ᠵᠢᠭᠠᠷᠲᠤ ᠬᠦᠵᠢZaart göjЗаарт гөж
ᠵᠢᠭᠠᠷᠲᠤ ᠬᠦᠵᠢZaart göjЗаарт гөж
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠬᠦᠴᠢᠩᠭᠢ ᠶ᠋ᠢᠨ ᠬᠠᠲᠠᠭᠠᠭᠰᠠᠨ ᠪᠦᠬᠦᠯᠢ ᠡᠪᠡᠰᠦ ᠮᠥᠨ᠃ ᠪᠠᠰᠠ ᠵᠠᠪᠣᠢ ᠭᠡᠳᠡᠭ᠃
[ ᠤᠤᠯ ᠤᠷᠭᠤᠮᠠᠯ] ᠨᠢᠭᠡ ᠪᠤᠶᠤ ᠬᠣᠶᠠᠷ ᠨᠠᠰᠤᠲᠤ ᠡᠪᠡᠰᠦᠯᠢᠭ ᠤᠷᠭᠤᠮᠠᠯ᠃60~120cm ᠥᠨᠳᠥᠷ᠂ ᠡᠰᠢ ᠨᠢ ᠰᠢᠯᠤᠭᠤᠨ᠂ ᠣᠯᠠᠨ ᠰᠠᠯᠠᠭᠠᠯᠠᠨ᠎ᠠ᠃ ᠭᠤᠷᠪᠠᠳᠠᠭᠰᠠᠨ ᠥᠳᠥᠯᠢᠭ ᠨᠡᠢᠯᠡᠮᠡᠯ ᠨᠠᠪᠴᠢ ᠲᠠᠢ᠂ ᠴᠤᠪᠤᠷᠠᠨ ᠤᠷᠭᠤᠨ᠎ᠠ᠃ ᠵᠢᠵᠢᠭ ᠨᠠᠪᠴᠢ ᠨᠢ ᠵᠤᠤᠪᠠᠩ ᠪᠤᠶᠤ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂10~15mm ᠤᠷᠲᠤ᠂5mm ᠣᠷᠴᠢᠮ ᠥᠷᠭᠡᠨ᠂ ᠮᠣᠬᠣᠭᠣ ᠦᠵᠦᠭᠦᠷ ᠲᠡᠢ᠂ ᠱᠠᠭᠠᠨᠲᠠᠭ ᠤᠭ ᠲᠠᠢ᠂ ᠬᠥᠪᠡᠭᠡ ᠪᠡᠷ ᠨᠢ ᠵᠢᠭᠳᠡ ᠪᠤᠰᠤ ᠲᠠᠷᠠᠮᠠᠭ ᠬᠢᠷᠥᠭᠡᠨ ᠰᠢᠲᠦ ᠲᠡᠢ᠃ ᠨᠠᠪᠴᠢᠨ ᠤ᠋ ᠶᠡᠷᠦᠩᠬᠡᠢ ᠪᠠᠷᠢᠭᠤᠯ ᠨᠢ1~2cm ᠤᠷᠲᠤ᠃ ᠲᠣᠰᠬᠣᠭᠤᠷ ᠨᠠᠪᠴᠢ ᠨᠢ ᠪᠦᠰᠡ ᠬᠡᠯᠪᠡᠷᠢ ᠲᠡᠢ᠂5mm ᠣᠷᠴᠢᠮ ᠤᠷᠲᠤ᠃ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠤ᠋ ᠰᠤᠭᠤ ᠪᠤᠶᠤ ᠣᠷᠣᠢ ᠳ᠋ᠤ᠌ ᠳᠡᠯᠭᠡᠷᠡᠨ᠎ᠡ᠂ ᠤᠷᠲᠤ ᠮᠥᠷᠲᠡᠭᠡᠨ ᠨᠠᠷᠢᠬᠠᠨ᠂ ᠮᠠᠰᠢ ᠣᠯᠠᠨ ᠴᠡᠴᠡᠭ ᠲᠡᠢ᠂ ᠴᠡᠴᠡᠭ ᠨᠢ ᠵᠢᠵᠢᠭ᠂3~4mm ᠤᠷᠲᠤ᠂ ᠪᠠᠭᠯᠠᠭᠴᠢ ᠢᠯᠲᠠᠰᠤ ᠪᠠ ᠣᠬᠣᠷ ᠪᠠᠷᠢᠭᠤᠯ ᠲᠠᠢ᠃ ᠲᠣᠭᠳᠣᠢ ᠨᠢ ᠬᠤᠩᠬ᠎ᠠ ᠬᠡᠯᠪᠡᠷᠢ ᠲᠡᠢ᠂5 ᠣᠨᠢ ᠲᠠᠢ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠰᠢᠷ᠎ᠠ ᠥᠩᠭᠡ ᠲᠡᠢ᠂ ᠳᠠᠯᠪᠠᠭ᠎ᠠ ᠬᠡᠯᠲᠡᠰ ᠨᠢ ᠤᠷᠲᠤᠯᠵᠢᠨ ᠵᠤᠤᠪᠠᠩ ᠬᠡᠯᠪᠡᠷᠢ ᠲᠡᠢ᠂ ᠰᠡᠯᠢᠭᠦᠷ ᠬᠡᠯᠲᠡᠰ ᠡᠴᠡ ᠪᠡᠨ ᠤᠷᠲᠤ᠂ ᠰᠡᠯᠢᠭᠦᠷ ᠬᠡᠯᠲᠡᠰ ᠨᠢ ᠮᠣᠬᠣᠭᠣ ᠬᠡᠯᠪᠡᠷᠢ ᠲᠡᠢ᠃10 ᠡᠷ᠎ᠡ ᠲᠣᠭᠣᠷᠴᠣᠭ ᠲᠠᠢ᠂9 ᠨᠢ ᠨᠡᠢᠯᠡᠭᠰᠡᠨ ᠪᠠᠢᠳᠠᠭ᠃1 ᠡᠮ᠎ᠡ ᠲᠣᠭᠣᠷᠴᠣᠭ ᠲᠠᠢ᠃ ᠪᠤᠷᠴᠠᠭ ᠵᠢᠮᠢᠰ ᠨᠢ ᠲᠣᠩᠭᠣᠷᠤᠤ ᠥᠨᠳᠡᠭᠡᠯᠵᠢᠨ ᠬᠡᠯᠪᠡᠷᠢ ᠲᠡᠢ ᠤᠨᠵᠢᠢᠵᠤ ᠤᠷᠭᠤᠨ᠎ᠠ᠂ ᠲᠣᠣᠷᠯᠢᠭ ᠠᠷᠲᠠᠢ᠂ ᠦᠰᠦ ᠦᠭᠡᠢ᠃ ᠭᠠᠭᠴᠠ ᠦᠷ᠎ᠡ ᠲᠡᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠡᠯᠡᠰᠦᠨ ᠳᠣᠪᠣ᠂ ᠠᠭᠤᠯᠠᠨ ᠬᠠᠵᠠᠭᠤ᠂ ᠲᠠᠯ᠎ᠠ ᠭᠠᠵᠠᠷ᠂ ᠳᠠᠯᠠᠢ ᠶ᠋ᠢᠨ ᠬᠥᠪᠡᠭᠡ ᠪᠡᠷ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠱᠠᠨᠰᠢ᠂ ᠭᠠᠨᠰᠦ᠂ ᠱᠠᠨᠳᠦ᠋ᠩ᠂ ᠵᠢᠶᠠᠩᠰᠦ᠂ ᠠᠨᠾᠥ᠋ᠢ᠂ ᠵᠧᠵᠢᠶᠠᠩ᠂ ᠰᠧᠴᠤᠸᠠᠨ᠂ ᠶᠦᠨᠨᠠᠨ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ ᠴᠡᠴᠡᠭᠯᠡᠭᠰᠡᠨ ᠦᠶ᠎ᠡ ᠳ᠋ᠦ᠍ᠨᠢ ᠲᠡᠭᠦᠵᠦ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠥᠩᠭᠡᠨ᠂ ᠮᠣᠬᠣᠳᠠᠭ᠂ ᠰᠢᠩᠭᠡᠨ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠭᠤᠴᠢᠷᠠᠭᠰᠠᠨ ᠬᠠᠯᠠᠭᠤᠨ ᠢ᠋ ᠠᠷᠢᠯᠭᠠᠬᠤ᠂ ᠨᠢᠶᠠᠨ ᠢ᠋ ᠨᠢᠲᠤᠯᠬᠤ᠂ ᠰᠠᠷᠨᠢᠭᠰᠠᠨ ᠬᠣᠣᠷ ᠢ᠋ ᠬᠤᠷᠢᠶᠠᠬᠤ ᠴᠢᠳᠠᠯ ᠲᠠᠢ᠃ ᠭᠣᠣᠯᠳᠠᠭᠤ ᠬᠣᠣᠷᠲᠤ ᠠᠮᠢᠲᠠᠨ ᠳ᠋ᠤ᠌ ᠵᠠᠭᠤᠭᠳᠠᠭᠰᠠᠨ᠂ ᠬᠣᠳᠣᠭᠣᠳᠣᠨ ᠳ᠋ᠤ᠌ ᠬᠣᠣᠷ ᠬᠠᠷᠰᠢᠭᠰᠠᠨ᠂ ᠰᠠᠬᠤᠤ ᠪᠣᠭᠣᠮ᠎ᠠ᠂ ᠬᠠᠭᠤᠴᠢᠷᠠᠭᠰᠠᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄草木樨
ᠠᠩᠭ᠌ᠯᠢ ᠨᠡᠷ᠎ᠡ᠄ Melilotus suaueolens Ledeb.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠣᠶᠤᠨᠴᠢᠮᠡᠭ
