ᠪᠸᠷᠠᠨᠳ᠋ᠸbrandБренд-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠪᠸᠷᠠᠨᠳ᠋ᠸ ᠪᠣᠯ ᠵᠣᠴᠢᠳ ᠤ᠋ᠨ ᠲᠠᠷᠢᠬᠢᠨ ᠳ᠋ᠤ᠌ ᠰᠡᠢᠯᠦᠭᠳᠡᠭᠰᠡᠨ ᠭᠠᠭᠴᠠ ᠦᠭᠡ᠂ ᠭᠠᠭᠴᠠ ᠠᠭᠤᠯᠭ᠎ᠠ ᠮᠥᠨ᠃ᠲᠠᠷᠢᠬᠢᠨ ᠳ᠋ᠤ᠌ ᠮᠡᠳᠡᠷᠡᠭᠦᠯᠵᠦ ᠪᠠᠢᠭ᠎ᠠ ᠰᠠᠭᠤᠭᠳᠡᠯ ᠪᠣᠯᠤᠨ᠎ᠠ᠃
ᠵᠠᠬ᠎ᠠ ᠳᠡᠯᠭᠡᠭᠦᠷ ᠳᠡᠭᠡᠷ᠎ᠡ ᠬᠤᠳᠠᠯᠳᠤᠭᠳᠠᠵᠤ ᠪᠠᠢᠭ᠎ᠠ ᠲᠠᠸᠠᠷ ᠪᠣᠯᠭᠠᠨ ᠥᠪᠡᠷ ᠦ᠋ᠨ ᠭᠡᠰᠡᠨ ᠨᠡᠷ᠎ᠡ ᠲᠡᠢ ᠪᠠᠢᠳᠠᠭ ᠴᠤ᠌ ᠪᠢᠳᠡ ᠲᠡᠷᠡ ᠪᠣᠯᠭᠠᠨ ᠢ᠋ ᠰᠠᠢᠨ ᠮᠡᠳᠡᠳᠡᠭ ᠦᠭᠡᠢ᠃ ᠬᠠᠷᠢᠨ ᠲᠡᠭᠦᠨ ᠦ᠌ ᠳᠤᠮᠳᠠ ᠡᠴᠡ ᠭᠠᠭᠴᠠ ᠨᠢᠭᠡ ᠬᠣᠶᠠᠷ ᠵᠣᠢᠯ ᠤ᠋ᠨ ᠲᠠᠸᠠᠷ ᠤ᠋ᠨ ᠨᠡᠷ᠎ᠡ ᠪᠢᠳᠡᠨ ᠦ᠌ ᠲᠠᠷᠢᠬᠢᠨ ᠳ᠋ᠤ᠌ ᠭᠦᠨ ᠰᠠᠭᠤᠭᠳᠠᠵᠤ᠂ ᠲᠡᠭᠦᠨ ᠦ᠌ ᠶᠠᠭᠤᠮ᠎ᠠ ᠪᠣᠯᠭᠠᠨ ᠨᠢ ᠰᠠᠢᠨ ᠢ᠋ᠶ᠋ᠠᠷ ᠲᠦᠰᠦᠭᠡᠯᠡᠭᠳᠡᠳᠡᠭ᠃ ᠡᠨᠡᠬᠦ ᠬᠥᠮᠦᠨ ᠪᠣᠯᠭᠠᠨ ᠤ᠋ ᠰᠡᠳᠬᠢᠯ ᠵᠢᠷᠦᠬᠡᠨ ᠳ᠋ᠦ᠍ ᠭᠦᠨ ᠰᠠᠭᠤᠭᠳᠠᠭᠰᠠᠨ ᠲᠠᠸᠠᠷ ᠤ᠋ᠨ ᠨᠡᠷ᠎ᠡ ᠪᠣᠯ ᠳᠠᠷᠤᠢ ᠮᠠᠨ ᠤ᠋ ᠥᠨᠥᠳᠥᠷ ᠦ᠋ᠨ ᠶᠠᠷᠢᠬᠤ ᠭᠡᠵᠦ ᠪᠠᠢᠭ᠎ᠠ ᠪᠸᠷᠠᠨᠳᠧ ᠪᠣᠯᠤᠨ᠎ᠠ᠃ ᠪᠸᠷᠠᠨᠳ᠋ᠸ ᠪᠣᠯ ᠳᠠᠷᠤᠢ ᠵᠥᠪᠬᠡᠨ ᠨᠡᠷ᠎ᠡ ᠲᠡᠳᠦᠢ ᠪᠢᠰᠢ᠂ ᠬᠠᠷᠢᠨ ᠪᠤᠰᠤᠳ ᠠᠳᠠᠯᠢ ᠲᠥᠷᠥᠯ ᠦ᠋ᠨ ᠲᠠᠸᠠᠷ ᠠ᠋ᠴᠠ ᠥᠪᠡᠷ ᠦ᠋ᠨ ᠭᠡᠰᠡᠨ ᠣᠨᠴᠠᠯᠢᠭ᠂ ᠳᠠᠪᠠᠭᠤᠯᠢᠭ ᠲᠠᠯ᠎ᠠ ᠪᠠᠷ ᠢ᠋ᠶ᠋ᠠᠨ ᠢᠯᠭᠠᠷᠠᠵᠤ ᠣᠨᠴᠠᠯᠢᠭᠲᠠᠨ᠂ ᠣᠯᠠᠨ ᠬᠥᠮᠦᠨ ᠳ᠋ᠦ᠍ ᠮᠡᠳᠡᠷᠡᠭᠳᠡᠵᠦ ᠲᠠᠨᠢᠭᠳᠠᠭᠰᠠᠨ ᠨᠡᠷ᠎ᠡ ᠪᠦᠬᠦᠢ ᠲᠠᠸᠠᠷ ᠪᠣᠯᠤᠨ᠎ᠠ᠃
ᠲᠠᠸᠠᠷ ᠪᠸᠷᠠᠨᠳᠧ ᠪᠣᠯᠤᠭᠰᠠᠨ ᠢ᠋ᠶ᠋ᠠᠷ ᠮᠠᠰᠢ ᠣᠯᠠᠨ ᠳᠠᠪᠠᠭᠤᠯᠢᠭ ᠲᠠᠯ᠎ᠠ ᠲᠠᠢ ᠪᠣᠯᠳᠠᠭ᠃ ᠣᠯᠠᠨ ᠣᠯᠠᠨ ᠬᠡᠷᠡᠭᠯᠡᠭᠴᠢ ᠲᠠᠨᠢᠵᠤ᠂ ᠪᠣᠷᠣᠯᠠᠭᠤᠯᠭ᠎ᠠ ᠨᠡᠮᠡᠭᠳᠡᠬᠦ ᠪᠡᠷ ᠪᠠᠷᠠᠬᠤ ᠦᠭᠡᠢ᠂ ᠨᠡᠩ ᠥᠷᠭᠡᠨ ᠵᠠᠬ᠎ᠠ ᠳᠡᠯᠭᠡᠭᠦᠷ ᠳᠡᠭᠡᠷ᠎ᠡ ᠬᠢᠯᠪᠠᠷ ᠢ᠋ᠶ᠋ᠠᠷ ᠭᠠᠷᠴᠤ ᠪᠣᠷᠣᠯᠠᠭᠤᠯᠤᠭᠳᠠᠨ᠂ ᠠᠰᠢᠭ ᠣᠷᠣᠯᠭ᠎ᠠ ᠨᠡᠮᠡᠭᠳᠡᠨ᠂ ᠪᠤᠰᠤᠳ ᠳᠠᠭᠠᠯᠲᠠ ᠪᠦᠲᠦᠭᠡᠭᠳᠡᠬᠦᠨ ᠨᠢ ᠴᠦ᠍ ᠬᠢᠯᠪᠡᠷᠬᠠ ᠪᠠᠷ ᠵᠠᠬ᠎ᠠ ᠵᠡᠭᠡᠯᠢ ᠳ᠋ᠦ᠍ ᠭᠠᠷᠴᠤ ᠴᠢᠳᠠᠳᠠᠭ᠃ ᠡᠢᠮᠦ ᠡᠴᠡ ᠲᠠᠸᠠᠷ ᠪᠣᠯᠭᠠᠨ ᠪᠸᠷᠠᠨᠳ᠋ᠸ ᠪᠣᠯᠬᠤ ᠪᠠᠷ ᠴᠢᠷᠮᠠᠢᠳᠠᠭ᠃
ᠲᠡᠭᠡᠪᠡᠯ ᠥᠪᠡᠷ ᠦ᠋ᠨ ᠲᠠᠸᠠᠷ ᠢ᠋ᠶ᠋ᠠᠨ ᠪᠸᠷᠠᠨᠳ᠋ᠸ ᠪᠣᠯᠭᠠᠬᠤ ᠳ᠋ᠤ᠌ ᠡᠬᠢᠯᠡᠭᠡᠳ ᠳᠣᠯᠣᠭᠠᠨ ᠦᠨᠳᠦᠰᠦᠨ ᠮᠡᠳᠡᠯᠭᠡ ᠶ᠋ᠢ ᠮᠡᠳᠡᠵᠦ ᠠᠪᠴᠤ ᠮᠥᠷᠳᠡᠬᠦ ᠬᠡᠷᠡᠭᠲᠡᠢ᠃
ᠨᠢᠭᠡ ᠂ ᠲᠥᠪᠯᠡᠷᠡᠬᠦ ᠬᠡᠷᠡᠭᠲᠡᠢ᠃
ᠪᠢᠳᠡ ᠵᠠᠬ᠎ᠠ ᠳᠡᠯᠭᠡᠭᠦᠷ ᠳᠡᠭᠡᠷ᠎ᠡ ᠶᠠᠮᠠᠷ ᠨᠢᠭᠡᠨ ᠲᠠᠸᠠᠷ ᠢ᠋ ᠦᠢᠯᠡᠳᠪᠦᠷᠢᠯᠡᠵᠦ ᠭᠠᠷᠭᠠᠬᠤ ᠳ᠋ᠤ᠌ ᠶᠠᠮᠠᠷ ᠨᠢᠭᠡᠨ ᠪᠠᠢᠳᠠᠯ ᠢ᠋ᠶ᠋ᠠᠷ ᠪᠤᠰᠤᠳ ᠠᠳᠠᠯᠢ ᠲᠥᠰᠦᠭᠡᠲᠡᠢ ᠲᠠᠸᠠᠷ ᠲᠠᠢ ᠥᠷᠢᠰᠦᠯᠳᠦᠳᠡᠭ᠃ ᠡᠢᠮᠦ ᠡᠴᠡ ᠪᠢᠳᠡ ᠲᠠᠸᠠᠷ ᠪᠦᠲᠦᠭᠡᠭᠳᠡᠬᠦᠨ ᠦᠢᠯᠡᠳᠪᠦᠷᠢᠯᠡᠵᠦ᠂ ᠪᠸᠷᠠᠨᠳ᠋ᠸ ᠪᠣᠯᠭᠠᠬᠤ ᠳ᠋ᠤ᠌ ᠵᠠᠪᠠᠯ ᠥᠪᠡᠷ ᠦ᠋ᠨ ᠳᠠᠪᠠᠭᠤᠯᠢᠭ ᠲᠠᠭᠠᠨ ᠲᠦᠰᠢᠭᠯᠡᠵᠦ᠂ ᠣᠨᠴᠠᠯᠢᠭ ᠢ᠋ᠶ᠋ᠠᠨ ᠭᠠᠷᠭᠠᠵᠤ ᠴᠢᠳᠠᠬᠤ ᠵᠦᠢᠯ ᠢ᠋ᠶ᠋ᠡᠨ ᠬᠢᠪᠡᠯ ᠰᠠᠶᠢ ᠬᠥᠮᠦᠰ ᠲᠦ᠍ ᠠᠮᠠᠷᠬᠠᠨ ᠢ᠋ᠶ᠋ᠠᠷ ᠲᠠᠨᠢᠭᠳᠠᠵᠤ᠂ ᠪᠤᠰᠤᠳ ᠣᠯᠠᠨ ᠲᠠᠸᠠᠷ ᠤ᠋ᠨ ᠳᠤᠮᠳᠠ ᠥᠪᠡᠷ ᠦ᠋ᠨ ᠪᠠᠢᠷᠢ ᠰᠠᠭᠤᠷᠢ ᠪᠠᠨ ᠡᠵᠡᠯᠡᠵᠦ ᠴᠢᠳᠠᠨ᠎ᠠ᠃ ᠶᠠᠭ ᠠᠮᠢᠳᠤᠷᠠᠯ ᠳᠤᠮᠳᠠ ᠮᠠᠰᠢ ᠣᠯᠠᠨ ᠲᠥᠷᠥᠯ ᠦ᠋ᠨ ᠮᠠᠰᠢᠨ ᠲᠡᠷᠭᠡ ᠪᠠᠢᠳᠠᠭ ᠴᠤ᠌ ᠬᠥᠮᠦᠰ ᠬᠥᠳᠡᠭᠡ ᠭᠠᠳᠠᠭ᠎ᠠ ᠶᠠᠪᠤᠬᠤ ᠳ᠋ᠤ᠌ ᠰᠠᠢᠨ ᠮᠠᠰᠢᠨ ᠭᠡᠬᠦ ᠪᠠᠷ ᠶᠠᠭᠠᠬᠢᠬᠤ ᠠᠷᠭ᠎ᠠ ᠦᠭᠡᠢ (ᠳᠣᠶᠣᠲᠠ) ᠶ᠋ᠢᠨ (ᠫᠠᠷᠠᠲᠤᠣ) ᠶ᠋ᠢ ᠪᠣᠳᠣᠵᠤ ᠣᠯᠳᠠᠭ᠃ ᠡᠭᠦᠨ ᠳ᠋ᠦ᠍ ᠫᠠᠷᠠᠲᠤᠤ ᠲᠣᠶᠣᠳᠠ ᠶ᠋ᠢᠨ ᠪᠤᠰᠤᠳ ᠲᠥᠷᠥᠯ ᠦ᠋ᠨ ᠮᠠᠰᠢᠨ ᠠ᠋ᠴᠠ ᠪᠠᠨ ᠥᠪᠡᠷ ᠦ᠋ᠨ ᠣᠨᠴᠠᠯᠢᠭ ᠢ᠋ᠶ᠋ᠠᠷ ᠢ᠋ᠶ᠋ᠠᠨ ᠢᠯᠭᠠᠷᠠᠵᠤ ᠴᠢᠳᠠᠭᠰᠠᠨ ᠢ᠋ᠶ᠋ᠠᠷ ᠪᠸᠷᠠᠨᠳᠧ ᠪᠣᠯᠵᠤ ᠴᠢᠳᠠᠭᠰᠠᠨ ᠪᠠᠢᠨ᠎ᠠ᠃ ᠡᠨᠡ ᠪᠣᠯ ᠳᠠᠷᠤᠢ ᠲᠥᠪᠯᠡᠷᠡᠬᠦ ᠶ᠋ᠢᠨ ᠬᠦᠴᠦᠨ ᠮᠥᠨ᠃
ᠬᠣᠶᠠᠷ ᠂ ᠥᠪᠡᠷ ᠦ᠋ᠨ ᠭᠡᠰᠡᠨ ᠰᠤᠷᠲᠠᠯᠴᠢᠯᠠᠭᠠᠨ ᠤ᠋ ᠦᠭᠡ ᠲᠠᠢ ᠪᠠᠢᠬᠤ ᠬᠡᠷᠡᠭᠲᠡᠢ᠃
ᠪᠸᠷᠠᠨᠳ᠋ᠸ ᠪᠣᠯᠭᠠᠨ ᠥᠪᠡᠷ ᠦ᠋ᠨ ᠠᠯᠢ ᠨᠢᠭᠡ ᠳᠠᠪᠠᠭᠤᠯᠢᠭ ᠣᠨᠴᠠᠯᠢᠭ ᠲᠠᠯ᠎ᠠ ᠪᠠᠨ ᠪᠠᠳᠠᠷᠠᠭᠤᠯᠵᠤ᠂ ᠪᠤᠰᠤᠳ ᠲᠠᠸᠠᠷ ᠪᠦᠲᠦᠭᠡᠭᠳᠡᠬᠦᠨ ᠡᠴᠡ ᠢᠯᠭᠠᠷᠠᠵᠤ᠂ ᠬᠡᠷᠡᠭᠯᠡᠭᠴᠢ ᠶ᠋ᠢᠨ ᠱᠠᠭᠠᠷᠳᠠᠯᠭ᠎ᠠ ᠳ᠋ᠤ᠌ ᠨᠡᠢᠴᠡᠵᠦ ᠪᠠᠢᠭ᠎ᠠ ᠠ᠋ᠴᠠ ᠥᠪᠡᠷ ᠥᠪᠡᠷ ᠦ᠋ᠨ ᠣᠨᠴᠠᠯᠢᠭ ᠢ᠋ᠶ᠋ᠠᠨ ᠳᠣᠪᠣᠢᠯᠭᠠᠭᠰᠠᠨ ᠰᠤᠷᠳᠠᠯᠴᠢᠯᠠᠭᠠᠨ ᠤ᠋ ᠦᠭᠡ ᠲᠡᠢ ᠪᠠᠢᠬᠤ ᠬᠡᠷᠡᠭᠲᠡᠢ᠃ ᠡᠨᠡᠬᠦ ᠰᠤᠷᠠᠯᠴᠢᠯᠠᠭᠠᠨ ᠤ᠋ ᠦᠭᠡ ᠪᠡᠷ ᠳᠠᠮᠵᠢᠨ ᠲᠠᠨ ᠤ᠋ ᠲᠠᠸᠠᠷ ᠤ᠋ᠨ ᠰᠢᠨᠵᠢ ᠴᠢᠨᠠᠷ᠂ ᠣᠨᠴᠠᠯᠢᠭ ᠬᠡᠷᠡᠭᠯᠡᠭᠴᠢ ᠶ᠋ᠢᠨ ᠲᠠᠷᠢᠬᠢᠨ ᠳ᠋ᠤ᠌ ᠰᠠᠭᠤᠭᠳᠠᠵᠤ᠂ ᠲᠡᠷᠡᠬᠦ ᠲᠥᠷᠥᠯ ᠦ᠋ᠨ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠲᠠᠨ ᠤ᠋ ᠲᠠᠸᠠᠷ ᠢ᠋ ᠰᠣᠩᠭᠣᠬᠤ ᠠ᠋ᠴᠠ ᠥᠭᠡᠷ᠎ᠡ ᠰᠣᠩᠭᠣᠯᠲᠠ ᠦᠭᠡᠢ ᠪᠣᠯᠳᠠᠭ᠃ ᠲᠡᠢᠮᠦ ᠡᠴᠡ ᠲᠠᠨ ᠤ᠋ ᠲᠠᠸᠠᠷ ᠪᠦᠲᠦᠭᠡᠭᠳᠡᠬᠦᠨ ᠦ᠌ ᠭᠣᠣᠯ ᠣᠨᠴᠠᠯᠢᠭ ᠰᠢᠨᠵᠢ ᠶ᠋ᠢ ᠲᠥᠯᠥᠭᠡᠯᠡᠭᠰᠡᠨ ᠰᠤᠷᠳᠠᠯᠴᠢᠯᠠᠭᠠᠨ ᠤ᠋ ᠦᠭᠡ ᠨᠢ ᠣᠯᠠᠨ ᠶᠠᠩᠵᠤ ᠶ᠋ᠢᠨ ᠪᠢᠰᠢ᠂ ᠬᠠᠷᠢᠨ ᠭᠣᠣᠯ ᠢ᠋ ᠪᠡᠨ ᠠᠳᠬᠤᠵᠤ ᠴᠢᠳᠠᠠᠭᠰᠠᠨ ᠪᠠᠢᠬᠤ ᠨᠢ ᠶᠠᠭᠤᠨ ᠠ᠋ᠴᠠ ᠴᠢᠬᠤᠯᠠ ᠃
ᠭᠤᠷᠪᠠ ᠂ ᠲᠠᠸᠠᠷ ᠤ᠋ᠨ ᠴᠢᠨᠠᠷ ᠢ᠋ ᠴᠢᠬᠤᠯᠴᠢᠯᠠᠬᠤ ᠬᠡᠷᠡᠭᠲᠡᠢ᠃
ᠬᠥᠮᠦᠰ ᠦ᠋ᠨ ᠰᠠᠭᠤᠭᠳᠠᠯ ᠳ᠋ᠤ᠌ ᠪᠸᠷᠠᠨᠳᠧ ᠭᠡᠬᠦ ᠪᠡᠷ ᠯᠠᠪ ᠴᠢᠨᠠᠷ ᠰᠠᠢᠨ ᠵᠦᠢᠯ ᠪᠠᠢᠳᠠᠭ᠃ ᠡᠨᠡ ᠨᠢ ᠪᠢᠳᠡᠨ ᠳ᠋ᠦ᠍ ᠪᠸᠷᠠᠨᠳᠧ ᠪᠣᠯᠬᠤ ᠳ᠋ᠤ᠌ ᠵᠠᠪᠠᠯ ᠴᠢᠨᠠᠷ ᠢ᠋ ᠴᠢᠬᠤᠯᠴᠢᠯᠠᠬᠤ ᠬᠡᠷᠡᠭᠲᠡᠢ ᠭᠡᠳᠡᠭ ᠢ᠋ ᠬᠡᠯᠡᠵᠦ ᠪᠠᠢᠭ᠎ᠠ ᠶᠤᠮ᠃ ᠲᠡᠢᠮᠦ ᠡᠴᠡ ᠪᠢᠳᠡ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠪᠸᠷᠠᠨᠳᠧ ᠪᠣᠯᠭᠠᠨ ᠬᠥᠭᠵᠢᠭᠦᠯᠬᠦ ᠳ᠋ᠦ᠍ ᠡᠷᠬᠡᠪᠰᠢ ᠬᠤᠳᠠᠯ ᠬᠠᠭᠤᠷᠮᠠᠭ ᠶᠠᠭᠤᠮ᠎ᠠ ᠬᠢᠬᠦ ᠦᠭᠡᠢ ᠪᠡᠷ᠂ ᠬᠡᠷᠡᠭᠯᠡᠭᠴᠢ ᠳ᠋ᠦ᠍ ᠬᠠᠮᠤᠭ ᠤ᠋ᠨ ᠠᠮᠤᠷ ᠲᠦᠪᠰᠢᠨ᠂ ᠰᠠᠢᠨ ᠴᠢᠨᠠᠷ ᠤ᠋ᠨ ᠲᠠᠸᠠᠷ ᠦᠢᠯᠡᠴᠢᠯᠡᠭᠡ ᠬᠦᠷᠭᠡᠬᠦ ᠪᠡᠷ ᠵᠣᠷᠢᠵᠤ ᠠᠵᠢᠯᠯᠠᠬᠤ ᠬᠡᠷᠡᠭᠲᠡᠢ᠃ ᠭᠡᠪᠡᠴᠦ ᠪᠢᠳᠡ ᠴᠢᠨᠠᠷ ᠰᠠᠢᠨ ᠵᠦᠢᠯ ᠪᠣᠯᠭᠠᠨ ᠪᠸᠷᠠᠨᠳ᠋ᠸ ᠪᠠᠢᠵᠤ ᠴᠢᠳᠠᠬᠤ ᠦᠭᠡᠢ ᠭᠡᠳᠡᠭ ᠢ᠋ ᠴᠦ᠍ ᠣᠢᠯᠭᠠᠬᠤ ᠨᠢ ᠴᠢᠬᠤᠯᠠ᠃
ᠥᠭᠡᠷ᠎ᠡ ᠪᠡᠷ ᠬᠡᠯᠡᠪᠡᠯ ᠪᠸᠷᠠᠨᠳᠧ ᠪᠣᠯᠬᠤ ᠳ᠋ᠤ᠌ ᠴᠢᠨᠠᠷ ᠠ᠋ᠴᠠ ᠭᠠᠳᠠᠨ᠎ᠠ ᠪᠤᠰᠤᠳ ᠨᠥᠬᠥᠴᠡᠯ ᠦ᠋ᠳ ᠢ᠋ ᠵᠡᠷᠭᠡ ᠪᠡᠷ ᠪᠡᠶᠡᠯᠡᠭᠦᠯᠬᠦ ᠱᠠᠭᠠᠷᠳᠠᠯᠭ᠎ᠠ ᠲᠠᠢ᠃
ᠳᠥᠷᠪᠡ ᠂ ᠪᠸᠷᠠᠨᠳᠧ ᠶ᠋ᠢᠨ ᠨᠡᠷ᠎ᠡ ᠴᠢᠬᠤᠯᠠ
ᠵᠠᠬ᠎ᠠ ᠳᠡᠯᠭᠡᠭᠦᠷ ᠳᠡᠭᠡᠷᠡᠬᠢ ᠣᠯᠠᠨ ᠲᠥᠷᠥᠯ ᠦ᠋ᠨ ᠲᠠᠸᠠᠷ ᠬᠡᠷᠡᠭᠯᠡᠭᠴᠢ ᠳ᠋ᠦ᠍ ᠲᠠᠨᠢᠭᠳᠠᠬᠤ ᠳ᠋ᠠᠭᠠᠨ ᠥᠪᠡᠷ ᠥᠪᠡᠷ ᠦ᠋ᠨ ᠨᠡᠷ᠎ᠡ ᠪᠡᠷ ᠢ᠋ᠶ᠋ᠡᠨ ᠳᠡᠮᠵᠢᠵᠦ ᠲᠠᠨᠢᠭᠳᠠᠳᠠᠭ᠃ ᠲᠡᠷᠡ ᠳᠣᠳᠣᠮ ᠢ᠋ᠶ᠋ᠠᠨ ᠪᠸᠷᠠᠨᠳᠧ ᠳ᠋ᠦ᠍ ᠨᠡᠷ᠎ᠡ ᠴᠢᠬᠤᠯᠠ ᠠ᠋ᠴᠠ ᠴᠢᠬᠤᠯᠠ᠃ ᠪᠸᠷᠠᠨᠳ᠋ᠸ ᠪᠣᠯᠭᠠᠨ ᠥᠪᠡᠷ ᠦ᠋ᠨ ᠨᠡᠷ᠎ᠡ ᠪᠡᠷ ᠢ᠋ᠶ᠋ᠡᠨ ᠳᠡᠮᠵᠢᠵᠦ ᠬᠥᠮᠦᠰ ᠲᠦ᠍ ᠬᠦᠷᠳᠡᠭ ᠪᠢᠯᠡ᠃ ᠨᠡᠷ᠎ᠡ ᠦᠭᠡᠢ ᠪᠸᠷᠡᠨᠳ᠋ᠸ ᠭᠡᠵᠦ ᠭᠠᠭᠴᠠ ᠴᠤ᠌ ᠪᠠᠢᠬᠤ ᠦᠭᠡᠢ ᠶᠦᠮ᠃ ᠨᠡᠷ᠎ᠡ ᠪᠸᠷᠠᠨᠳᠧ ᠳ᠋ᠦ᠍ ᠡᠢᠮᠦ ᠴᠢᠬᠤᠯᠠ ᠪᠠᠢᠳᠠᠭ ᠠ᠋ᠴᠠ᠂ ᠪᠸᠷᠠᠨᠳᠧ ᠶ᠋ᠢᠨ ᠢ᠋ᠶ᠋ᠡᠨ ᠨᠡᠷ᠎ᠡ ᠶ᠋ᠢ ᠥᠪᠡᠷ ᠦ᠋ᠨ ᠣᠨᠴᠠᠯᠢᠭ ᠰᠢᠨᠵᠢ ᠶ᠋ᠢ ᠪᠦᠷᠢᠨ ᠢᠯᠡᠳᠬᠡᠵᠦ ᠴᠢᠳᠠᠭᠰᠠᠨ ᠦᠭᠡ ᠶ᠋ᠢ ᠰᠣᠩᠭᠣᠬᠤ ᠨᠢ ᠵᠥᠪ᠃ Volkswagen ᠪᠣᠯᠤᠨ Audi ᠨᠢ ᠨᠢᠭᠡ ᠺᠣᠮᠫᠠᠨᠢ ᠶ᠋ᠢᠨ ᠬᠣᠶᠠᠷ ᠲᠥᠷᠥᠯ ᠦ᠋ᠨ ᠮᠠᠰᠢᠨ ᠪᠣᠯᠪᠠᠴᠤ᠂ Volkswagen ᠶ᠋ᠢ ᠪᠢᠳᠡ ᠲᠡᠳᠦᠢ ᠯᠡ ᠰᠠᠢᠨ ᠮᠡᠳᠡᠳᠡᠭ ᠦᠭᠡᠢ ᠃ ᠭᠡᠬᠦ ᠳ᠋ᠡᠭᠡᠨ Audi ᠭᠡᠬᠦ ᠪᠡᠷ ᠢᠯᠡᠭᠦᠦ ᠥᠨᠳᠥᠷ ᠵᠡᠷᠭᠡᠯᠡᠯ ᠦ᠋ᠨ ᠮᠠᠰᠢᠨ ᠪᠣᠯᠵᠤ ᠪᠢᠳᠡᠨ ᠳ᠋ᠦ᠍ ᠬᠠᠷᠠᠭᠳᠠᠳᠠᠭ᠃ ᠡᠨᠡ ᠪᠣᠯ ᠪᠸᠷᠠᠨᠳᠧ ᠶ᠋ᠢᠨ ᠨᠡᠷ᠎ᠡ ᠶ᠋ᠢᠨ ᠴᠢᠬᠤᠯᠠ ᠴᠢᠨᠠᠷ ᠪᠣᠯᠤᠨ᠎ᠠ᠃
ᠲᠠᠪᠤ ᠂ ᠰᠠᠢᠨ ᠰᠠᠢᠬᠠᠨ ᠰᠤᠷᠲᠠᠯᠴᠢᠯᠠᠭ᠎ᠠ ᠪᠠᠢᠬᠤ ᠬᠡᠷᠡᠭᠲᠡᠢ᠃
ᠵᠠᠷ ᠰᠤᠷᠲᠠᠯᠴᠢᠯᠠᠭ᠎ᠠ ᠪᠣᠯ ᠬᠡᠷᠡᠭᠯᠡᠭᠴᠢ ᠶ᠋ᠢᠨ ᠲᠠᠸᠠᠷ ᠪᠦᠲᠦᠭᠡᠭᠳᠡᠬᠦᠨ ᠢ᠋ ᠲᠠᠨᠢᠬᠤ ᠦᠨᠳᠦᠰᠦᠨ ᠠᠷᠭ᠎ᠠ ᠵᠠᠮ ᠪᠠᠢᠳᠠᠭ᠃ ᠪᠸᠷᠠᠨᠳ᠋ᠸ ᠪᠣᠯ ᠨᠢᠭᠡᠨ ᠴᠠᠭ ᠤ᠋ᠨ ᠬᠡᠷᠡᠭᠴᠡᠭᠡ ᠱᠠᠭᠠᠷᠳᠠᠯᠭ᠎ᠠ ᠳ᠋ᠤ᠌ ᠨᠡᠢᠴᠡᠭᠦᠯᠦᠭᠰᠡᠨ ᠵᠦᠢᠯ ᠪᠢᠰᠢ᠂ ᠬᠠᠷᠢᠨ ᠬᠥᠮᠦᠰ ᠦ᠋ᠨ ᠴᠢᠬᠤᠯᠠ ᠬᠡᠷᠡᠭᠴᠡᠭᠡ ᠶ᠋ᠢ ᠬᠠᠩᠭᠠᠭᠰᠠᠨ᠂ ᠰᠠᠢᠨ ᠴᠢᠨᠠᠷ ᠤ᠋ᠨ ᠪᠦᠲᠦᠭᠡᠭᠳᠡᠬᠦᠨ ᠪᠣᠯᠬᠤ ᠤᠴᠢᠷ ᠠ᠋ᠴᠠ ᠬᠥᠮᠦᠰ ᠲᠦ᠍ ᠰᠠᠢᠨ ᠰᠠᠢᠬᠠᠨ ᠢ᠋ᠶ᠋ᠠᠷ ᠲᠦᠰᠣᠭᠡᠯᠡᠭᠳᠡᠵᠦ᠂ ᠤᠷᠲᠤ ᠤᠳᠠᠭᠠᠨ ᠣᠷᠣᠰᠢᠬᠤ ᠬᠡᠷᠡᠭᠲᠡᠢ᠃ ᠲᠡᠢᠮᠦ ᠡᠴᠡ ᠪᠸᠷᠠᠨᠳᠧ ᠶ᠋ᠢᠨ ᠵᠠᠷ ᠰᠤᠷᠲᠠᠯᠴᠢᠯᠠᠭ᠎ᠠ ᠡᠷᠬᠡᠪᠰᠢ ᠵᠥᠪ ᠵᠦᠢᠯ᠂ ᠬᠥᠭᠵᠢᠯᠲᠡ᠂ ᠢᠷᠡᠭᠡᠳᠦᠢ ᠳ᠋ᠦ᠍ ᠴᠢᠭᠯᠡᠭᠰᠡᠨ ᠪᠠᠢᠬᠤ ᠨᠢ ᠵᠦᠢᠲᠡᠢ᠃
ᠵᠢᠷᠭᠤᠭ᠎ᠠ ᠂ ᠺᠣᠮᠫᠠᠨᠢ ᠪᠣᠯᠤᠨ ᠪᠸᠷᠠᠨᠳ᠋ᠸ ᠠᠳᠠᠯᠢ ᠨᠡᠷ᠎ᠡ ᠲᠡᠢ ᠪᠠᠢᠬᠤ
ᠱᠠᠭᠠᠷᠳᠠᠯᠭ᠎ᠠ ᠥᠬᠡᠢ ᠪᠸᠷᠠᠨᠳ᠋ᠸ ᠲᠤ᠌ ᠥᠪᠡᠷ ᠨᠡᠷ᠎ᠡ ᠲᠡᠢ ᠪᠠᠢᠬᠤ ᠱᠠᠭᠠᠷᠳᠠᠯᠭ᠎ᠠ ᠲᠠᠢ ᠮᠥᠷᠲᠡᠭᠡᠨ᠂ ᠲᠡᠷᠡ ᠨᠢ ᠵᠠᠪᠠᠯ ᠥᠪᠡᠷ ᠦ᠋ᠨ ᠬᠢᠨᠢ ᠣᠨᠴᠠᠯᠢᠭ ᠰᠢᠨᠵᠢ ᠶ᠋ᠢ ᠬᠠᠷᠠᠭᠤᠯᠵᠤ ᠴᠢᠳᠠᠭᠰᠠᠨ ᠨᠡᠷ᠎ᠡ ᠪᠠᠢᠬᠤ ᠨᠢ ᠬᠠᠮᠤᠭ ᠴᠢᠬᠤᠯᠠ᠃ ᠡᠭᠦᠨ ᠢ᠋ᠶ᠋ᠡᠷ ᠢ᠋ᠶ᠋ᠡᠨ ᠳᠡᠮᠵᠢᠵᠦ ᠪᠸᠷᠠᠨᠳ᠋ᠸ ᠬᠥᠮᠦᠰ ᠲᠦ᠍ ᠲᠠᠨᠢᠭᠳᠠᠬᠤ ᠪᠠᠷ ᠪᠠᠷᠠᠬᠤ ᠦᠭᠡᠢ᠂ ᠥᠪᠡᠷ ᠦ᠋ᠨ ᠢ᠋ᠶ᠋ᠡᠨ ᠣᠨᠴᠠᠯᠢᠭ ᠂ ᠳᠠᠪᠠᠭᠤᠯᠢᠭ ᠢ᠋ ᠳᠠᠪᠬᠤᠷ ᠮᠡᠳᠡᠷᠡᠭᠦᠯᠵᠦ ᠴᠢᠳᠠᠳᠠᠭ᠃
ᠲᠡᠢᠮᠦ ᠡᠴᠡ ᠪᠢᠳᠡ ᠥᠪᠡᠷ ᠦ᠋ᠨ ᠦᠢᠯᠡᠳᠪᠦᠷᠢᠯᠡᠭᠰᠡᠨ ᠲᠠᠸᠠᠷ ᠪᠦᠲᠦᠭᠡᠭᠳᠡᠬᠦᠨ ᠡᠴᠡ ᠪᠸᠷᠠᠨᠳ᠋ᠸ ᠭᠠᠷᠭᠠᠬᠤ ᠳ᠋ᠤ᠌ ᠵᠠᠪᠠᠯ ᠺᠣᠮᠫᠠᠨᠢ ᠲᠠᠢ ᠪᠠᠨ ᠠᠳᠠᠯᠢ ᠨᠡᠷ᠎ᠡ ᠲᠡᠢ ᠪᠠᠢᠬᠤ ᠠᠯᠪᠠ ᠦᠭᠡᠢ᠃ ᠬᠠᠷᠢᠨ ᠪᠸᠷᠠᠨᠳ᠋ᠸ ᠪᠣᠯᠭᠠᠬᠤ ᠲᠠᠸᠠᠷ ᠤ᠋ᠨ ᠢ᠋ᠶ᠋ᠠᠨ ᠣᠨᠴᠠᠯᠢᠭ ᠰᠢᠨᠵᠢ ᠶ᠋ᠢ ᠵᠢᠩᠬᠢᠨᠢ ᠬᠠᠷᠠᠭᠤᠯᠵᠤ ᠴᠢᠳᠠᠭᠰᠠᠨ ᠨᠡᠷ᠎ᠡ ᠶ᠋ᠢ ᠰᠣᠩᠭᠣᠪᠠᠯ ᠬᠣᠢᠰᠢᠳᠠ ᠶ᠋ᠢᠨ ᠬᠥᠭᠵᠢᠯᠲᠡ ᠳ᠋ᠦ᠍ ᠢᠯᠡᠭᠦᠦ ᠠᠰᠢᠭᠲᠠᠢ ᠪᠠᠢᠵᠤ ᠴᠢᠳᠠᠨ᠎ᠠ᠃
ᠳᠣᠯᠣᠭ᠎ᠠ ᠂ ᠲᠡᠷᠢᠭᠦᠯᠡᠬᠦ ᠬᠡᠷᠡᠭᠲᠡᠢ
ᠪᠧᠷᠠᠨᠳᠧ ᠪᠣᠯᠤᠭᠰᠠᠨ ᠵᠦᠢᠯ ᠵᠠᠪᠠᠯ ᠴᠢᠨᠠᠷ ᠰᠠᠢᠨ ᠪᠠᠢᠬᠤ ᠬᠡᠷᠡᠭᠲᠡᠢ ᠴᠦ᠍᠂ ᠴᠢᠨᠠᠷ ᠰᠠᠢᠨ ᠵᠦᠢᠯ ᠪᠣᠯᠭᠠᠨ ᠪᠧᠷᠠᠨᠳᠧ ᠪᠢᠰᠢ ᠭᠡᠮᠡᠨ ᠲᠦᠷᠦᠭᠦᠦ ᠶᠠᠷᠢᠭᠰᠠᠨ ᠪᠢᠯᠡ᠃ ᠡᠭᠦᠨᠴᠢᠯᠡᠨ ᠪᠧᠷᠠᠨᠳᠧ ᠭᠠᠭᠴᠠ ᠴᠢᠨᠠᠷ ᠰᠠᠢᠨ ᠪᠠᠢᠭᠠᠳ ᠪᠣᠯᠴᠢᠬᠠᠬᠤ ᠪᠢᠰᠢ ᠂ ᠵᠠᠪᠠᠯ ᠥᠪᠡᠷ ᠦ᠋ᠨ ᠭᠡᠰᠡᠨ ᠣᠨᠴᠠᠯᠢᠭ ᠢ᠋ᠶ᠋ᠠᠷ ᠢ᠋ᠶ᠋ᠠᠨ ᠣᠯᠠᠨ ᠳ᠋ᠤ᠌ ᠲᠠᠨᠢᠭᠳᠠᠵᠤ᠂ ᠵᠠᠬ᠎ᠠ ᠳᠡᠯᠭᠡᠭᠦᠷ ᠳᠡᠭᠡᠷ᠎ᠡ ᠪᠤᠰᠤᠳ ᠠᠳᠠᠯᠢ ᠲᠥᠷᠥᠯ ᠦ᠋ᠨ ᠲᠠᠸᠠᠷ ᠪᠦᠲᠦᠭᠡᠭᠳᠡᠬᠦᠨ ᠡᠴᠡ ᠢᠯᠭᠠᠷᠠᠨ᠂ ᠲᠡᠳᠡᠭᠡᠷ ᠡᠴᠡ ᠳᠠᠪᠠᠵᠤ ᠭᠠᠷᠴᠤ ᠴᠢᠳᠠᠭᠰᠠᠨ ᠪᠠᠢᠵᠤ ᠬᠥᠮᠦᠰ ᠦ᠋ᠨ ᠰᠡᠳᠬᠢᠯ ᠳ᠋ᠦ᠍ ᠵᠢᠩᠬᠢᠨᠢ ᠪᠧᠷᠠᠨᠳᠧ ᠪᠣᠯᠵᠤ ᠴᠢᠳᠠᠨ᠎ᠠ᠃ ᠥᠭᠡᠷ᠎ᠡ ᠪᠡᠷ ᠬᠡᠯᠡᠪᠡᠯ ᠪᠧᠷᠠᠨᠳᠧ ᠪᠣᠯᠬᠤ ᠳ᠋ᠤ᠌ ᠵᠠᠪᠠᠯ ᠥᠪᠡᠷ ᠦ᠋ᠨ ᠭᠡᠰᠡᠨ ᠣᠨᠴᠠᠯᠢᠭ᠂ ᠳᠠᠪᠠᠭᠤᠯᠢᠭ ᠢ᠋ᠶ᠋ᠠᠷ ᠢ᠋ᠶ᠋ᠠᠨ ᠠᠳᠠᠯᠢᠬᠠᠨ ᠲᠠᠸᠠᠷ ᠤ᠋ᠨ ᠳᠤᠮᠳᠠ ᠪᠠᠨ ᠲᠡᠷᠢᠭᠦᠯᠡᠬᠦ ᠬᠡᠷᠡᠭᠲᠡᠢ᠃ ᠢᠩᠭᠢᠭᠰᠡᠨ ᠢ᠋ᠶ᠋ᠡᠷ ᠬᠥᠮᠦᠰ ᠲᠠᠨ ᠢ᠋ ᠰᠣᠩᠭᠣᠬᠤ ᠪᠣᠯᠤᠨ᠎ᠠ᠃ ᠵᠠᠬ᠎ᠠ ᠳᠡᠯᠭᠡᠭᠦᠷ ᠳᠡᠭᠡᠷ᠎ᠡ ᠣᠯᠠᠨ ᠮᠢᠩᠭᠠᠨ ᠲᠥᠷᠥᠯ ᠦ᠋ᠨ ᠲᠠᠸᠠᠷ ᠪᠦᠲᠦᠭᠡᠭᠳᠡᠬᠦᠨ ᠪᠠᠢᠳᠠᠭ ᠴᠤ᠌ ᠪᠦᠭᠦᠳᠡ ᠥᠪᠡᠷ ᠥᠪᠡᠷ ᠦ᠋ᠨ ᠭᠡᠰᠡᠨ ᠣᠨᠴᠠᠯᠢᠭ ᠰᠢᠨᠵᠢ ᠲᠡᠢ ᠪᠠᠢᠳᠠᠭ᠃
ᠪᠢᠳᠡ ᠴᠦ᠍ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠭᠠᠷᠭᠠᠬᠤ ᠳ᠋ᠤ᠌ ᠥᠪᠡᠷ ᠦ᠋ᠨ ᠪᠤᠰᠤᠳ ᠠ᠋ᠴᠠ ᠢᠯᠭᠠᠷᠠᠬᠤ ᠣᠨᠴᠠᠯᠢᠭ ᠰᠢᠨᠵᠢ ᠶ᠋ᠢ ᠦᠨᠳᠦᠰᠦᠯᠡᠵᠦ᠂ ᠳᠠᠪᠠᠭᠤᠯᠢᠭ ᠢ᠋ᠶ᠋ᠠᠨ ᠪᠠᠳᠠᠷᠠᠭᠤᠯᠤᠨ ᠪᠸᠷᠠᠨᠳ᠋ᠸ ᠪᠣᠯᠭᠠᠨ ᠬᠥᠭᠵᠢᠭᠦᠯᠵᠦ ᠴᠢᠳᠠᠪᠠᠯ ᠠᠵᠤ ᠠᠬᠤᠢ ᠶ᠋ᠢᠨ ᠠᠰᠢᠭ ᠣᠷᠣᠯᠭ᠎ᠠ ᠠᠶᠠᠨᠳᠠᠭᠠᠨ ᠨᠡᠮᠡᠭᠳᠡᠬᠦ ᠪᠣᠯᠤᠨ᠎ᠠ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
