠠᠭᠤᠳᠠᠯ ᠢ᠋ ᠳᠠᠭᠠᠯᠳᠤᠨ ᠬᠥᠮᠥᠷᠭᠡ ᠪᠠᠢᠭᠤᠯᠬᠤ ᠶᠠᠪᠤᠳᠠᠯ ᠲᠤᠯᠭᠠᠷᠠᠵᠤ ᠢᠷᠡᠭᠰᠡᠨ ᠪᠠᠢᠳᠠᠭ᠃ ᠡᠭᠦᠨ ᠳ᠋ᠦ᠍ ᠮᠠᠨ ᠤ᠋ ᠮᠠᠯ ᠤ᠋ᠨ ᠮᠢᠬ᠎ᠠ ᠴᠤ᠌ ᠬᠦᠢᠲᠡᠨ ᠬᠥᠮᠥᠷᠭᠡ ᠪᠠᠢᠬᠤ ᠦᠭᠡᠢ ᠡᠴᠡ ᠨᠢᠭᠡ ᠦᠶ᠎ᠡ ᠦᠨ᠎ᠡ ᠬᠠᠩᠰᠢ ᠳᠠᠷᠤᠭᠳᠠᠬᠤ ᠦᠵᠡᠭᠳᠡᠯ ᠭᠠᠷᠴᠤ ᠢᠷᠡᠭᠰᠡᠨ ᠪᠢᠯᠡ᠃ ᠭᠡᠲᠡᠯ᠎ᠡ ᠡᠨᠡ ᠨᠢ ᠮᠠᠰᠢ ᠶᠡᠬᠡ ᠬᠥᠷᠥᠩᠭᠡ ᠮᠥᠩᠭᠥ ᠱᠠᠭᠠᠷᠳᠠᠭᠳᠠᠬᠤ ᠪᠠᠷ ᠪᠠᠷᠠᠬᠤ ᠦᠭᠡᠢ᠂ ᠬᠠᠳᠠᠭᠠᠯᠠᠬᠤ ᠶᠠᠪᠤᠴᠠ ᠳ᠋ᠤ᠌ ᠮᠠᠰᠢ ᠶᠡᠬᠡ ᠬᠣᠷᠣᠭᠳᠠᠯ ᠭᠠᠷᠴᠤ᠂ ᠴᠢᠨᠠᠷ ᠨᠢ ᠴᠦ᠍ ᠤᠤᠯ ᠠ᠋ᠴᠠ ᠪᠠᠨ ᠪᠠᠭᠤᠷᠠᠳᠠᠭ᠃ ᠲᠡᠢᠮᠦ ᠡᠴᠡ ᠪᠢᠳᠡ ᠲᠠᠸᠠᠷ ᠢ᠋ᠶ᠋ᠠᠨ ᠬᠡᠷᠬᠢᠨ ᠦᠢᠯᠡᠳᠪᠦᠷᠢᠯᠡᠭᠰᠡᠨ ᠳᠠᠷᠤᠢ ᠳ᠋ᠤ᠌ ᠪᠡᠨ ᠪᠣᠷᠣᠯᠠᠭᠤᠯᠬᠤ ᠶ᠋ᠢ ᠰᠤᠳᠤᠯᠬᠤ ᠨᠢ ᠬᠦᠢᠲᠡᠨ ᠬᠥᠮᠥᠷᠭᠡ ᠪᠠᠢᠭᠤᠯᠬᠤ ᠠ᠋ᠴᠠ ᠢᠯᠡᠭᠦᠦ ᠦᠷ᠎ᠡ ᠳ᠋ᠦᠩ ᠲᠡᠢ ᠪᠠᠢᠵᠤ ᠴᠢᠳᠠᠨ᠎ᠠ᠃ ᠡᠨᠡ ᠪᠠᠢᠳᠠᠯ ᠳ᠋ᠤ᠌ ᠬᠦᠢᠲᠡᠨ ᠢ᠋ᠶ᠋ᠡᠷ ᠵᠥᠭᠡᠭᠡᠪᠦᠷᠢᠯᠡᠬᠦ ᠦᠢᠯᠡᠴᠢᠯᠡᠭᠡ ᠭᠠᠷᠴᠤ ᠢᠷᠡᠭᠰᠡᠨ ᠴᠦ᠍ ᠣᠳᠣ ᠲᠡᠳᠦᠢᠯᠡ ᠲᠦᠭᠡᠮᠵᠢᠯᠡᠭᠳᠡᠵᠦ ᠴᠢᠳᠠᠭ᠎ᠠ ᠦᠭᠡᠢ ᠪᠠᠢᠭᠰᠠᠭᠠᠷ ᠪᠥᠭᠡᠳ ᠦᠨ᠎ᠡ ᠬᠠᠩᠰᠢ ᠶ᠋ᠢᠨ ᠬᠤᠪᠢ ᠳ᠋ᠤ᠌ ᠴᠤ᠌ ᠥᠨᠳᠥᠷ ᠪᠠᠢᠨ᠎ᠠ᠃
ᠳᠥᠷᠪᠡ ᠂ ᠪᠠᠢᠷᠢᠰᠢᠯ
ᠲᠠᠸᠠᠷ ᠪᠦᠲᠦᠭᠡᠭᠳᠡᠬᠦᠨ ᠦ᠌ ᠪᠣᠳᠠᠲᠠᠢ ᠪᠣᠷᠣᠯᠠᠭᠤᠯᠤᠯᠲᠠ ᠶ᠋ᠢᠨ ᠶᠠᠪᠤᠴᠠ ᠳ᠋ᠤ᠌ ᠬᠤᠳᠠᠯᠳᠤᠬᠤ ᠵᠠᠮ ᠢ᠋ᠶ᠋ᠠᠨ ᠬᠡᠷᠬᠢᠨ ᠰᠣᠩᠭᠣᠬᠤ᠂ ᠶᠠᠭᠠᠬᠢᠵᠤ ᠵᠣᠴᠢᠳ ᠲᠤ᠌ ᠲᠦᠷᠭᠡᠨ ᠬᠦᠷᠭᠡᠬᠦ᠂ ᠬᠡᠷᠬᠢᠨ ᠰᠢᠨ᠎ᠡ ᠰᠣᠷᠭᠣᠭ ᠪᠠᠢᠳᠠᠯ ᠢ᠋ ᠨᠢ ᠬᠠᠩᠭᠠᠬᠤ ᠠᠰᠠᠭᠤᠳᠠᠯ ᠨᠢ ᠪᠦᠭᠦᠳᠡ ᠬᠡᠷᠬᠢᠨ ᠡᠴᠦᠰ ᠦ᠋ᠨ ᠬᠡᠷᠡᠭᠯᠡᠭᠴᠢ ᠳ᠋ᠦ᠍ ᠬᠠᠮᠤᠭ ᠳᠥᠭᠥᠮ ᠬᠢᠯᠪᠠᠷ ᠢ᠋ᠶ᠋ᠠᠷ ᠂ ᠬᠠᠮᠤᠭ ᠴᠢᠨᠠᠷ ᠲᠠᠢ ᠪᠦᠲᠦᠭᠡᠭᠳᠡᠬᠦᠨ ᠢ᠋ ᠵᠠᠬ᠎ᠠ ᠵᠡᠭᠡᠯᠢ ᠶ᠋ᠢᠨ ᠦᠨ᠎ᠡ ᠪᠡᠷ ᠬᠦᠷᠭᠡᠬᠦ ᠶᠠᠪᠤᠳᠠᠯ ᠪᠣᠯᠤᠨ᠎ᠠ ᠃ ᠡᠨᠡ ᠨᠢ ᠪᠢᠳᠡᠨ ᠳ᠋ᠦ᠍ ᠥᠪᠡᠷ ᠢ᠋ ᠪᠡᠨ᠂ ᠥᠪᠡᠷ ᠦ᠋ᠨ ᠲᠠᠸᠠᠷ ᠢ᠋ᠶ᠋ᠠᠨ ᠬᠠᠮᠢᠭ᠎ᠠ ᠪᠠᠢᠷᠢᠰᠢᠭᠤᠯᠬᠤ ᠪᠣᠢ ᠭᠡᠳᠡᠭ ᠠᠰᠠᠭᠤᠳᠠᠯ ᠢ᠋ ᠲᠠᠯᠪᠢᠭᠰᠠᠨ ᠶᠤᠮ᠃
ᠥᠭᠡᠷ᠎ᠡ ᠪᠡᠷ ᠬᠡᠯᠡᠪᠡᠯ ᠪᠢᠳᠡ ᠳᠡᠯᠭᠡᠭᠦᠷ ᠢ᠋ᠶ᠋ᠡᠨ᠂ ᠪᠣᠷᠣᠯᠠᠭᠤᠯᠬᠤ ᠵᠠᠭ᠎ᠠ ᠵᠡᠭᠡᠯᠢ ᠪᠡᠨ ᠰᠣᠩᠭᠣᠬᠤ ᠳ᠋ᠤ᠌ ᠶᠠᠮᠠᠷ ᠨᠥᠬᠥᠴᠡᠯ ᠢ᠋ ᠦᠨᠳᠦᠰᠦᠯᠡᠵᠦ᠂ ᠬᠠᠮᠢᠭ᠎ᠠ ᠰᠣᠩᠭᠣᠪᠠᠯ ᠵᠣᠬᠢᠰᠲᠠᠢ ᠪᠠᠢᠵᠤ᠂ ᠢᠯᠡᠭᠦᠦ ᠣᠯᠠᠨ ᠵᠣᠴᠢᠳ ᠲᠤ᠌ ᠬᠦᠷᠭᠡᠵᠦ ᠴᠢᠳᠠᠬᠤ ᠪᠣᠢ? ᠡᠭᠦᠨ ᠳ᠋ᠦ᠍ ᠠᠷᠠᠯᠵᠢᠶᠠᠨ ᠤ᠋ ᠲᠣᠭᠣᠷᠢᠭ ᠢ᠋ᠶ᠋ᠠᠨ ᠵᠥᠪ ᠰᠣᠩᠭᠣᠬᠤ ᠬᠡᠷᠡᠭᠲᠡᠢ᠃ ᠠᠷᠠᠯᠵᠢᠶᠠᠨ ᠤ᠋ ᠲᠣᠭᠣᠷᠢᠭ ᠭᠡᠳᠡᠭ ᠪᠣᠯ ᠴᠢᠨᠦ ᠳᠡᠯᠭᠡᠭᠦᠷ ᠢ᠋ᠶ᠋ᠡᠷ ᠲᠥᠪ ᠪᠣᠯᠭᠠᠭᠰᠠᠨ ᠵᠣᠬᠢᠬᠤ ᠷᠠᠳᠢᠤᠰ︵ᠲᠠᠪᠤᠨ ᠵᠠᠭᠤᠨ ᠮᠧᠲ᠋ᠷ︶ᠦ᠋ᠨ ᠲᠣᠭᠣᠷᠢᠭ ᠤ᠋ᠨ ᠪᠠᠭᠲᠠᠭᠠᠭᠰᠠᠨ ᠬᠥᠮᠦᠨ ᠠᠮᠠ ᠶ᠋ᠢᠨ ᠨᠢᠭᠲᠠᠴᠠ ᠪᠣᠯᠤᠨ᠎ᠠ᠃ ᠡᠨᠡ ᠨᠢ ᠲᠠᠨ ᠤ᠋ ᠬᠢᠵᠦ ᠪᠠᠢᠭ᠎ᠠ ᠪᠠᠷᠠᠭ᠎ᠠ ᠲᠠᠸᠠᠷ᠂ ᠳᠡᠯᠭᠡᠭᠦᠷ ᠦ᠋ᠨ ᠶᠡᠬᠡ ᠪᠠᠭ᠎ᠠ ᠠ᠋ᠴᠠ ᠰᠢᠯᠲᠠᠭᠠᠯᠠᠨ ᠬᠡᠪᠴᠢᠶ᠎ᠡ ᠨᠢ ᠶᠡᠬᠡ ᠪᠠᠭ᠎ᠠ ᠪᠠᠢᠵᠤ ᠪᠣᠯᠤᠨ᠎ᠠ᠂ ᠭᠡᠲᠡᠯ᠎ᠡ ᠨᠢᠭᠲᠠᠴᠠ ᠨᠢ ᠮᠠᠰᠢ ᠴᠢᠬᠤᠯᠠ᠃
ᠲᠠᠸᠠᠷ ᠪᠦᠲᠦᠭᠡᠭᠳᠡᠬᠦᠨ ᠦ᠌ ᠪᠣᠷᠣᠯᠠᠭᠤᠯᠤᠯᠲᠠ ᠶ᠋ᠢᠨ ᠬᠦᠷᠭᠡᠯᠲᠡ ᠶ᠋ᠢᠨ ᠭᠣᠣᠯ ᠡᠭᠦᠷᠭᠡ ᠪᠣᠯ ᠬᠡᠷᠬᠢᠨ ᠡᠴᠦᠰ ᠦ᠋ᠨ ᠬᠡᠷᠡᠭᠯᠡᠭᠴᠢ ᠳ᠋ᠦ᠍ ᠲᠦᠷᠭᠡᠨ ᠰᠢᠭᠤᠷᠬᠠᠢ ᠬᠦᠷᠭᠡᠵᠦ᠂ ᠵᠣᠴᠢᠳ ᠤ᠋ᠳ ᠦᠢᠯᠡᠴᠢᠯᠡᠭᠡ ᠠᠪᠬᠤ ᠳ᠋ᠤ᠌ ᠳᠥᠭᠥᠮ ᠬᠢᠯᠪᠠᠷ ᠪᠣᠯᠭᠠᠬᠤ ᠠᠵᠢᠯ ᠶᠤᠮ᠃ ᠡᠭᠦᠨ ᠳ᠋ᠦ᠍ ᠬᠤᠳᠠᠯᠳᠤᠬᠤ ᠵᠠᠮ ᠤ᠋ᠨ ᠵᠥᠪ ᠰᠣᠩᠭᠣᠬᠤ᠂ ᠬᠦᠷᠭᠡᠯᠲᠡ ᠪᠡᠨ ᠰᠠᠢᠨ ᠬᠢᠬᠦ᠂ ᠬᠥᠮᠥᠷᠭᠡ ᠪᠠᠢᠭᠤᠯᠵᠤ᠂ ᠰᠢᠨ᠎ᠡ ᠰᠣᠷᠭᠣᠭ ᠪᠠᠢᠳᠠᠯ ᠢ᠋ᠶ᠋ᠠᠷ ᠨᠢ ᠬᠦᠷᠭᠡᠬᠦ ᠪᠣᠯᠤᠨ ᠪᠠᠢᠷᠢᠰᠢᠯ ᠢ᠋ᠶ᠋ᠠᠨ ᠵᠥᠪ ᠲᠣᠭᠲᠠᠭᠠᠬᠤ ᠭᠡᠳ ᠣᠯᠠᠨ ᠠᠷᠭ᠎ᠠ ᠪᠠᠢᠭ᠎ᠠ ᠴᠤ᠌᠂ ᠥᠪᠡᠷ ᠥᠪᠡᠷ ᠦ᠋ᠨ ᠢ᠋ᠶ᠋ᠡᠨ ᠪᠣᠳᠠᠲᠠᠢ ᠪᠠᠢᠳᠠᠯ ᠳ᠋ᠠᠭᠠᠨ ᠦᠨᠳᠦᠰᠦᠯᠡᠵᠦ ᠬᠠᠮᠤᠭ ᠲᠣᠬᠢᠷᠠᠮᠵᠢᠲᠠᠢ ᠬᠡᠯᠪᠡᠷᠢ ᠶ᠋ᠢ ᠨᠢ ᠰᠣᠩᠭᠣᠬᠤ ᠨᠢ ᠶᠠᠭᠤᠨ ᠠ᠋ᠴᠠ ᠴᠢᠬᠤᠯᠠ ᠶᠤᠮ᠃ ᠲᠡᠢᠮᠦ ᠪᠢᠰᠢ ᠪᠣᠯ ᠢᠯᠡᠭᠦᠦ ᠶᠡᠬᠡ ᠬᠥᠷᠥᠩᠭᠡ ᠮᠥᠩᠭᠥ ᠵᠠᠷᠤᠴᠠᠭᠤᠯᠬᠤ ᠪᠤᠶᠤ ᠠᠰᠢᠭ ᠦᠭᠡᠢ ᠬᠦᠷᠭᠡᠯᠲᠡ ᠪᠣᠯᠬᠤ ᠡᠷᠦᠰᠳᠡᠯ ᠲᠡᠢ ᠃ ᠮᠥᠨ ᠡᠨᠡᠬᠦ ᠰᠤᠷᠤᠭᠰᠠᠨ ᠣᠨᠣᠯ ᠤ᠋ᠨ ᠮᠡᠳᠡᠯᠭᠡ ᠪᠡᠨ ᠥᠪᠡᠷ ᠦ᠋ᠨ ᠪᠣᠳᠠᠲᠠᠢ ᠬᠢᠵᠦ ᠪᠠᠢᠭ᠎ᠠ ᠵᠦᠢᠯ ᠲᠡᠢ ᠪᠡᠨ ᠤᠶᠠᠯᠳᠤᠭᠤᠯᠵᠤ ᠰᠤᠷᠬᠤ ᠨᠢ ᠮᠠᠨ ᠤ᠋ ᠬᠢᠴᠢᠶᠡᠯ ᠦ᠋ᠨ ᠭᠣᠣᠯ ᠵᠣᠷᠢᠯᠲᠠ ᠪᠣᠯᠤᠨ᠎ᠠ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
