ᠰᠤᠳᠤᠯᠤᠨ ᠪᠦᠲᠦᠭᠡᠬᠦSudlan büteekhСудлан бүтээх-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠥᠨᠥ ᠡᠷᠡᠨ ᠳ᠋ᠦ᠍ ᠲᠠᠸᠠᠷ ᠤ᠋ᠨ ᠭᠦᠢᠯᠭᠡᠭᠡ ᠪᠣᠯ ᠭᠣᠣᠯ ᠤᠷᠤᠰᠬᠠᠯ ᠮᠥᠨ᠃ ᠣᠳᠣ ᠨᠡᠢᠭᠡᠮ ᠳᠡᠭᠡᠷ᠎ᠡ ᠪᠣᠳᠠᠰ ᠤ᠋ᠨ ᠭᠦᠢᠯᠭᠡᠭᠡ ᠡᠴᠡ ᠡᠬᠢᠯᠡᠭᠡᠳ ᠦᠢᠯᠡᠴᠢᠯᠡᠭᠡ᠂ ᠰᠤᠷᠠᠭ ᠵᠠᠩᠭᠢ ᠪᠦᠬᠦ ᠵᠦᠢᠯ ᠲᠠᠸᠠᠷᠴᠢᠯᠬᠠᠳᠠᠵᠤ᠂ ᠵᠣᠴᠢᠳ᠂ ᠬᠡᠷᠡᠭᠯᠡᠭᠴᠢ ᠶ᠋ᠢᠨ ᠭᠠᠷ ᠬᠦᠷᠴᠦ ᠥᠪᠡᠷ ᠦ᠋ᠨ ᠬᠡᠷᠡᠭᠴᠡᠭᠡᠨ ᠦ᠌ ᠥᠷᠲᠡᠭ ᠢ᠋ᠶ᠋ᠡᠨ ᠣᠯᠵᠤ ᠪᠠᠢᠨ᠎ᠠ᠃ ᠡᠢᠮᠦ ᠡᠴᠡ ᠬᠡᠷᠬᠢᠨ ᠰᠠᠢᠨ ᠲᠠᠸᠠᠷ ᠬᠢᠬᠦ ᠡᠴᠡ ᠢᠯᠡᠭᠦᠦ ᠵᠣᠴᠢᠳ ᠤ᠋ᠨ ᠬᠡᠷᠡᠭᠴᠡᠭᠡᠨ ᠳᠤ ᠨᠡᠢᠴᠡᠭᠰᠡᠨ ᠲᠠᠸᠠᠷ ᠬᠢᠬᠦ ᠨᠢ ᠶᠠᠭᠤᠨ ᠠ᠋ᠴᠠ ᠴᠢᠬᠤᠯᠠ᠃ ᠡᠨᠡ ᠪᠣᠯ ᠦᠢᠯᠡᠳᠪᠦᠷᠢᠯᠡᠯ ᠬᠢᠬᠦ ᠶ᠋ᠢᠨ ᠤᠷᠢᠳᠴᠢᠯᠬᠠᠰᠠᠨ ᠲᠣᠭᠠᠴᠢᠭ᠎ᠠ ᠪᠤᠶᠤ ᠲᠥᠯᠥᠪᠯᠡᠭᠡ ᠮᠥᠨ ᠃ ᠳᠠᠷᠤᠢ ᠪᠢᠳᠡ ᠶᠠᠮᠠᠷ ᠲᠠᠸᠠᠷ ᠢ᠋ ᠬᠡᠷᠬᠢᠨ ᠬᠢᠵᠦ᠂ ᠶᠠᠮᠠᠷ ᠵᠠᠬ᠎ᠠ ᠳᠡᠯᠭᠡᠭᠦᠷ ᠳᠡᠭᠡᠷ᠎ᠡ ᠭᠠᠷᠭᠠᠪᠠᠯ ᠬᠡᠷᠡᠭᠯᠡᠭᠴᠢ ᠢᠯᠡᠭᠦᠦ ᠰᠣᠨᠢᠷᠬᠠᠵᠤ᠂ ᠪᠢᠳᠡᠨ ᠦ᠌ ᠠᠰᠢᠭ ᠣᠷᠣᠯᠭ᠎ᠠ ᠥᠨᠳᠥᠷ ᠪᠠᠢᠬᠤ ᠲᠠᠢ ᠬᠣᠯᠪᠣᠭᠳᠠᠬᠤ ᠴᠢᠬᠤᠯᠠ ᠠᠰᠠᠭᠤᠳᠠᠯ ᠪᠢᠯᠡ᠃ ᠡᠭᠦᠨ ᠢ᠋ ᠪᠢᠳᠡ ᠶᠡᠷᠦᠩᠬᠡᠢ ᠳ᠋ᠦ᠍ᠨᠢ ᠰᠤᠳᠤᠯᠤᠨ ᠪᠦᠲᠦᠭᠡᠬᠦ ᠭᠡᠮᠡᠨ ᠨᠡᠷᠡᠯᠡᠭᠰᠡᠨ ᠪᠠᠢᠳᠠᠭ᠃
ᠡᠨᠳᠡ ᠶᠠᠷᠢᠵᠤ ᠪᠠᠢᠭ᠎ᠠ ᠰᠤᠳᠤᠯᠤᠨ ᠪᠦᠲᠦᠭᠡᠬᠦ ᠭᠡᠳᠡᠭ ᠪᠣᠯ ᠲᠠᠸᠠᠷ ᠤ᠋ᠨ ᠦᠢᠯᠡᠳᠪᠦᠷᠢᠯᠡᠯ ᠲᠡᠢ ᠬᠣᠯᠪᠤᠭᠳᠠᠠᠭᠰᠠᠨ ᠤᠷᠢᠳᠴᠢᠯᠠᠭᠰᠠᠨ ᠲᠥᠯᠥᠪᠯᠡᠭᠡ ᠪᠣᠯᠬᠣᠷ ᠦᠢᠯᠡᠳᠪᠦᠷᠢᠯᠡᠯ ᠡᠴᠡ ᠡᠮᠦᠨ᠎ᠡ ᠤᠷᠢᠳᠴᠢᠯᠠᠨ ᠶᠠᠪᠤᠭᠳᠠᠵᠤ᠂ ᠦᠢᠯᠡᠳᠪᠦᠷᠢᠯᠡᠯ ᠦ᠋ᠨ ᠪᠦᠬᠦᠢᠯᠡ ᠶᠠᠪᠤᠴᠠ ᠶ᠋ᠢ ᠤᠷᠢᠳᠴᠢᠯᠠᠵᠤ ᠲᠤᠭᠠᠴᠢᠬᠠᠰᠠᠨ ᠪᠠᠢᠬᠤ ᠬᠡᠷᠡᠭᠲᠡᠢ᠃ ᠲᠠᠸᠠᠷ ᠤ᠋ᠨ ᠦᠢᠯᠡᠳᠪᠦᠷᠢᠯᠡᠯ ᠳ᠋ᠦ᠍ ᠰᠤᠳᠤᠯᠤᠨ ᠪᠦᠲᠦᠭᠡᠬᠦ ᠶ᠋ᠢ ᠰᠠᠢᠲᠤᠷ ᠠᠰᠢᠭᠯᠠᠬᠤ ᠨᠢ ᠥᠪᠡᠷ ᠦ᠋ᠨ ᠥᠷᠲᠡᠭ ᠢ᠋ ᠪᠠᠭᠤᠷᠠᠭᠤᠯᠵᠤ᠂ ᠠᠷᠪᠢᠯᠠᠬᠤ ᠬᠠᠮᠤᠭ ᠰᠠᠢᠨ ᠠᠷᠭ᠎ᠠ ᠪᠣᠯᠳᠠᠭ᠃ ᠲᠡᠭᠡᠪᠡᠯ ᠶᠠᠮᠠᠷ ᠲᠠᠸᠠᠷ ᠪᠦᠲᠦᠭᠡᠭᠳᠡᠬᠦᠨ ᠰᠤᠳᠤᠯᠵᠤ ᠪᠦᠲᠦᠭᠡᠪᠡᠯ ᠵᠣᠴᠢᠳ ᠬᠦᠯᠢᠶᠡᠨ ᠠᠪᠴᠤ᠂ ᠥᠪᠡᠷ ᠦ᠋ᠨ ᠥᠷᠲᠡᠭ ᠢ᠋ ᠠᠷᠪᠢᠯᠠᠵᠤ ᠴᠢᠳᠠᠬᠤ ᠪᠣᠢ?
ᠨᠢᠭᠡ ᠂ ᠵᠣᠴᠢᠳ ᠲᠤ᠌ ᠬᠠᠨᠤᠮᠵᠢ ᠲᠠᠢ ᠪᠦᠲᠦᠭᠡᠭᠳᠡᠬᠦᠨ
ᠦᠢᠯᠡᠳᠪᠦᠷᠢᠯᠡᠯ ᠦ᠋ᠨ ᠭᠣᠣᠯ ᠠᠵᠢᠯ ᠪᠣᠯ ᠲᠠᠸᠠᠷ ᠤ᠋ᠨ ᠦᠢᠯᠡᠳᠪᠦᠷᠢᠯᠡᠯ ᠪᠠᠢᠳᠠᠭ ᠠ᠋ᠴᠠ᠂ ᠦᠢᠯᠡᠳᠪᠦᠷᠢᠯᠡᠭᠰᠡᠨ ᠲᠠᠸᠠᠷ ᠨᠢ ᠵᠣᠴᠢᠳ ᠲᠤ᠌ ᠬᠦᠷᠴᠦ ᠴᠢᠳᠠᠠᠭᠰᠠᠨ ᠢ᠋ᠶ᠋ᠠᠷ ᠰᠠᠶᠢ ᠦᠢᠯᠡᠳᠪᠦᠷᠢᠯᠡᠯ ᠦ᠋ᠨ ᠠᠵᠢᠯ ᠴᠢᠨᠠᠭᠰᠢᠳᠠ ᠦᠷᠭᠦᠯᠵᠢᠯᠡᠨ ᠶᠠᠪᠤᠭᠳᠠᠵᠤ ᠴᠢᠳᠠᠨ᠎ᠠ᠃ ᠡᠢᠮᠦ ᠡᠴᠡ ᠦᠢᠯᠡᠳᠪᠦᠷᠢᠯᠡᠭᠰᠡᠨ ᠲᠠᠸᠠᠷ ᠢ᠋ ᠵᠣᠴᠢᠳ ᠳᠤᠷ᠎ᠠ ᠲᠠᠢ ᠬᠦᠯᠢᠶᠡᠨ ᠠᠪᠤᠭᠰᠠᠨ ᠪᠠᠢᠬᠤ ᠬᠡᠷᠡᠭᠲᠡᠢ᠃ ᠦᠢᠯᠡᠳᠪᠦᠷᠢᠯᠡᠭᠰᠡᠨ ᠲᠠᠸᠠᠷ ᠨᠢ ᠵᠣᠴᠢᠳ ᠲᠤ᠌ ᠬᠠᠨᠤᠮᠵᠢ ᠲᠠᠢ ᠪᠠᠢᠵᠤ ᠴᠢᠳᠠᠭᠰᠠᠨ ᠪᠠᠢᠬᠤ ᠬᠡᠷᠡᠭᠲᠡᠢ ᠶᠤᠮ᠃
ᠲᠡᠭᠡᠪᠡᠯ ᠶᠠᠮᠠᠷ ᠲᠠᠸᠠᠷ ᠲᠤ᠌ ᠵᠣᠴᠢᠳ ᠢᠯᠡᠭᠦᠦ ᠳᠤᠷ᠎ᠠ ᠲᠠᠢ ᠪᠣᠢ? ᠡᠭᠦᠨ ᠳ᠋ᠦ᠍ ᠭᠣᠣᠯ ᠭᠤᠷᠪᠠᠨ ᠲᠠᠯ᠎ᠠ ᠶ᠋ᠢᠨ ᠨᠥᠬᠥᠴᠡᠯ ᠪᠣᠢ᠃ ᠳᠠᠷᠤᠢ ᠵᠣᠴᠢᠳ ᠲᠤ᠌ ᠬᠠᠨᠤᠮᠵᠢ ᠲᠠᠢ ᠪᠤᠶᠤ ᠴᠢᠨᠠᠷ᠂ ᠥᠪᠡᠷ ᠦ᠋ᠨ ᠥᠷᠲᠡᠭ᠂ ᠴᠠᠭ ᠬᠤᠭᠤᠴᠠᠭ᠎ᠠ ᠭᠤᠷᠪᠠ
ᠦᠢᠯᠡᠳᠪᠦᠷᠢᠯᠡᠨ ᠭᠠᠷᠭᠠᠭᠰᠠᠨ ᠲᠠᠸᠠᠷ ᠬᠡᠳᠦᠢ ᠰᠠᠢᠨ᠂ ᠴᠢᠨᠠᠷ ᠤ᠋ᠨ ᠪᠠᠲᠤᠯᠭ᠎ᠠ ᠲᠠᠢ ᠪᠣᠯ ᠵᠣᠴᠢᠳ ᠲᠡᠳᠦᠢ ᠳᠤᠷ᠎ᠠ ᠲᠠᠢ ᠪᠠᠢᠵᠤ᠂ ᠲᠡᠳᠡᠨ ᠦ᠌ ᠰᠡᠳᠬᠢᠯ ᠳ᠋ᠦ᠍ ᠨᠡᠢᠴᠡᠬᠦ ᠪᠣᠯᠤᠨ᠎ᠠ᠃ ᠳᠠᠷᠠᠭ᠎ᠠ ᠨᠢ ᠪᠢᠳᠡ ᠵᠣᠴᠢᠳ ᠤ᠋ᠨ ᠰᠡᠳᠬᠢᠯ ᠳ᠋ᠦ᠍ ᠨᠡᠢᠴᠡᠭᠰᠡᠨ ᠲᠠᠸᠠᠷ ᠢ᠋ᠶ᠋ᠠᠨ ᠠᠪᠬᠤ ᠪᠣᠯᠤᠮᠵᠢ ᠶ᠋ᠢ ᠨᠢ ᠣᠯᠭᠣᠬᠤ ᠬᠡᠷᠡᠭᠲᠡᠢ᠂ ᠳᠠᠷᠤᠢ ᠪᠢᠳᠡ ᠵᠣᠴᠢᠳ ᠤ᠋ᠨ ᠬᠦᠯᠢᠶᠡᠨ ᠠᠪᠴᠤ ᠴᠢᠳᠠᠬᠤ ᠥᠷᠲᠡᠭ ᠦ᠋ᠨ ᠬᠡᠮᠵᠢᠶᠡᠨ ᠳ᠋ᠦ᠍ ᠦᠢᠯᠡᠳᠪᠦᠷᠢᠯᠡᠵᠦ ᠭᠠᠷᠭᠠᠬᠤ ᠴᠢᠬᠤᠯᠠ ᠲᠠᠢ᠃ ᠪᠠᠰᠠ ᠨᠢᠭᠡ ᠴᠢᠬᠤᠯᠠ ᠵᠦᠢᠯ ᠪᠣᠯ ᠵᠣᠴᠢᠳ ᠤ᠋ᠨ ᠬᠡᠷᠡᠭ ᠲᠡᠢ ᠴᠠᠭ ᠦᠶ᠎ᠡ ᠳ᠋ᠦ᠍ ᠨᠢ ᠬᠠᠩᠭᠠᠵᠤ ᠴᠢᠳᠠᠬᠤ ᠶᠠᠪᠤᠳᠠᠯ ᠪᠣᠯᠤᠨ᠎ᠠ᠃ ᠥᠭᠡᠷ᠎ᠡ ᠪᠡᠷ ᠬᠡᠯᠡᠪᠡᠯ ᠴᠠᠭ ᠬᠤᠭᠤᠴᠠᠭᠠᠨ ᠤ᠋ ᠬᠤᠪᠢ ᠳ᠋ᠤ᠌ ᠵᠣᠴᠢᠳ ᠤ᠋ᠨ ᠬᠡᠷᠡᠭᠯᠡᠬᠦ ᠴᠠᠭ ᠬᠤᠭᠤᠴᠠᠭᠠᠨ ᠳ᠋ᠤ᠌ ᠨᠢ ᠦᠢᠯᠡᠳᠪᠦᠷᠢᠯᠡᠵᠦ ᠥᠭᠬᠦ ᠬᠡᠷᠡᠭᠲᠡᠢ᠃ ᠡᠢᠮᠦ ᠭᠤᠷᠪᠠ ᠨᠥᠬᠥᠴᠡᠯ ᠢ᠋ ᠬᠠᠩᠭᠠᠭᠰᠠᠨ ᠲᠠᠸᠠᠷ ᠨᠢ ᠵᠣᠴᠢᠳ ᠤ᠋ᠨ ᠰᠡᠳᠬᠢᠯ ᠳ᠋ᠦ᠍ ᠬᠦᠷᠴᠦ᠂ ᠬᠠᠨᠤᠮᠵᠢ ᠲᠠᠢ ᠪᠠᠢᠳᠠᠭ᠃
ᠬᠣᠶᠠᠷ᠂ ᠦᠢᠯᠡᠳᠪᠦᠷᠢᠯᠡᠯ ᠂ ᠦᠢᠯᠡᠴᠢᠯᠡᠭᠡ ᠂ ᠬᠠᠮᠢᠶᠠᠷᠤᠯᠲᠠ ᠳ᠋ᠤ᠌ ᠳᠥᠭᠥᠮ ᠪᠦᠲᠦᠭᠡᠭᠳᠡᠬᠦᠨ
ᠳᠠᠷᠤᠢ ᠠᠰᠢᠭᠯᠠᠮᠵᠢ ᠪᠣᠯᠤᠨ᠎ᠠ᠃ ᠦᠢᠯᠡᠳᠪᠦᠷᠢᠯᠡᠯ ᠦ᠋ᠨ ᠵᠣᠭᠰᠣᠴᠠ ᠠ᠋ᠴᠠ ᠠᠪᠴᠤ ᠦᠵᠡᠪᠡᠯ᠂ ᠦᠢᠯᠡᠳᠪᠦᠷᠢᠯᠡᠬᠦ ᠳ᠋ᠦ᠍ ᠳᠥᠭᠥᠮ᠂ ᠦᠢᠯᠡᠴᠢᠯᠡᠭᠡ ᠦᠵᠡᠭᠦᠯᠬᠦ ᠳ᠋ᠦ᠍ ᠠᠮᠠᠷᠬᠠᠨ᠂ ᠬᠠᠮᠢᠶᠠᠷᠬᠤ ᠳ᠋ᠤ᠌ ᠬᠢᠯᠪᠠᠷ ᠲᠠᠸᠠᠷ ᠢ᠋ ᠬᠢᠪᠡᠯ ᠲᠠᠸᠠᠷ ᠤ᠋ᠨ ᠥᠪᠡᠷ ᠦ᠋ᠨ ᠥᠷᠲᠡᠭ ᠢ᠋ ᠪᠠᠭᠤᠷᠠᠭᠤᠯᠵᠤ ᠠᠰᠢᠭᠯᠠᠮᠵᠢ ᠶ᠋ᠢ ᠥᠨᠳᠥᠷ ᠪᠣᠯᠭᠠᠭᠰᠠᠨ ᠢ᠋ᠶ᠋ᠠᠷ ᠵᠣᠴᠢᠳ ᠲᠤ᠌ ᠬᠠᠨᠤᠮᠵᠢ ᠲᠠᠢ ᠪᠣᠯᠵᠦ ᠴᠢᠳᠠᠨ᠎ᠠ᠃ ᠡᠭᠦᠨ ᠢ᠋ᠶ᠋ᠡᠷ ᠵᠣᠭᠰᠣᠬᠤ ᠦᠭᠡᠢ ᠡᠢᠮᠦᠷᠬᠦ ᠳᠥᠭᠥᠮ ᠬᠢᠯᠪᠠᠷ ᠦᠢᠯᠡᠳᠪᠦᠷᠢᠯᠡᠭᠳᠡᠭᠰᠡᠨ ᠲᠠᠸᠠᠷ ᠵᠠᠬ᠎ᠠ ᠳᠡᠯᠭᠡᠭᠦᠷ ᠳᠡᠭᠡᠷ᠎ᠡ ᠭᠠᠷᠬᠤ ᠳ᠋ᠤ᠌ ᠴᠤ᠌ ᠳᠥᠭᠥᠮ ᠪᠠᠢᠵᠤ᠂ ᠢᠯᠡᠭᠦᠦ ᠵᠠᠬ᠎ᠠ ᠶ᠋ᠢᠨ ᠳᠡᠯᠭᠡᠭᠦᠷᠴᠢᠯᠡᠭᠳᠡᠵᠦ᠂ ᠨᠡᠩ ᠣᠯᠠᠨ ᠵᠣᠴᠢᠳ ᠤ᠋ᠨ ᠭᠠᠷ ᠳᠡᠭᠡᠷ᠎ᠡ ᠬᠦᠷᠴᠦ ᠬᠡᠷᠡᠭᠯᠡᠭᠳᠡᠵᠦ ᠴᠢᠳᠠᠨ᠎ᠠ᠃ ᠦᠢᠯᠡᠳᠪᠦᠷᠢᠯᠡᠯ ᠳ᠋ᠦ᠍ ᠵᠣᠴᠢᠳ ᠤ᠋ᠨ ᠬᠡᠷᠡᠭᠴᠡᠭᠡ ᠱᠠᠭᠠᠷᠳᠠᠯᠭ᠎ᠠ ᠶ᠋ᠢ ᠦᠨᠳᠦᠰᠦᠯᠡᠨ ᠰᠤᠳᠤᠯᠤᠨ ᠪᠦᠲᠦᠭᠡᠬᠦ ᠪᠡᠷ ᠳᠠᠮᠵᠢᠨ ᠥᠪᠡᠷ ᠦ᠋ᠨ ᠥᠷᠲᠡᠭ ᠢ᠋ ᠠᠷᠪᠢᠯᠠᠵᠤ᠂ ᠵᠠᠬ᠎ᠠ ᠳᠡᠯᠭᠡᠭᠦᠷ ᠲᠦ᠍ ᠠᠮᠵᠢᠯᠲᠠ ᠲᠠᠢ ᠪᠠᠷ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠭᠠᠷᠭᠠᠵᠤ ᠪᠣᠯᠤᠨ᠎ᠠ ᠃ ᠬᠠᠷᠢᠨ ᠪᠣᠳᠠᠲᠠᠢ ᠦᠢᠯᠡᠳᠪᠦᠷᠢᠯᠡᠯ ᠦ᠋ᠨ ᠶᠠᠪᠤᠴᠠ ᠳ᠋ᠤ᠌ ᠳᠥᠷᠪᠡᠨ ᠲᠠᠯ᠎ᠠ ᠶ᠋ᠢᠨ ᠵᠠᠷᠴᠢᠮ ᠢ᠋ ᠪᠠᠷᠢᠵᠤ ᠠᠵᠢᠯᠯᠠᠪᠠᠯ ᠰᠠᠶᠢ ᠵᠢᠩᠬᠢᠨᠢ ᠦᠷ᠎ᠡ ᠳ᠋ᠦᠩ ᠳ᠋ᠦ᠍ ᠬᠦᠷᠴᠦ ᠴᠢᠳᠠᠨ᠎ᠠ᠃
ᠨᠢᠭᠡ ᠂ ᠳᠥᠭᠥᠮᠴᠢᠯᠡᠬᠦ
ᠦᠢᠯᠡᠳᠪᠦᠷᠢᠯᠡᠯ ᠦ᠋ᠨ ᠰᠤᠳᠤᠯᠤᠨ ᠪᠦᠲᠦᠭᠡᠬᠦ ᠶᠠᠪᠤᠴᠠ ᠶᠠᠭ ᠦᠨᠡᠨ ᠳ᠋ᠡᠭᠡᠨ ᠦᠷᠢᠳᠴᠢᠯᠡᠵᠤ ᠲᠥᠰᠦᠪᠯᠡᠵᠦ ᠲᠣᠭᠠᠴᠠᠬᠤ ᠪᠠᠷ ᠳᠡᠮᠵᠢᠵᠦ᠂ ᠪᠣᠳᠠᠲᠠᠢ ᠦᠢᠯᠡᠳᠪᠦᠷᠢᠯᠡᠯ ᠦ᠋ᠨ ᠠᠵᠢᠯ ᠢ᠋ ᠳᠥᠭᠥᠮᠴᠢᠯᠡᠬᠦ ᠶᠠᠪᠤᠳᠠᠯ ᠪᠣᠯᠤᠨ᠎ᠠ᠃ ᠦᠢᠯᠡᠳᠪᠦᠷᠢᠯᠡᠯ ᠬᠢᠬᠦ ᠡᠴᠡ ᠡᠮᠦᠨ᠎ᠡ ᠬᠢᠬᠦ ᠠᠵᠢᠯ ᠤ᠋ᠨ ᠢ᠋ᠶ᠋ᠠᠨ ᠲᠤᠬᠠᠢ ᠬᠡᠳᠦᠢ ᠰᠠᠢᠨ ᠰᠤᠳᠤᠯᠵᠤ ᠨᠢᠭᠲᠠᠯᠠᠭᠰᠠᠨ ᠪᠣᠯ ᠢᠯᠡᠭᠦᠦ ᠠᠯᠬᠤᠮ ᠳᠠᠷᠠᠭ᠎ᠠ ᠲᠠᠢ ᠪᠣᠯᠵᠤ᠂ ᠠᠵᠢᠯ ᠰᠢᠯᠤᠭᠤᠨ ᠶᠠᠪᠤᠭᠳᠠᠵᠤ᠂ ᠢᠯᠡᠭᠦᠴᠡ ᠵᠠᠷᠤᠳᠠᠯ ᠢ᠋ ᠠᠷᠪᠢᠯᠠᠨ᠂ ᠲᠠᠸᠠᠷ ᠤ᠋ᠨ ᠥᠪᠡᠷ ᠦ᠋ᠨ ᠥᠷᠲᠡᠭ ᠢ᠋ ᠪᠠᠭᠤᠷᠠᠭᠤᠯᠵᠤ᠂ ᠵᠣᠴᠢᠳ ᠲᠤ᠌ ᠪᠣᠳᠠᠲᠠᠢ ᠠᠰᠢᠭ ᠬᠦᠷᠲᠡᠭᠡᠵᠦ ᠴᠢᠳᠠᠨ᠎ᠠ᠃
ᠬᠣᠶᠠᠷ ᠂ ᠴᠠᠭ ᠢ᠋ ᠪᠣᠭᠤᠨᠢᠰᠠᠬᠬᠤ
ᠴᠠᠭ ᠢ᠋ ᠪᠣᠭᠤᠨᠢᠰᠠᠬᠬᠤ ᠭᠡᠳᠡᠭ ᠪᠣᠯ ᠵᠣᠴᠢᠳ ᠤ᠋ᠨ ᠥᠪᠡᠷ ᠦ᠋ᠨ ᠬᠡᠷᠡᠭ ᠲᠡᠢ ᠲᠠᠸᠠᠷ ᠢ᠋ᠶ᠋ᠠᠨ ᠣᠯᠵᠤ ᠠᠪᠬᠤ ᠴᠠᠭ ᠢ᠋ ᠠᠷᠪᠢᠯᠠᠬᠤ ᠶᠢ ᠵᠢᠭᠠᠵᠤ ᠪᠠᠢᠨ᠎ᠠ᠃ ᠵᠣᠴᠢᠳ ᠢ᠋ ᠬᠡᠳᠦᠢ ᠪᠣᠭᠣᠨᠢ ᠬᠤᠭᠤᠴᠠᠭᠠᠨ ᠳ᠋ᠤ᠌ ᠥᠪᠡᠷ ᠦ᠋ᠨ ᠬᠡᠷᠡᠭ ᠲᠡᠢ ᠲᠠᠸᠠᠷ ᠢ᠋ᠶ᠋ᠠᠨ ᠣᠯᠵᠤ ᠠᠪᠤᠭᠤᠯᠬᠤ ᠭᠡᠪᠡᠯ ᠪᠢᠳᠡ ᠦᠢᠯᠡᠳᠪᠦᠷᠢᠯᠡᠯ ᠦ᠋ᠨ ᠰᠤᠳᠤᠯᠤᠨ ᠪᠦᠲᠦᠭᠡᠬᠦ ᠠᠵᠢᠯ ᠢ᠋ᠶ᠋ᠠᠨ ᠤᠯᠠᠮ ᠨᠠᠷᠢᠯᠢᠭ ᠬᠢᠵᠦ᠂ ᠤᠷᠢᠳᠴᠢᠯᠠᠵᠤ ᠲᠣᠭᠠᠴᠠᠵᠤ ᠰᠤᠷᠬᠤ ᠬᠡᠷᠡᠭᠲᠡᠢ᠃ ᠠᠵᠢᠯ ᠢ᠋ ᠳᠠᠪᠬᠤᠴᠠᠭᠤᠯᠬᠤ ᠦᠭᠡᠢ᠂ ᠵᠣᠴᠢᠳ ᠤ᠋ᠨ ᠬᠦᠰᠡᠭᠰᠡᠨ ᠬᠤᠭᠤᠴᠠᠭᠠᠨ ᠳ᠋ᠤ᠌ ᠲᠠᠸᠠᠷ ᠢ᠋ ᠦᠢᠯᠡᠳᠪᠦᠷᠢᠯᠡᠵᠦ᠂ ᠬᠠᠩᠭᠠᠵᠤ ᠥᠭᠭᠦᠪᠡᠯ ᠵᠣᠴᠢᠳ ᠢ᠋ ᠪᠠᠶᠠᠷᠯᠠᠭᠤᠯᠵᠤ᠂ ᠳᠠᠷᠠᠭ᠎ᠠ ᠳᠠᠷᠠᠭ᠎ᠠ ᠶ᠋ᠢᠨ ᠬᠤᠳᠠᠯᠳᠤᠨ ᠠᠪᠤᠯᠲᠠ ᠶ᠋ᠢ ᠬᠢᠯᠭᠡᠵᠦ ᠴᠢᠳᠠᠬᠤ ᠪᠣᠯᠤᠨ᠎ᠠ᠃
ᠭᠤᠷᠪᠠ ᠂ ᠬᠠᠨᠤᠮᠵᠢ ᠶ᠋ᠢ ᠳᠡᠭᠡᠭᠰᠢᠯᠡᠭᠦᠯᠬᠦ
ᠲᠠᠸᠠᠷ ᠤ᠋ᠨ ᠪᠦᠬᠦ ᠦᠢᠯᠡᠳᠪᠦᠷᠢᠯᠡᠯ ᠡᠴᠦᠰ ᠦ᠋ᠨ ᠡᠴᠦᠰ ᠲᠦ᠍ ᠵᠣᠴᠢᠳ ᠲᠤ᠌ ᠵᠣᠷᠢᠭᠤᠯᠤᠭᠳᠠᠭᠰᠠᠨ ᠪᠠᠢᠳᠠᠭ ᠪᠣᠯᠬᠣᠷ᠂ ᠵᠣᠴᠢᠳ ᠤ᠋ᠨ ᠬᠠᠨᠤᠮᠵᠢ ᠮᠠᠰᠢ ᠴᠢᠬᠤᠯᠠ᠃ ᠵᠣᠴᠢᠳ ᠲᠠᠨ ᠤ᠋ ᠲᠠᠸᠠᠷ ᠲᠤ᠌ ᠬᠡᠳᠦᠢᠴᠢᠨᠡᠭᠡᠨ ᠬᠠᠨᠤᠮᠵᠢ ᠲᠠᠢ ᠪᠠᠢᠬᠤ ᠳᠣᠳᠣᠮ᠂ ᠲᠠᠨ ᠤ᠋ ᠲᠠᠸᠠᠷ ᠢᠯᠡᠭᠦᠦ ᠦᠢᠯᠡᠳᠪᠤᠷᠢᠯᠡᠭᠳᠡᠵᠦ᠂ ᠵᠠᠬ᠎ᠠ ᠳᠡᠯᠭᠡᠭᠦᠷᠴᠢᠯᠡᠭᠳᠡᠵᠦ ᠴᠢᠳᠠᠨ᠎ᠠ᠃ ᠲᠡᠢᠮᠦ ᠡᠴᠡ ᠪᠢᠳᠡ ᠪᠣᠳᠠᠲᠠᠢ ᠦᠢᠯᠡᠳᠪᠦᠷᠢᠯᠡᠯ ᠦ᠋ᠨ ᠶᠠᠪᠤᠴᠠ ᠳ᠋ᠠᠭᠠᠨ ᠵᠣᠴᠢᠳ ᠤ᠋ᠨ ᠬᠠᠨᠤᠮᠵᠢ ᠶ᠋ᠢ ᠪᠠᠢᠩᠭᠤ ᠠᠩᠬᠠᠷᠴᠤ᠂ ᠡᠯ᠎ᠡ ᠲᠠᠯ᠎ᠠ ᠪᠠᠷ ᠵᠣᠴᠢᠳ ᠲᠤ᠌ ᠬᠠᠨᠤᠮᠵᠢᠲᠠᠢ ᠲᠠᠸᠠᠷ ᠦᠢᠯᠡᠳᠪᠦᠷᠢᠯᠡᠪᠡᠯ ᠵᠣᠴᠢᠳ ᠠᠮᠠᠷᠬᠠᠨ ᠬᠦᠯᠢᠶᠡᠨ ᠠᠪᠬᠤ ᠮᠥᠷᠲᠡᠭᠡᠨ ᠥᠨᠳᠥᠷ ᠦᠨ᠎ᠡ ᠲᠡᠢ ᠬᠤᠳᠠᠯᠳᠤᠭᠳᠠᠵᠤ ᠴᠢᠳᠠᠨ᠎ᠠ᠃
ᠳᠥᠷᠪᠡ ᠂ ᠣᠯᠠᠨ ᠶᠠᠩᠵᠤ ᠂ ᠬᠤᠪᠢ ᠬᠤᠪᠢ ᠬᠥᠮᠦᠨ ᠳ᠋ᠦ᠍ ᠬᠠᠨᠳᠤᠭᠤᠯᠬᠤ
ᠣᠳᠣ ᠦᠶ᠎ᠡ ᠶ᠋ᠢᠨ ᠵᠠᠬ᠎ᠠ ᠳᠡᠯᠭᠡᠭᠦᠷ ᠪᠣᠯ ᠨᠢᠭᠡ ᠣᠯᠠᠨ ᠶᠠᠩᠵᠤᠲᠤ ᠵᠠᠬ᠎ᠠ ᠳᠡᠯᠭᠡᠭᠦᠷ ᠪᠠᠢᠵᠤ ᠂ ᠬᠥᠮᠦᠰ ᠦ᠋ᠨ ᠬᠡᠷᠡᠭᠴᠡᠭᠡ ᠱᠠᠭᠠᠷᠳᠠᠯᠭ᠎ᠠ ᠴᠤ᠌ ᠪᠠᠢᠩᠭᠤ ᠥᠭᠡᠷᠡᠲᠦᠵᠦ ᠬᠤᠪᠢᠷᠠᠵᠤ ᠪᠠᠢᠳᠠᠭ᠃ ᠡᠢᠮᠦ ᠡᠴᠡ ᠥᠪᠡᠷ ᠦ᠋ᠨ ᠦᠢᠯᠡᠳᠪᠦᠷᠢᠯᠡᠭᠰᠡᠨ ᠲᠠᠸᠠᠷ ᠢ᠋ᠶ᠋ᠠᠨ ᠵᠠᠬ᠎ᠠ ᠳᠡᠯᠭᠡᠭᠦᠷ ᠳᠡᠭᠡᠷ᠎ᠡ ᠥᠪᠡᠷ ᠦ᠋ᠨ ᠣᠷᠣᠨ ᠪᠠᠢᠷᠢ ᠶ᠋ᠢ ᠨᠢ ᠣᠯᠤᠶ᠎ᠠ ᠭᠡᠪᠡᠯ ᠵᠠᠪᠠᠯ ᠵᠣᠴᠢᠳ ᠤ᠋ᠨ ᠡᠨᠡᠬᠦ ᠱᠠᠭᠠᠷᠳᠠᠯᠭ᠎ᠠ ᠳ᠋ᠤ᠌ ᠨᠡᠢᠴᠡᠭᠦᠯᠬᠦ ᠬᠡᠷᠡᠭᠲᠡᠢ᠃ ᠡᠨᠡ ᠲᠠᠯ᠎ᠠ ᠳᠡᠭᠡᠷ᠎ᠡ ᠵᠢᠵᠢᠭ ᠺᠣᠮᠫᠠᠨᠢ ᠢᠯᠡᠭᠦᠦ ᠤᠷᠠᠯᠢᠭ ᠪᠠᠢᠵᠤ᠂ ᠨᠢᠭᠡ ᠨᠢᠭᠡ ᠵᠣᠴᠢᠳ ᠤ᠋ᠨ ᠵᠠᠬᠢᠶᠠᠯᠭ᠎ᠠ᠂ ᠰᠣᠩᠭᠣᠯᠲᠠ᠂ ᠱᠠᠭᠠᠷᠳᠠᠯᠭ᠎ᠠ ᠶ᠋ᠢ ᠬᠠᠩᠭᠠᠵᠤ ᠦᠢᠯᠡᠳᠪᠦᠷᠢᠯᠡᠵᠦ ᠴᠢᠳᠠᠨ᠎ᠠ᠃ ᠬᠠᠷᠢᠨ ᠲᠣᠮᠣ ᠺᠣᠮᠫᠠᠨᠢ ᠪᠣᠯ ᠪᠠᠷᠢᠮᠵᠢᠶᠠᠯᠠᠭᠰᠠᠨ ᠦᠢᠯᠡᠳᠪᠦᠷᠢᠯᠡᠯ ᠬᠢᠳᠡᠭ ᠡᠴᠡ ᠡᠨᠡ ᠲᠠᠯ᠎ᠠ ᠪᠠᠷ ᠳᠤᠲᠠᠮᠠᠭ ᠪᠠᠢᠳᠠᠭ᠃ ᠲᠡᠢᠮᠦ ᠡᠴᠡ ᠵᠢᠵᠢᠭ ᠺᠣᠮᠫᠠᠨᠢ᠂ ᠦᠢᠯᠡᠳᠪᠦᠷᠢᠯᠡᠯ ᠦ᠋ᠳ ᠥᠪᠡᠷ ᠦ᠋ᠨ ᠨᠥᠬᠥᠴᠡᠯ ᠪᠣᠯᠤᠮᠵᠢ ᠪᠠᠨ ᠪᠦᠷᠢᠨ ᠠᠰᠢᠭᠯᠠᠵᠤ᠂ ᠳᠠᠪᠠᠭᠤᠯᠢᠭ ᠪᠣᠯᠭᠠᠨ ᠬᠤᠪᠢᠷᠠᠭᠤᠯᠬᠤ ᠲᠠᠯ᠎ᠠ ᠪᠠᠷ ᠢᠯᠡᠭᠦᠦ ᠬᠢᠴᠢᠶᠡᠵᠦ ᠠᠵᠢᠯᠯᠠᠪᠠᠯ ᠬᠥᠭᠵᠢᠯᠲᠡ ᠪᠡᠨ ᠣᠯᠵᠤ ᠴᠢᠳᠠᠬᠤ ᠨᠢ ᠯᠠᠪᠲᠠᠢ᠃
ᠥᠪᠡᠷ ᠦ᠋ᠨ ᠪᠦᠲᠦᠭᠡᠭᠰᠡᠨ ᠬᠢᠭᠰᠡᠨ ᠲᠠᠸᠠᠷ ᠢ᠋ᠶ᠋ᠠᠨ ᠬᠥᠮᠦᠰ ᠲᠦ᠍ ᠦᠷ᠎ᠡ ᠠᠰᠢᠭ ᠲᠠᠢ ᠪᠠᠢᠯᠭᠠᠶ᠎ᠠ ᠭᠡᠪᠡᠯ ᠡᠬᠢᠯᠡᠭᠡᠳ ᠰᠤᠳᠤᠯᠤᠨ ᠪᠦᠲᠦᠭᠡᠬᠦ ᠬᠡᠷᠡᠭ ᠲᠡᠢ᠃ ᠰᠤᠳᠤᠯᠤᠨ ᠪᠦᠲᠦᠭᠡᠬᠦ ᠪᠡᠷ ᠳᠠᠮᠵᠢᠨ ᠦᠢᠯᠡᠳᠪᠦᠷᠢᠯᠡᠯ ᠦ᠋ᠨ ᠮᠠᠰᠢ ᠣᠯᠠᠨ ᠵᠦᠢᠯ ᠢ᠋ ᠤᠷᠢᠳᠴᠢᠯᠠᠵᠤ ᠲᠣᠭᠠᠴᠠᠵᠤ ᠴᠢᠳᠠᠳᠠᠭ ᠠ᠋ᠴᠠ ᠥᠪᠡᠷ ᠦ᠋ᠨ ᠥᠷᠲᠡᠭ ᠢ᠋ ᠠᠷᠪᠢᠯᠠᠨ᠂ ᠵᠣᠴᠢᠳ ᠤ᠋ᠨ ᠰᠡᠳᠬᠢᠯ ᠰᠠᠨᠠᠭᠠᠨ ᠳ᠋ᠤ᠌ ᠦᠨᠡᠨᠬᠦ ᠨᠡᠢᠴᠡᠭᠰᠡᠨ ᠲᠠᠸᠠᠷ ᠪᠦᠲᠦᠭᠡᠭᠳᠡᠬᠦᠨ ᠢ᠋ ᠦᠢᠯᠡᠳᠪᠦᠷᠢᠯᠡᠨ ᠭᠠᠷᠭᠠᠵᠤ ᠴᠢᠳᠠᠨ᠎ᠠ᠃
ᠡᠨᠡ ᠪᠣᠯ ᠰᠤᠳᠤᠯᠤᠨ ᠪᠦᠲᠦᠭᠡᠬᠦ ᠶ᠋ᠢᠨ ᠴᠢᠬᠤᠯᠠ ᠴᠢᠨᠠᠷ ᠮᠥᠨ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
