ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2025 ᠣᠨ ᠤ᠋ 8 ᠰᠠᠷ᠎ᠠИтгэлт Хамба бламын сургааль ᠱᠠᠰᠢᠨ ᠰᠢᠲᠦᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2025 ᠣᠨ ᠤ᠋ 8 ᠰᠠᠷ᠎ᠠИтгэлт Хамба бламын сургааль

ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2025 ᠣᠨ ᠤ᠋ 8 ᠰᠠᠷ᠎ᠠИтгэлт Хамба бламын сургааль

2025-09-03

530

ᠬᠠᠮᠪᠤ ᠪᠯᠠᠮ᠎ᠠ ᠳ᠋ᠠᠮᠪᠠ ᠠᠶᠤᠰᠢᠶᠸᠪ/
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ 
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ 
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ 
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ 
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
2025.08.01
ᠮᠣᠭᠠᠢ ᠵᠢᠯ ᠂ ᠬᠣᠨᠢ ᠰᠠᠷ᠎ᠠ ᠶ᠋ᠢᠨ 8 ᠤ᠋ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠯᠠᠨ ᠬᠥᠮᠦᠰ ᠰᠦᠵᠢᠭ ᠪᠢᠰᠢᠷᠡᠯᠲᠡᠢ ᠮᠥᠷᠭᠥᠵᠦ ᠪᠠᠢᠨ᠎ᠠ ᠃ ᠢᠲᠡᠭᠡᠯᠲᠦ ᠪᠠᠭᠰᠢ᠄ 《ᠬᠢᠯᠢᠨᠴᠡ ᠦᠢᠯᠡᠳᠦᠯ ᠦᠭᠡᠢ ᠪᠤᠶᠠᠨ ᠬᠤᠷᠢᠶᠠᠭᠠᠳ ᠥᠪᠡᠷ ᠦ᠋ᠨ ᠰᠡᠳᠬᠢᠯ ᠢ᠋ᠶ᠋ᠡᠨ ᠣᠭᠣᠭᠠᠲᠠ ᠨᠣᠮᠣᠬᠠᠳᠬᠠᠬᠤ ᠪᠣᠯ ᠡᠨᠡ ᠪᠤᠷᠬᠠᠨ ᠤ᠋ ᠱᠠᠵᠢᠨ ᠮᠥᠨ》ᠭᠡᠮᠡᠨ ᠠᠢᠯᠠᠳᠤᠯ᠎ᠠ᠃
2025.08.02
ᠮᠣᠭᠠᠢ ᠵᠢᠯ ᠂ ᠬᠣᠨᠢ ᠰᠠᠷ᠎ᠠ ᠶ᠋ᠢᠨ 9 ᠦ᠌ ᠬᠠᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠭᠠᠨᠵᠤᠤᠷ ᠰᠤᠳᠤᠷ ᠥᠪᠡᠷ ᠦ᠋ᠨ ᠣᠢᠨ ᠲᠣᠢᠨ ᠳ᠋ᠤ᠌ ᠣᠷᠣᠰᠢᠳᠠᠭ》ᠭᠡᠨ᠎ᠡ᠃ ᠢᠲᠡᠭᠡᠯᠲᠦ ᠪᠠᠭᠰᠢ᠄《ᠪᠡᠯᠭᠡ ᠪᠢᠯᠢᠭ ᠦ᠋ᠨ ᠠᠯᠪᠠ ᠲᠠᠢ ᠡᠵᠡᠨ *ᠸᠴᠢᠷᠳᠠᠷ᠎ᠠ ᠪᠤᠷᠬᠠᠨ》ᠭᠡᠮᠡᠨ ᠠᠢᠯᠠᠳᠤᠯ᠎ᠠ᠃
2025.08.03
ᠮᠣᠭᠠᠢ ᠵᠢᠯ ᠂ ᠬᠣᠨᠢ ᠰᠠᠷ᠎ᠠ ᠶ᠋ᠢᠨ 9 ᠦ᠌ ᠬᠥᠬᠡ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠷᠠᠨ ᠳᠠᠷᠬᠠᠨ ᠳ᠋ᠤ᠌ ᠢᠲᠡᠭᠡᠯᠲᠦ ᠪᠠᠭᠰᠢ᠄ 《ᠰᠡᠳᠬᠢᠯᠴᠢᠯᠡᠨ ᠪᠦᠲᠦᠭᠡᠭᠴᠢ ᠲᠣᠳᠣ ᠭᠡᠷᠡᠯ》ᠭᠡᠮᠡᠨ ᠠᠢᠯᠠᠳᠤᠯ᠎ᠠ᠃
2025.08.04
ᠮᠣᠭᠠᠢ ᠵᠢᠯ ᠂ ᠬᠣᠨᠢ ᠰᠠᠷ᠎ᠠ ᠶ᠋ᠢᠨ 10 ᠤ᠋ ᠬᠥᠬᠡᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠵᠠᠯᠪᠠᠷᠢᠯ ᠤ᠋ᠨ ᠬᠦᠴᠦ ᠪᠡᠷ ᠦᠢᠯᠡ ᠪᠦᠲᠦᠨ᠎ᠡ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄ 《ᠵᠣᠪᠠᠯᠠᠩ ᠤ᠋ᠨ ᠰᠢᠯᠲᠠᠭᠠᠨ ᠬᠠᠭᠠᠴᠠᠬᠤ》ᠭᠡᠮᠡᠨ ᠠᠢᠯᠠᠳᠤᠯ᠎ᠠ᠃
2025.08.05
ᠮᠣᠭᠠᠢ ᠵᠢᠯ ᠂ ᠬᠣᠨᠢ ᠰᠠᠷ᠎ᠠ ᠶ᠋ᠢᠨ 11 ᠦ᠌ ᠤᠯᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠢᠲᠡᠭᠡᠯᠲᠦ ᠪᠠᠭᠰᠢ ᠶ᠋ᠢᠨ ᠠᠷᠭ᠎ᠠ ᠪᠠᠷ ᠬᠠᠮᠤᠭ ᠳᠡᠭᠡᠳᠦ ᠰᠢᠳᠢ ᠬᠠᠢᠷᠠᠯᠠᠴᠢ》 ᠭᠡᠵᠦ ᠮᠥᠷᠭᠥᠨ᠎ᠡ᠃ ᠢᠲᠡᠭᠡᠯᠲᠦ ᠪᠠᠭᠰᠢ᠄ 《ᠪᠣᠳᠢ ᠰᠡᠳᠬᠢᠯ ᠦ᠋ᠨ ᠳᠡᠭᠡᠳᠦ ᠰᠢᠳᠢ ᠪᠣᠯ ᠪᠡᠯᠭᠡ ᠪᠢᠯᠢᠭ》 ᠭᠡᠮᠡᠨ ᠠᠢᠯᠠᠳᠤᠯ᠎ᠠ᠃
2025.08.06
ᠮᠣᠭᠠᠢ ᠵᠢᠯ᠂ ᠬᠣᠨᠢ ᠰᠠᠷ᠎ᠠ ᠶ᠋ᠢᠨ 12  ᠊ᠤᠨ ᠤᠯᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠬᠡᠨ ᠴᠦ᠍ ᠪᠠᠢᠭ ᠵᠥᠪ ᠪᠤᠷᠤᠭᠤ ᠭᠡᠬᠦ ᠶᠠᠭᠤ ᠴᠤ᠌ ᠦᠭᠡᠢ》 ᠭᠡᠨ᠎ᠡ᠃ ᠢᠲᠡᠭᠡᠯᠲᠦ ᠪᠠᠭᠰᠢ᠄ 《ᠣᠷᠴᠢᠯᠠᠩ ᠤ᠋ᠨ ᠵᠣᠪᠠᠯᠠᠩ ᠠ᠋ᠴᠠ ᠦᠢᠯᠡ ᠶ᠋ᠢᠨ ᠦᠷ᠎ᠡ ᠭᠠᠷᠳᠠᠭ》 ᠭᠡᠮᠡᠨ ᠠᠢᠯᠠᠳᠤᠯ᠎ᠠ᠃
2025.08.07
ᠮᠣᠭᠠᠢ ᠵᠢᠯ ᠂ ᠬᠣᠨᠢ ᠰᠠᠷ᠎ᠠ ᠶ᠋ᠢᠨ 13 ᠤ᠋ ᠰᠢᠷ᠎ᠠ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠢᠯᠢᠨᠴᠡ  ᠲᠦᠢᠳᠬᠡᠷ ᠊ᠢ ᠠᠷᠢᠯᠭᠠᠬᠤ ᠬᠡᠷᠡᠭᠲᠡᠢ ᠬᠥᠮᠦᠨ ᠳ᠋ᠦ᠍ ᠢᠲᠡᠭᠡᠯᠲᠦ ᠪᠠᠭᠰᠢ᠄ 《ᠥᠪᠡᠷ ᠲᠡᠭᠡᠨ ᠯᠡ ᠢᠲᠡᠭᠡᠯ ᠲᠡᠢ ᠪᠠᠢ》ᠭᠡᠮᠡᠨ ᠠᠢᠯᠠᠳᠤᠯ᠎ᠠ᠃
2025.08.08
ᠮᠣᠭᠠᠢ ᠵᠢᠯ ᠂ ᠬᠣᠨᠢ ᠰᠠᠷ᠎ᠠ ᠶ᠋ᠢᠨ 14 ᠦ᠌ ᠰᠢᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠦᠲᠦᠭᠡᠯᠴᠢ ᠯᠠᠮᠠ ᠳ᠋ᠤ᠌ ᠢᠲᠡᠭᠡᠯᠲᠦ ᠪᠠᠭᠰᠢ᠄ 《ᠥᠪᠡᠷ ᠢ᠋ᠶ᠋ᠡᠨ ᠥᠪᠡᠷ ᠲᠡᠭᠡᠨ ᠣᠷᠣᠰᠢᠬᠤ》 ᠭᠡᠮᠡᠨ ᠠᠢᠯᠠᠳᠤᠯ᠎ᠠ᠃
2025.08.09
ᠮᠣᠭᠠᠢ ᠵᠢᠯ ᠂ ᠬᠣᠨᠢ ᠰᠠᠷ᠎ᠠ ᠶ᠋ᠢᠨ 15 ᠤ᠋ ᠴᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ 3 ᠡᠷᠳᠡᠨᠢ ᠳ᠋ᠦ᠍ ᠲᠠᠬᠢᠯ ᠡᠷᠭᠦᠪᠡ᠃ ᠢᠲᠡᠭᠡᠯᠲᠦ ᠪᠠᠭᠰᠢ᠄ 《ᠠᠷᠢᠭᠤᠨ ᠨᠢᠭᠦᠯᠡᠰᠬᠦ ᠰᠡᠳᠬᠢᠯ ᠦ᠋ᠨ ᠪᠢᠰᠢᠯᠭᠠᠯ》 ᠭᠡᠮᠡᠨ ᠠᠢᠯᠠᠳᠤᠯ᠎ᠠ᠃
2025.08.10
ᠮᠣᠭᠠᠢ ᠵᠢᠯ ᠂ ᠬᠣᠨᠢ ᠰᠠᠷ᠎ᠠ ᠶ᠋ᠢᠨ 16 ᠤ᠋ ᠴᠠᠭᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠲᠠᠬᠢᠯᠭ᠎ᠠ ᠶ᠋ᠢᠨ ᠦᠨᠡᠨ ᠬᠠᠮᠢᠭ᠎ᠠ ᠶᠤᠮ 》 ᠭᠡᠵᠦ ᠠᠰᠠᠭᠤᠨ᠎ᠠ᠃ ᠢᠲᠡᠭᠡᠯᠲᠦ ᠪᠠᠭᠰᠢ᠄ 《ᠪᠤᠷᠤᠭᠤ ᠴᠠᠭ ᠲᠤ᠌ ᠪᠠᠢᠭᠰᠠᠨ ᠢ᠋ᠶ᠋ᠠᠨ ᠪᠤᠤ ᠮᠠᠷᠲᠠ ᠦᠨᠡᠨ ᠨᠢ ᠪᠣᠯ ᠢᠵᠠᠭᠤᠷ ᠲᠤ᠌ 》ᠭᠡᠮᠡᠨ ᠠᠢᠯᠠᠳᠤᠯ᠎ᠠ᠃
2025.08.11
ᠮᠣᠭᠠᠢ ᠵᠢᠯ ᠂ ᠬᠣᠨᠢ ᠰᠠᠷ᠎ᠠ ᠶ᠋ᠢᠨ 17 ᠤ ᠬᠠᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠥᠪᠡᠷ ᠦ᠋ᠨ ᠢ᠋ᠶ᠋ᠡᠨ ᠪᠡᠶ᠎ᠡ ᠬᠠᠢᠷᠠᠯᠠᠵᠤ ᠵᠣᠪᠠᠯᠠᠩ ᠡᠳ᠋ᠯᠡᠨ᠎ᠡ》 ᠭᠡᠨ᠎ᠡ᠃ ᠢᠲᠡᠭᠡᠯᠲᠦ ᠬᠠᠮᠪᠤ ᠪᠯᠠᠮ᠎ᠠ ᠄《ᠪᠡᠶ᠎ᠡ ᠦᠭᠡᠢ ᠰᠡᠳᠬᠢᠯ ᠳ᠋ᠦ᠍ ᠪᠡᠨ ᠠᠩᠬᠠᠷᠬᠤ ᠪᠣᠯ ᠵᠣᠪᠠᠯᠠᠩ ᠦᠭᠡᠢ ᠠᠮᠤᠭᠤᠯᠠᠩ》ᠭᠡᠮᠡᠨ ᠠᠢᠯᠠᠳᠤᠯ᠎ᠠ᠃
2025.08.12
ᠮᠣᠭᠠᠢ ᠵᠢᠯ ᠂ ᠬᠣᠨᠢ ᠰᠠᠷ᠎ᠠ ᠶ᠋ᠢᠨ 18 ᠤ᠋ ᠬᠠᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠲᠢᠶᠠᠨ ᠰᠡᠳᠬᠢᠯ ᠦ᠋ᠨ ᠬᠥᠬᠡ 《ᠬᠣᠮ》 ᠦᠵᠦᠭ ᠡᠴᠡ ᠭᠡᠷᠡᠯ ᠰᠠᠴᠤᠷᠠᠭ᠎ᠠ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄《< ᠬᠣᠮ> ᠦᠵᠦᠭ ᠪᠣᠯ ᠳᠡᠭᠡᠳᠦ ᠨᠣᠮ ᠤ᠋ᠨ ᠬᠦᠴᠦ ᠴᠢᠳᠠᠯ》 ᠭᠡᠮᠡᠨ ᠠᠢᠯᠠᠳᠤᠯ᠎ᠠ᠃
2025.08.13
ᠮᠣᠭᠠᠢ ᠵᠢᠯ ᠂ ᠬᠣᠨᠢ ᠰᠠᠷ᠎ᠠ ᠶ᠋ᠢᠨ 19 ᠦ᠌ ᠬᠥᠬᠡ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠷᠬᠡ ᠲᠡᠢ ᠠᠯᠲᠠᠨ ᠳᠡᠯᠡᠬᠡᠢ ᠳᠡᠭᠡᠷ᠎ᠡ ᠠᠷᠢᠭᠤᠨ ᠴᠠᠭᠠᠨ ᠰᠡᠳᠬᠢᠯ ᠭᠠᠷᠭᠠᠵᠤ ᠶᠠᠪᠤᠬᠤᠪ ᠲᠤ᠌ ᠭᠣᠶᠣ ᠭᠡᠨ᠎ᠡ ᠨᠢᠭᠡ ᠬᠥᠮᠦᠨ᠃ ᠢᠲᠡᠭᠡᠯᠲᠦ ᠪᠠᠭᠰᠢ᠄ 《ᠳᠣᠲᠣᠭᠠᠳᠤ ᠶᠢᠷᠲᠢᠨᠴᠦ ᠶ᠋ᠢ ᠬᠠᠲᠠᠭᠤ ᠰᠡᠷᠵᠢᠮ ᠢ᠋ᠶ᠋ᠡᠷ ᠲᠠᠰᠤᠯᠬᠤ》ᠭᠡᠮᠡᠨ ᠠᠢᠯᠠᠳᠤᠯ᠎ᠠ᠃
2025.08.14
ᠮᠣᠭᠠᠢ ᠵᠢᠯ ᠂ ᠬᠣᠨᠢ ᠰᠠᠷ᠎ᠠ ᠶ᠋ᠢᠨ 20 ᠤ᠋ ᠬᠥᠬᠡᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠶᠡᠬᠡ ᠬᠥᠯᠭᠡ ᠡᠴᠡ ᠪᠠᠭ᠎ᠠ ᠤᠷᠤᠭᠤ ᠪᠠᠭᠤᠵᠤ ᠪᠣᠯᠬᠤ ᠦᠭᠡᠢ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ ᠄《ᠪᠡᠯᠭᠡ ᠪᠢᠯᠢᠭ ᠦᠵᠡᠭᠦᠯᠦᠭᠴᠢ ᠦᠨᠳᠦᠰᠦᠨ ᠪᠠᠭᠰᠢ ᠶ᠋ᠢᠨ ᠰᠤᠷᠭᠠᠯ》ᠭᠡᠮᠡᠨ ᠠᠢᠯᠠᠳᠤᠯ᠎ᠠ᠃
2025.08.15
ᠮᠣᠭᠠᠢ ᠵᠢᠯ ᠂ ᠬᠣᠨᠢ ᠰᠠᠷ᠎ᠠ ᠶ᠋ᠢᠨ 22  ᠊ᠤᠨ ᠤᠯᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠠᠷᠢᠭᠤᠨ ᠰᠠᠩ ᠪᠤᠷᠭᠢᠯᠵᠤ ᠪᠠᠢᠬᠤ ᠨᠢ ᠦᠵᠡᠭᠳᠡᠨ᠎ᠡ᠃ ᠢᠲᠡᠭᠡᠯᠲᠦ ᠪᠠᠭᠰᠢ ᠄《ᠪᠤᠶᠠᠨ ᠣᠯᠬᠤ ᠳ᠋ᠤ᠌ ᠰᠠᠢᠨ ᠡᠳᠦᠷ》ᠭᠡᠮᠡᠨ ᠠᠢᠯᠠᠳᠤᠯ᠎ᠠ᠃
2025.08.16
ᠮᠣᠭᠠᠢ ᠵᠢᠯ ᠂ ᠬᠣᠨᠢ ᠰᠠᠷ᠎ᠠ ᠶ᠋ᠢᠨ 23 ᠤ᠋ ᠤᠯᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠥᠪᠡᠷ ᠦ᠋ᠨ ᠢ᠋ᠶ᠋ᠡᠨ ᠭᠡᠮ  ᠊ᠢ ᠨᠠᠮᠠᠨᠴᠢᠯᠠᠵᠤ ᠴᠢᠳᠠᠳᠠᠭ ᠬᠥᠮᠦᠨ ᠳ᠋ᠦ᠍ ᠢᠲᠡᠭᠡᠯᠲᠦ ᠪᠠᠭᠰᠢ᠄《ᠲᠠᠷᠨᠢᠴᠢ ᠰᠡᠳᠬᠢᠯ ᠦ᠋ᠨ ᠪᠢᠰᠢᠯᠭᠠᠯ 》ᠭᠡᠮᠡᠨ ᠠᠢᠯᠠᠳᠤᠯ᠎ᠠ᠃
2025.08.17
ᠮᠣᠭᠠᠢ ᠵᠢᠯ ᠂ ᠬᠣᠨᠢ ᠰᠠᠷ᠎ᠠ ᠶ᠋ᠢᠨ 24 ᠦ᠌ ᠰᠢᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠭᠤᠷᠪᠠᠨ ᠡᠭᠦᠳᠡ ᠨᠡᠭᠡᠭᠡᠬᠦ ᠶ᠋ᠢᠨ ᠲᠥᠯᠥᠭᠡ ᠠᠯᠠᠭ ᠵᠢᠷᠦᠬᠡᠨ ᠦ᠌ ᠤᠭ ᠠ᠋ᠴᠠ ᠪᠢᠰᠢᠷᠡᠨ ᠮᠥᠷᠭᠥᠨ᠎ᠡ᠃ ᠢᠲᠡᠭᠡᠯᠲᠦ ᠪᠠᠭᠰᠢ ᠄《ᠠᠷᠢᠭᠤᠨ ᠨᠢᠭᠦᠯᠡᠰᠦᠩᠭᠦᠢ ᠰᠡᠳᠬᠢᠯ  ᠊ᠢ ᠳᠡᠯᠪᠢ》ᠭᠡᠮᠡᠨ ᠠᠢᠯᠠᠳᠤᠯ᠎ᠠ᠃
2025.08.18
ᠮᠣᠭᠠᠢ ᠵᠢᠯ ᠂ ᠬᠣᠨᠢ ᠰᠠᠷ᠎ᠠ ᠶ᠋ᠢᠨ 25 ᠤ᠋ ᠰᠢᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠥᠪᠡᠷ ᠢ ᠪᠡᠨ ᠶᠡᠬᠡ ᠬᠦᠨᠳᠦᠲᠡᠢ ᠬᠥᠮᠦᠨ ᠪᠠᠢᠨᠠᠮ ᠭᠡᠵᠦ ᠪᠣᠳᠣᠭᠰᠠᠨ ᠳ᠋ᠤᠨᠢ ᠢᠲᠡᠭᠡᠯᠲᠦ ᠪᠠᠭᠰᠢ᠄ 《ᠡᠷᠬᠡ ᠲᠡᠢ ᠤᠬᠠᠭᠠᠨ ᠤ᠋ ᠵᠠᠩ ᠠᠪᠤᠷᠢ》ᠭᠡᠮᠡᠨ ᠠᠢᠯᠠᠳᠤᠯ᠎ᠠ᠃
2025.08.19
ᠮᠣᠭᠠᠢ ᠵᠢᠯ ᠂ ᠬᠣᠨᠢ ᠰᠠᠷ᠎ᠠ ᠶ᠋ᠢᠨ 26 ᠤ᠋ ᠴᠠᠭᠠᠨ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
10 ᠵᠦᠭ ᠦ᠋ᠨ ᠪᠤᠷᠬᠠᠳ ᠠᠮᠢᠲᠠᠨ ᠤ᠋ ᠲᠤᠰᠠ ᠶ᠋ᠢᠨ ᠲᠤᠯᠠᠳᠠ ᠵᠠᠯᠠᠷᠠᠨ ᠰᠣᠶᠣᠷᠬ᠎ᠠ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《ᠳᠡᠭᠡᠳᠦ ᠨᠣᠮ ᠪᠠᠷᠢᠬᠤ ᠶ᠋ᠢᠨ ᠲᠥᠯᠥᠭᠡ ᠪᠤᠷᠬᠠᠳ ᠵᠠᠯᠠᠷᠠᠭ᠎ᠠ》ᠭᠡᠮᠡᠨ ᠠᠢᠯᠠᠳᠤᠯ᠎ᠠ᠃
2025.08.20
ᠮᠣᠭᠠᠢ ᠵᠢᠯ ᠂ ᠬᠣᠨᠢ ᠰᠠᠷ᠎ᠠ ᠶ᠋ᠢᠨ 27 ᠤ᠋ ᠴᠠᠭᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠤᠬᠠᠭᠠᠨ ᠮᠡᠳᠡᠭᠡ ᠠᠯᠳᠠᠯ ᠦᠭᠡᠢ ᠵᠢᠷᠦᠬᠡ ᠠᠮᠠ ᠪᠠᠨ ᠬᠥᠳᠡᠯᠦᠯ ᠦᠭᠡᠢ ᠨᠣᠮᠣᠬᠠᠨ ᠪᠠᠢᠭᠲᠢ 》ᠭᠡᠨ᠎ᠡ᠃ ᠢᠲᠡᠭᠡᠯᠲᠦ ᠪᠠᠭᠰᠢ᠄《ᠤᠳᠬ᠎ᠠ ᠶ᠋ᠢ ᠮᠡᠳᠡᠳᠡᠭ ᠰᠦᠵᠢᠭᠲᠡᠨ ᠤᠴᠢᠷ ᠢ ᠳᠠᠪᠠᠬᠤ ᠵᠣᠷᠢᠭ ᠲᠠᠢ》ᠭᠡᠮᠡᠨ ᠠᠢᠯᠠᠳᠤᠯ᠎ᠠ᠃
2025.08.21
ᠮᠣᠭᠠᠢ ᠵᠢᠯ ᠂ ᠬᠣᠨᠢ ᠰᠠᠷ᠎ᠠ ᠶ᠋ᠢᠨ 28 ᠤ᠋ ᠬᠠᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠢᠳᠦᠨ ᠪᠠᠷᠢᠯᠳᠤᠯᠭ᠎ᠠ ᠲᠤᠬᠠᠢ ᠶᠡᠬᠡ ᠪᠡᠷ ᠪᠣᠳᠣᠳᠠᠭ ᠬᠥᠮᠦᠨ ᠳ᠋ᠦ᠍ ᠢᠲᠡᠭᠡᠯᠲᠦ ᠪᠠᠭᠰᠢ᠄《ᠠᠷᠭ᠎ᠠ ᠪᠢᠯᠢᠭ ᠬᠣᠶᠠᠷ  ᠊ᠢ ᠨᠢᠭᠡᠳᠦᠭᠦᠯᠬᠦ ᠤᠴᠢᠷ》ᠭᠡᠮᠡᠨ ᠠᠢᠯᠠᠳᠤᠯ᠎ᠠ᠃
2025.08.22
ᠮᠣᠭᠠᠢ ᠵᠢᠯ ᠂ ᠬᠣᠨᠢ ᠰᠠᠷ᠎ᠠ ᠶ᠋ᠢᠨ 29 ᠦ᠌ ᠬᠠᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠰᠡᠳᠬᠢᠯ ᠡᠭᠦᠰᠬᠡᠵᠦ ᠶᠠᠪᠤᠨ᠎ᠠ ᠃《ᠨᠢᠰᠸᠠᠨᠢᠰ ᠬᠡᠳᠦᠢ ᠴᠦ᠍ ᠬᠠᠲᠠᠭᠤ ᠪᠠᠢᠭ᠂ ᠬᠣᠭᠣᠰᠣᠨ ᠴᠢᠨᠠᠷ ᠤᠷᠪᠠᠭᠤᠯᠵᠤ ᠴᠢᠳᠠᠬᠤ ᠦᠭᠡᠢ》ᠭᠡᠮᠡᠨ ᠠᠢᠯᠠᠳᠤᠯ᠎ᠠ᠃
2025.08.23
ᠮᠣᠭᠠᠢ ᠵᠢᠯ ᠂ ᠬᠣᠨᠢ ᠰᠠᠷ᠎ᠠ ᠶ᠋ᠢᠨ 30 ᠤ᠋ ᠬᠥᠬᠡ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠬᠣᠭᠣᠰᠣᠨ ᠴᠢᠨᠠᠷ ᠤ᠋ᠨ ᠲᠤᠬᠠᠢ ᠠᠰᠠᠭᠤᠨ᠎ᠠ᠃ ᠢᠲᠡᠭᠡᠯᠲᠦ ᠪᠠᠭᠰᠢ᠄《ᠣᠷᠴᠢᠯᠠᠩ  ᠊ᠢ ᠥᠪᠡᠷ ᠦ᠋ᠨ ᠢ᠋ᠶ᠋ᠡᠨ ᠡᠷᠬᠡᠨ ᠳ᠋ᠦ᠍ ᠣᠷᠣᠭᠤᠯᠤᠭᠰᠠᠨ ᠬᠥᠮᠦᠨ ᠬᠣᠭᠣᠰᠣᠨ ᠴᠢᠨᠠᠷ ᠮᠡᠳᠡᠨ᠎ᠡ》ᠭᠡᠮᠡᠨ ᠠᠢᠯᠠᠳᠤᠯ᠎ᠠ᠃
2025.08.24
ᠮᠣᠭᠠᠢ ᠵᠢᠯ ᠂ ᠪᠠᠴᠢ ᠰᠠᠷ᠎ᠠ ᠶ᠋ᠢᠨ 1 ᠦ᠌ ᠬᠥᠬᠡᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠡᠨᠡᠷᠢᠩᠭᠦᠢ ᠶᠡᠬᠡ ᠭᠤᠶᠤᠭᠰᠠᠨ ᠠᠷᠢᠶᠠᠪᠠᠯᠤ ᠶ᠋ᠢᠨ ᠮᠠᠨᠢ ᠣᠷᠣᠯᠳᠤᠴᠠ ᠲᠠᠢ ᠲᠠᠲᠠᠨ᠎ᠠ᠃ ᠢᠲᠡᠭᠡᠯᠲᠦ ᠪᠠᠭᠰᠢ᠄ 《ᠶᠡᠬᠡ ᠬᠥᠯᠭᠡᠨ ᠦ᠌ ᠭᠡᠭᠡᠷᠡᠯ ᠦ᠋ᠨ ᠵᠠᠮ》ᠭᠡᠮᠡᠨ ᠠᠢᠯᠠᠳᠤᠯ᠎ᠠ᠃
2025.08.25
ᠮᠣᠭᠠᠢ ᠵᠢᠯ ᠂ ᠪᠡᠴᠢ ᠰᠠᠷ᠎ᠠ ᠶ᠋ᠢᠨ 2 ᠊ᠤᠨ ᠤᠯᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠥᠪᠡᠷ ᠊ᠢ  ᠪᠡᠨ ᠤᠬᠠᠭᠠᠨ ᠲᠠᠢ ᠭᠡᠵᠦ ᠰᠠᠨᠠᠭᠠᠳ ᠬᠠᠮᠤᠭ ᠶᠠᠭᠤᠮ᠎ᠠ ᠪᠣᠳᠣᠨ᠎ᠠ᠃ ᠢᠲᠡᠭᠡᠯᠲᠦ ᠪᠠᠭᠰᠢ᠄《ᠰᠡᠳᠬᠢᠬᠦ ᠭᠣᠣᠯ ᠦᠭᠡᠢ ᠪᠣᠯ ᠤᠬᠠᠭᠠᠨ ᠳ᠋ᠤ᠌ ᠨᠠᠢᠳᠠᠯ ᠦᠭᠡᠢ》ᠭᠡᠮᠡᠨ ᠠᠢᠯᠠᠳᠤᠯ᠎ᠠ᠃
2025.08.26
ᠮᠣᠭᠠᠢ ᠵᠢᠯ ᠂ ᠪᠠᠴᠢ ᠰᠠᠷ᠎ᠠ ᠶ᠋ᠢᠨ 3 ᠤ᠋ ᠤᠯᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠭᠡᠯᠦᠩ ᠪᠯᠠᠮ᠎ᠠ ᠪᠣᠯ ᠬᠣᠭᠣᠰᠣᠨ ᠴᠢᠨᠠᠷ ᠪᠠᠷᠢᠭᠠᠳ ᠬᠡᠬᠡᠷᠡᠭᠰᠡᠨ ᠪᠠᠢᠳᠠᠭ》 ᠭᠡᠨ᠎ᠡ᠃ ᠢᠲᠡᠭᠡᠯᠲᠦ ᠪᠠᠭᠰᠢ᠄《ᠱᠠᠵᠢᠨ ᠤ᠋ ᠦᠨᠳᠦᠰᠦ ᠭᠡᠯᠦᠩ》ᠭᠡᠮᠡᠨ ᠠᠢᠯᠠᠳᠤᠯ᠎ᠠ᠃
2025.08.27
ᠮᠣᠭᠠᠢ ᠵᠢᠯ᠂ ᠪᠠᠴᠢ ᠰᠠᠷ᠎ᠠ ᠶ᠋ᠢᠨ 4 ᠦ᠌ ᠰᠢᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠨᠢᠳᠦᠨ ᠦ᠌ ᠬᠠᠷᠠᠭ᠎ᠠ ᠰᠡᠳᠬᠢᠯ ᠦ᠋ᠨ ᠦᠵᠡᠭᠳᠡᠯ ᠬᠣᠶᠠᠷ ᠶᠠᠭᠤ ᠪᠠᠷ ᠢ᠋ᠶ᠋ᠠᠨ ᠢᠯᠭᠠᠭ᠎ᠠ ᠲᠠᠢ》ᠭᠡᠵᠦ ᠠᠰᠠᠭᠤᠨ᠎ᠠ᠃ ᠢᠲᠡᠭᠡᠯᠲᠦ ᠪᠠᠭᠰᠢ᠄《ᠨᠢᠳᠦᠨ ᠦ᠌ ᠬᠠᠷᠠᠭ᠎ᠠ ᠳ᠋ᠤ᠌ ᠨᠥᠬᠥᠴᠡᠯ ᠦᠭᠡᠢ ᠪᠣᠯ ᠰᠡᠳᠬᠢᠯ ᠦ᠋ᠨ ᠦᠵᠡᠭᠳᠡᠯ ᠬᠣᠭᠣᠰᠣᠨ ᠪᠣᠯᠤᠨ᠎ᠠ》ᠭᠡᠮᠡᠨ ᠠᠢᠯᠠᠳᠤᠯ᠎ᠠ᠃
2025.08.28
ᠮᠣᠭᠠᠢ ᠵᠢᠯ ᠂ ᠪᠠᠴᠢ ᠰᠠᠷ᠎ᠠ ᠶ᠋ᠢᠨ 5 ᠤ᠋ ᠰᠢᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠮᠠᠨᠢ ᠲᠠᠲᠠᠬᠤ ᠬᠡᠷᠡᠭᠲᠡᠢ》ᠭᠡᠨ᠎ᠡ᠃ ᠢᠲᠡᠭᠡᠯᠲᠦ ᠪᠠᠭᠰᠢ᠄《ᠰᠡᠳᠬᠢᠯ ᠊ᠢ   ᠨᠣᠮᠣᠬᠠᠷᠠᠭᠤᠯᠬᠤ ᠪᠣᠯ ᠠᠶᠤᠯ ᠲᠠᠢ ᠵᠣᠪᠠᠯᠠᠩ ᠤ᠋ᠨ ᠨᠢᠰᠸᠠᠨᠢᠰ ᠨᠣᠮᠣᠬᠠᠷᠠᠨ᠎ᠠ》ᠭᠡᠮᠡᠨ ᠠᠢᠯᠠᠳᠤᠯ᠎ᠠ᠃
2025.08.29
ᠮᠣᠭᠠᠢ ᠵᠢᠯ ᠂ ᠪᠡᠴᠢ ᠰᠠᠷ᠎ᠠ ᠶ᠋ᠢᠨ 6 ᠤ᠋ ᠴᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦ᠌ ᠬᠡᠢ ᠪᠣᠳᠣᠯ ᠨᠢ ᠲᠣᠭᠲᠠᠬᠤ ᠦᠭᠡᠢ ᠪᠠᠢᠨ᠎ᠠ᠃ ᠢᠲᠡᠭᠡᠯᠲᠦ ᠪᠠᠭᠰᠢ᠄ 《ᠪᠣᠳᠢᠰᠠᠳ᠋ᠸ᠎ᠠ ᠮᠠᠨᠽᠤᠰᠢᠷᠢ ᠰᠢᠳᠦ》ᠭᠡᠮᠡᠨ ᠠᠢᠯᠠᠳᠤᠯ᠎ᠠ᠃
2025.08.30
ᠮᠣᠭᠠᠢ ᠵᠢᠯ ᠂ ᠪᠠᠴᠢ ᠰᠠᠷ᠎ᠠ ᠶ᠋ᠢᠨ 7 ᠤ᠋ ᠴᠠᠭᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠪᠤᠷᠬᠠᠨ ᠨᠣᠮ ᠬᠢᠭᠡᠳ ᠴᠢᠭᠤᠯᠭᠠᠨ ᠳ᠋ᠤᠷ ᠮᠥᠷᠭᠥᠨᠡᠮ》ᠭᠡᠨ᠎ᠡ᠃ ᠢᠲᠡᠭᠡᠯᠲᠦ ᠪᠠᠭᠰᠢ᠄ 《ᠮᠠᠭᠠᠳ ᠭᠠᠷᠬᠤ ᠶ᠋ᠢᠨ ᠣᠷᠣᠨ》ᠭᠡᠮᠡᠨ ᠠᠢᠯᠠᠳᠤᠯ᠎ᠠ᠃
2025.08.31
ᠮᠣᠭᠠᠢ ᠵᠢᠯ᠂ ᠪᠠᠴᠢ ᠰᠠᠷ᠎ᠠ ᠶ᠋ᠢᠨ 8 ᠤ᠋ ᠬᠠᠷ᠎ᠠ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《ᠠᠮᠢ ᠨᠠᠰᠤ ᠪᠠᠨ ᠪᠠᠲᠤ ᠣᠷᠣᠰᠢᠬᠤ ᠶ᠋ᠢᠨ ᠲᠤᠯᠠ ᠳᠡᠭᠡᠳᠦ ᠨᠠᠷ ᠲᠤ᠌ ᠳᠠᠭᠠᠳᠬᠠᠨ᠎ᠠ 》᠃ ᠢᠲᠡᠭᠡᠯᠲᠦ ᠪᠠᠭᠰᠢ᠄《ᠭᠤᠷᠪᠠᠨ ᠮᠠᠭᠤ ᠵᠠᠶᠠᠭᠠᠨ ᠳ᠋ᠤ᠌ ᠤᠨᠠᠬᠤ ᠰᠢᠯᠲᠠᠭᠠᠨ ᠦᠭᠡᠢ ᠪᠣᠯᠤᠨ᠎ᠠ 》ᠭᠡᠮᠡᠨ ᠠᠢᠯᠠᠳᠤᠯ᠎ᠠ᠃

***
ᠸᠴᠢᠷᠳᠠᠷ᠎ᠠ ᠪᠤᠷᠬᠠᠨ
 ᠨᠢᠭᠦᠯ  ᠊ᠢ ᠠᠷᠢᠯᠭᠠᠭᠴᠢ᠂ ᠣᠶᠤᠨ ᠤ᠋ ᠠᠷᠢᠭᠤᠰᠤᠯ ᠤ᠋ᠨ ᠭᠡᠭᠡᠨ ᠣᠷᠣᠰᠢᠬᠤᠢ
ᠲᠡᠷᠡ ᠪᠣᠯ ᠪᠦᠬᠦ ᠪᠤᠷᠬᠠᠳ ᠤ᠋ᠨ ᠰᠡᠳᠬᠢᠯ ᠦ᠋ᠨ ᠴᠡᠪᠡᠷ ᠭᠡᠭᠡ᠂
ᠭᠡᠮ  ᠨᠢᠭᠦᠯ  ᠊ᠢ ᠠᠷᠢᠭᠤᠰᠬᠠᠬᠤ ᠬᠣᠣᠰ ᠦᠭᠡᠢ ᠬᠦᠴᠦ᠂
ᠪᠢᠯᠢᠭ ᠤᠬᠠᠭᠠᠨ ᠪᠠ ᠡᠨᠡᠷᠢᠯ ᠨᠢᠭᠦᠯᠡᠰᠦᠯ ᠦ᠋ᠨ ᠲᠡᠭᠦᠰ ᠨᠢᠭᠡᠳᠦᠯ᠃
ᠸᠴᠢᠷᠳᠠᠷ᠎ᠠ ᠪᠤᠷᠬᠠᠨ
ᠥᠪᠡᠷ ᠦ᠋ᠨ ᠪᠣᠯᠤᠨ ᠪᠤᠰᠤᠳ ᠤ᠋ᠨ ᠦᠢᠯᠡᠳᠦᠭᠰᠡᠨ ᠪᠦᠬᠦᠢ ᠯᠡ ᠨᠢᠭᠦᠯ᠂
ᠦᠢᠯᠡ ᠶ᠋ᠢᠨ ᠦᠷ᠎ᠡ ᠶ᠋ᠢ ᠨᠠᠮᠵᠢᠭᠠᠵᠤ᠂ᠰᠡᠳᠬᠢᠯ ᠦ᠋ᠨ ᠰᠡᠪ ᠊ᠢ ᠠᠷᠢᠭᠤᠰᠬᠠᠵᠤ᠂
ᠪᠣᠳᠢ ᠰᠡᠳᠬᠢᠯ᠂ ᠭᠡᠭᠡᠷᠡᠯ ᠳ᠋ᠦ᠍ ᠬᠥᠲᠥᠯᠬᠦ ᠬᠦᠴᠦ ᠶ᠋ᠢ ᠥᠭᠳᠡᠭ᠃
ᠸᠴᠢᠷᠳᠠᠷ᠎ᠠ ᠪᠤᠷᠬᠠᠨ ᠲᠠᠨ ᠳ᠋ᠤ᠌᠄
•ᠭᠡᠮ ᠨᠢᠭᠦᠯ ᠡᠴᠡ ᠠᠩᠭᠢᠵᠢᠷᠠᠯ
•ᠰᠡᠳᠬᠢᠯ ᠦ᠋ᠨ ᠠᠷᠢᠭᠤᠰᠤᠯ᠂ ᠤᠬᠠᠭᠠᠨ ᠤ᠋ ᠴᠡᠪᠡᠷᠰᠢᠯᠲᠡ
•ᠪᠣᠳᠢ ᠮᠥᠷ ᠦ᠋ᠨ ᠡᠬᠢᠯᠡᠯ᠂ ᠠᠮᠢᠳᠤᠷᠠᠯ ᠤ᠋ᠨ ᠡᠷᠡᠭᠦᠯ ᠡᠬᠢᠯᠡᠯ ᠠᠪᠴᠢᠷᠠᠨ᠎ᠠ᠃
 ᠲᠡᠭᠦᠨ ᠊ᠢ ᠰᠢᠲᠦᠬᠦ ᠨᠢ ᠥᠪᠡᠷ  ᠊ᠢ  ᠪᠡᠨ ᠳᠠᠬᠢᠨ ᠲᠥᠷᠥᠭᠦᠯᠵᠦ ᠪᠣᠢ ᠮᠡᠲᠦ
ᠰᠢᠨ᠎ᠡ ᠠᠮᠢᠳᠤᠷᠠᠯ ᠳ᠋ᠤ᠌ ᠬᠥᠲᠥᠯᠳᠡᠭ ᠭᠡᠭᠡᠨ ᠡᠭᠦᠳᠡ ᠪᠢᠯᠡ᠃
ᠢᠷᠡᠯᠲᠡ᠄ ᠢᠪᠠᠯᠭ᠎ᠠ ᠶ᠋ᠢᠨ ᠳ᠋ᠠᠼᠠᠩ 《ᠬᠠᠮᠪᠤ ᠶ᠋ᠢᠨ ᠬᠦᠷᠢᠶ᠎ᠡ》

  ᠦᠰᠦᠭ ᠠᠮᠢᠯᠠᠭᠤᠯᠤᠭᠴᠢ᠄ ᠠᠯᠲᠠᠨᠨᠠᠪᠴᠢ
  ᠬᠢᠨᠠᠭᠴᠢ᠄ ᠣᠳᠬᠠᠨᠰᠣ᠎ᠠ