ᠬᠥᠷᠥᠩᠭᠡ ᠂ ᠰᠠᠩᠬᠦᠦ ᠶ᠋ᠢᠨ ᠮᠡᠳᠡᠯᠭᠡ ᠬᠣᠶᠠᠷKhöröngö , sankhüügiin medleg khoyorХөрөнгө , санхүүгийн мэдлэг хоёр-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠮᠣᠩᠭᠣᠯ ᠬᠠᠭᠤᠴᠢ ᠦᠭᠡᠨ ᠳ᠋ᠦ᠍ 《ᠬᠥᠮᠦᠨ ᠨᠡᠮᠡᠪᠡᠯ ᠬᠦᠨᠡᠰᠦ ᠨᠡᠮᠡᠨ᠎ᠡ》 ᠭᠡᠳᠡᠭ᠃ ᠲᠡᠢᠮᠦ ᠠ᠋᠂ ᠬᠥᠮᠦᠨ ᠶᠠᠭᠤ ᠨᠢᠭᠡ ᠬᠢᠵᠦ ᠪᠦᠲᠦᠭᠡᠬᠦ ᠶ᠋ᠢᠨ ᠲᠥᠯᠥᠭᠡ ᠰᠤᠷᠴᠤ᠂ ᠰᠤᠳᠤᠯᠵᠤ᠂ ᠠᠵᠢᠯᠯᠠᠵᠤ ᠬᠥᠳᠡᠯᠮᠦᠷᠢᠯᠡᠵᠦ ᠪᠠᠢᠳᠠᠭ ᠪᠢᠯᠡ᠃ ᠲᠡᠢᠮᠦ ᠡᠴᠡ ᠬᠥᠮᠦᠨ ᠠᠮᠢᠳᠤᠷᠠᠯ ᠳ᠋ᠠᠭᠠᠨ ᠨᠡᠩ ᠶᠡᠬᠡ ᠶ᠋ᠢ ᠬᠢᠵᠦ ᠪᠦᠲᠦᠭᠡᠨ ᠠᠵᠢᠯ ᠦᠢᠯᠡᠰ ᠢ᠋ᠶ᠋ᠡᠨ ᠶᠡᠬᠡᠰᠬᠡᠬᠦ᠂ ᠰᠢᠨ᠎ᠡ ᠵᠦᠢᠯ ᠢ᠋ ᠡᠬᠢᠯᠡᠭᠦᠯᠬᠦ ᠶ᠋ᠢᠨ ᠲᠥᠯᠥᠭᠡ ᠮᠠᠰᠢ ᠣᠯᠠᠨ ᠵᠦᠢᠯ ᠳᠡᠭᠡᠷ᠎ᠡ ᠪᠡᠯᠡ ᠣᠷᠣᠭᠤᠯᠬᠤ ᠱᠠᠭᠠᠷᠳᠠᠯᠭ᠎ᠠ ᠲᠠᠢ ᠪᠣᠯᠳᠠᠭ᠃ ᠭᠡᠲᠡᠯ᠎ᠡ ᠪᠡᠯᠡ ᠣᠷᠣᠭᠤᠯᠤᠭᠰᠠᠨ ᠪᠣᠯᠭᠠᠨ ᠠ᠋ᠴᠠ ᠠᠰᠢᠭ ᠣᠷᠣᠯᠭ᠎ᠠ ᠡᠭᠦᠳᠳᠡᠭ ᠦᠭᠡᠢ᠂ ᠬᠠᠷᠢᠨ ᠴᠤ᠌ ᠪᠤᠷᠤᠭᠤ ᠵᠦᠢᠯ ᠢ᠋ ᠰᠣᠩᠭᠣᠭᠰᠠᠨ ᠠ᠋ᠴᠠ ᠬᠥᠮᠦᠰ ᠠᠮᠢᠳᠤᠷᠠᠯ᠂ ᠠᠵᠢᠯ ᠦᠢᠯᠡᠰ ᠳᠡᠭᠡᠷ᠎ᠡ ᠪᠡᠨ ᠮᠠᠰᠢ ᠣᠯᠠᠨ ᠨᠤᠭᠤᠷᠠᠯ ᠪᠦᠲᠤᠷᠠᠯ ᠲᠠᠢ ᠤᠴᠠᠷᠠᠳᠠᠭ᠃ ᠲᠡᠭᠡᠪᠡᠯ ᠡᠨᠡ ᠤᠳᠠᠭᠠᠨ ᠰᠠᠩᠬᠦᠦ ᠶ᠋ᠢᠨ ᠬᠢᠴᠢᠶᠡᠯ ᠢ᠋ᠶ᠋ᠡᠷ ᠣᠷᠣᠭᠤᠯᠤᠯᠲᠠ ᠶ᠋ᠢᠨ ᠨᠢᠭᠤᠴᠠ ᠶ᠋ᠢ ᠬᠠᠢᠬᠤ ᠪᠣᠯᠤᠨ᠎ᠠ᠃
ᠬᠥᠮᠦᠰ ᠠᠳᠠᠯᠢᠬᠠᠨ ᠵᠦᠢᠯ ᠢ᠋ ᠬᠢᠵᠦ ᠪᠠᠢᠬᠤ ᠳ᠋ᠤ᠌ ᠨᠢᠭᠡ ᠨᠢ ᠠᠰᠢᠭ ᠣᠷᠣᠯᠭ᠎ᠠ ᠣᠯᠤᠭᠠᠳ ᠨᠥᠭᠥᠭᠡ ᠨᠢ ᠠᠯᠳᠠᠳᠠᠭ ᠦᠵᠡᠭᠳᠡᠯ ᠵᠥᠩᠳᠡᠭᠡᠨ᠃ ᠪᠢᠳᠡ ᠴᠦ᠍ ᠪᠡᠯᠡ ᠣᠷᠣᠭᠤᠯᠬᠤ ᠵᠦᠢᠯ ᠢ᠋ᠶ᠋ᠡᠨ ᠰᠣᠩᠭᠣᠬᠤ ᠳ᠋ᠤ᠌ ᠢᠯᠡᠭᠦᠦ ᠠᠰᠢᠭ ᠣᠷᠣᠯᠭ᠎ᠠ ᠣᠯᠯᠬᠤ ᠡᠭᠦᠳᠡᠨ ᠡᠴᠡ ᠪᠤᠰᠤᠳ ᠤ᠋ᠨ ᠠᠰᠢᠭ ᠣᠷᠣᠯᠭ᠎ᠠ ᠥᠨᠳᠥᠷ ᠪᠠᠢᠭ᠎ᠠ ᠵᠦᠢᠯ ᠢ᠋ ᠰᠣᠩᠭᠣᠵᠤ ᠠᠪᠬᠤ ᠨᠢ ᠤᠯᠠᠲᠠᠢ᠃ ᠭᠡᠲᠡᠯ᠎ᠡ ᠪᠣᠳᠠᠲᠤ ᠪᠠᠢᠳᠠᠯ ᠳᠡᠭᠡᠷ᠎ᠡ ᠦᠨᠡᠬᠡᠷ ᠠᠰᠢᠭ ᠣᠷᠣᠯᠭ᠎ᠠ ᠣᠯᠵᠤ ᠴᠢᠳᠠᠬᠤ ᠡᠰᠡᠬᠦ ᠨᠢ ᠥᠭᠡᠷ᠎ᠡ ᠶᠦᠮ᠃ ᠲᠡᠭᠡᠪᠡᠯ ᠡᠨᠡ ᠪᠦᠬᠦᠨ ᠨᠢ ᠶᠠᠭᠤᠨ ᠠ᠋ᠴᠠ ᠲᠣᠭᠳᠠᠭᠳᠠᠳᠠᠭ ᠪᠣᠢ? ᠴᠣᠬᠣᠮ ᠶᠠᠮᠠᠷ ᠵᠦᠢᠯ ᠢ᠋ ᠰᠣᠩᠭᠣᠵᠤ ᠪᠡᠯᠡ ᠣᠷᠣᠭᠤᠯᠪᠠᠯ ᠠᠰᠢᠭ ᠣᠷᠣᠯᠭ᠎ᠠ ᠣᠯᠵᠤ ᠪᠣᠯᠬᠤ ᠪᠣᠢ? ᠶᠠᠭᠤᠨ ᠤ᠋ ᠡᠮᠦᠨ᠎ᠡ ᠡᠨᠡ ᠨᠢ ᠲᠠᠨ ᠤ᠋ ᠥᠪᠡᠷ ᠦ᠋ᠨ ᠪᠡᠶ᠎ᠡ ᠡᠴᠡ ᠰᠢᠯᠲᠠᠭᠠᠯᠠᠨ᠎ᠠ ᠭᠡᠳᠡᠭ ᠮᠡᠳᠡᠬᠦ ᠬᠡᠷᠡᠭᠲᠡᠢ᠃ ᠤᠴᠢᠷ ᠨᠢ ᠶᠠᠮᠠᠷ ᠨᠢᠭᠡᠨ ᠠᠵᠢᠯ ᠣᠶᠢᠢᠯᠡᠰ ᠦ᠋ᠨ ᠬᠤᠪᠢ ᠬᠥᠮᠦᠨ ᠪᠣᠯᠭᠠᠨ ᠳ᠋ᠤ᠌ ᠣᠨᠣᠭᠳᠠᠭᠰᠠᠨ ᠨᠥᠬᠥᠴᠡᠯ ᠪᠣᠯᠤᠮᠵᠢ ᠨᠢ ᠥᠭᠡᠷ᠎ᠡ ᠥᠭᠡᠷ᠎ᠡ ᠪᠠᠢᠳᠠᠭ ᠪᠢᠯᠡ᠃ ᠲᠡᠢᠮᠦ ᠡᠴᠡ ᠪᠢᠳᠡ ᠪᠤᠰᠤᠳ ᠤ᠋ᠨ ᠠᠰᠢᠭ ᠣᠯᠵᠤ ᠪᠠᠢᠭ᠎ᠠ ᠠᠵᠢᠯ ᠢ᠋ ᠰᠣᠩᠭᠣᠵᠤ ᠪᠡᠯᠡ ᠣᠷᠣᠭᠤᠯᠬᠤ ᠠ᠋ᠴᠠ ᠢᠯᠡᠭᠦᠦ ᠥᠪᠡᠷ ᠦ᠋ᠨ ᠨᠥᠬᠥᠴᠡᠯ ᠪᠠᠢᠳᠠᠯ ᠢ᠋ᠶ᠋ᠠᠨ ᠪᠦᠷᠢᠨ ᠰᠤᠳᠤᠯᠤᠭᠰᠠᠨ ᠤ᠋ ᠰᠠᠭᠤᠷᠢᠨ ᠳᠡᠭᠡᠷ᠎ᠡ ᠥᠪᠡᠷ ᠲᠦ᠍ ᠬᠠᠮᠤᠭ ᠠᠰᠢᠭ ᠲᠠᠢ᠂ ᠬᠠᠮᠤᠭ ᠢᠯᠡᠭᠦᠦ ᠬᠥᠭᠵᠢᠭᠦᠯᠵᠦ ᠪᠣᠯᠬᠤ ᠮᠥᠷᠲᠡᠭᠡᠨ ᠪᠤᠰᠤᠳ ᠠ᠋ᠴᠠ ᠢᠯᠡᠭᠦᠦ ᠬᠢᠵᠦ ᠴᠢᠳᠠᠬᠤ ᠠᠵᠢᠯ ᠤ᠋ᠨ ᠢ᠋ᠶ᠋ᠠᠨ ᠰᠣᠩᠭᠣᠪᠠᠯ᠂ ᠡᠨᠡ ᠰᠣᠩᠭᠣᠭᠰᠠᠨ ᠠᠵᠢᠯ ᠲᠥᠷᠥᠯ ᠳᠡᠭᠡᠷ᠎ᠡ ᠪᠡᠨ ᠪᠤᠰᠤᠳ ᠡᠴᠡ ᠢᠯᠡᠭᠦᠦ ᠪᠦᠲᠦᠮᠵᠢ ᠭᠠᠷᠭᠠᠵᠤ᠂ ᠠᠰᠢᠭ ᠣᠷᠣᠯᠭ᠎ᠠ ᠴᠦ᠍ ᠥᠨᠳᠥᠷ ᠪᠠᠢᠬᠤ ᠪᠦᠷᠢᠨ ᠪᠣᠯᠤᠮᠵᠢ ᠲᠠᠢ ᠪᠣᠯᠬᠤ ᠶᠤᠮ᠃ ᠳᠠᠷᠤᠢ ᠪᠢᠳᠡ ᠥᠪᠡᠷ ᠦ᠋ᠨ ᠬᠠᠮᠤᠭ ᠬᠢᠵᠦ ᠴᠢᠳᠠᠬᠤ᠂ ᠳᠠᠪᠠᠭᠤᠯᠢᠭ ᠲᠠᠯ᠎ᠠ ᠪᠠᠨ ᠠᠰᠢᠭᠯᠠᠭᠰᠠᠨ ᠢ᠋ᠶ᠋ᠠᠷ ᠡᠨᠡᠬᠦ ᠬᠢᠵᠦ ᠪᠠᠢᠭ᠎ᠠ ᠠᠵᠢᠯ ᠲᠥᠷᠥᠯ ᠳ᠋ᠡᠭᠡᠨ ᠣᠷᠣᠢᠯᠠᠬᠤ ᠪᠣᠯᠤᠮᠵᠢ ᠲᠠᠢ ᠪᠣᠯᠤᠨ᠎ᠠ᠃ ᠢᠩᠭᠢᠭᠰᠡᠨ ᠢ᠋ᠶ᠋ᠡᠷ ᠪᠢᠳᠡ ᠵᠢᠩᠬᠢᠨᠢ ᠲᠡᠷᠢᠭᠦᠯᠡᠬᠦ ᠵᠦᠢᠯ ᠢ᠋ ᠬᠢᠬᠦ ᠪᠤᠶᠤ ᠠᠵᠢᠯ ᠲᠥᠷᠥᠯ ᠦ᠋ᠨ ᠳᠣᠲᠣᠷ᠎ᠠ ᠪᠠᠨ No1 ᠪᠣᠯᠵᠤ ᠴᠢᠳᠠᠨ᠎ᠠ᠃
ᠪᠢᠳᠡ ᠵᠥᠪᠬᠡᠨ ᠥᠪᠡᠷ ᠦ᠋ᠨ ᠴᠢᠳᠠᠬᠤ ᠂ ᠳᠠᠪᠠᠭᠤᠯᠢᠭ ᠲᠠᠯ᠎ᠠ ᠪᠠᠨ ᠰᠣᠩᠭᠣᠵᠤ ᠪᠡᠯᠡ ᠣᠷᠣᠭᠤᠯᠤᠭᠰᠠᠨ ᠢ᠋ᠶ᠋ᠠᠷ ᠯᠠ ᠠᠮᠵᠢᠯᠲᠠ ᠣᠯᠤᠭᠠᠳ ᠴᠢᠳᠠᠬᠤ ᠪᠢᠰᠢ᠃ ᠪᠣᠳᠠᠲᠠᠢ ᠪᠡᠯᠡ ᠣᠷᠣᠭᠤᠯᠬᠤ ᠶᠠᠪᠤᠴᠠ ᠳ᠋ᠤ᠌ ᠪᠠᠰᠠ ᠮᠠᠰᠢ ᠣᠯᠠᠨ ᠵᠦᠢᠯ ᠢ᠋ ᠠᠩᠬᠠᠷᠬᠤ ᠴᠢᠬᠤᠯᠠ ᠲᠠᠢ᠃ ᠡᠬᠢᠯᠡᠭᠡᠳ ᠪᠢᠳᠡ ᠵᠠᠪᠠᠯ ᠲᠣᠭᠲᠠᠮᠠᠯ ᠬᠥᠷᠥᠩᠭᠡ ᠪᠣᠯᠤᠨ ᠬᠤᠪᠢᠰᠤᠩᠭᠤᠢ ᠬᠥᠷᠥᠩᠭᠡ ᠶ᠋ᠢᠨ ᠬᠠᠷᠢᠴᠠᠯ ᠢ᠋ ᠵᠥᠪ ᠰᠢᠢᠳᠬᠦ ᠬᠡᠷᠡᠭᠲᠡᠢ᠃ ᠲᠣᠭᠲᠠᠮᠠᠯ ᠬᠥᠷᠥᠩᠭᠡ ᠭᠡᠳᠡᠭ ᠪᠣᠯ ᠨᠡᠯᠢᠶᠡᠳ ᠤᠷᠲᠤ ᠬᠤᠭᠤᠴᠠᠭᠠᠨ ᠳ᠋ᠤ᠌ ( ᠨᠢᠭᠡ ᠵᠢᠯ ᠡᠴᠡ ᠳᠡᠭᠡᠭᠰᠢ ) ᠬᠡᠷᠡᠭᠯᠡᠭᠡ ᠶ᠋ᠢ ᠳᠠᠭᠠᠵᠤ ᠬᠤᠪᠢᠷᠠᠬᠤ ᠦᠭᠡᠢ ᠬᠥᠷᠥᠩᠭᠡ ᠣᠷᠣᠭᠤᠯᠤᠯᠲᠠ ᠶ᠋ᠢ ᠵᠢᠭᠠᠵᠤ ᠂ ᠬᠠᠷᠢᠨ ᠬᠤᠪᠢᠰᠤᠩᠭᠤᠢ ᠬᠥᠷᠥᠩᠭᠡ ᠣᠷᠣᠭᠤᠯᠤᠯᠲᠠ ᠭᠡᠳᠡᠭ ᠪᠣᠯ ᠵᠣᠬᠢᠬᠤ ᠬᠤᠭᠤᠴᠠᠭᠠᠨ ᠳ᠋ᠤ᠌ ᠬᠡᠷᠡᠭᠯᠡᠭᠡ ᠶ᠋ᠢ ᠳᠠᠭᠠᠯᠳᠤᠨ ᠨᠡᠮᠡᠭᠳᠡᠵᠦ ᠬᠠᠰᠤᠭᠳᠠᠵᠤ ᠪᠠᠢᠳᠠᠭ ᠬᠥᠷᠥᠩᠭᠡ ᠶ᠋ᠢ ᠵᠢᠭᠠᠳᠠᠭ᠃ ᠠᠵᠢᠯ ᠠᠮᠢᠳᠤᠷᠠᠯ ᠳᠡᠭᠡᠷ᠎ᠡ ᠪᠢᠳᠡᠨ ᠦ᠌ ᠲᠣᠭᠲᠠᠮᠠᠯ ᠬᠥᠷᠥᠩᠭᠡ ᠨᠡᠮᠡᠭᠳᠡᠪᠡᠯ᠂ ᠪᠢᠳᠡᠨ ᠦ᠌ ᠪᠡᠯᠡ ᠮᠥᠩᠭᠥ ᠳᠠᠷᠤᠭᠳᠠᠵᠤ᠂ ᠡᠷᠭᠢᠯᠲᠡ ᠶ᠋ᠢᠨ ᠮᠥᠩᠭᠥᠨ ᠦ᠌ ᠬᠠᠷᠢᠴᠠᠯ ᠪᠠᠭᠠᠰᠤᠳᠠᠭ ᠠ᠋ᠴᠠ᠂ ᠪᠣᠳᠠᠲᠠᠢ ᠠᠵᠤ ᠠᠬᠤᠢ ᠶ᠋ᠢᠨ ᠦᠢᠯᠡ ᠠᠵᠢᠯᠯᠠᠭ᠎ᠠ ᠶᠠᠪᠤᠭᠤᠯᠬᠤ ᠳ᠋ᠤ᠌ ᠠᠰᠢᠭ ᠦᠭᠡᠢ ᠪᠠᠢᠳᠠᠭ᠃ ᠬᠠᠷᠢᠨ ᠲᠣᠭᠲᠠᠮᠠᠯ ᠬᠥᠷᠥᠩᠭᠡ ᠪᠠᠭ᠎ᠠ ᠪᠣᠯᠪᠠᠯ ᠪᠢᠳᠡᠨ ᠦ᠌ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠠᠨᠠᠢ ᠪᠣᠯᠵᠤ᠂ ᠵᠠᠷᠢᠮ ᠬᠡᠷᠡᠭᠴᠡᠭᠡ ᠲᠡᠢ ᠵᠦᠢᠯ ᠢ᠋ ᠬᠢᠬᠦ ᠳ᠋ᠦ᠍ ᠳᠥᠭᠥᠮ ᠦᠭᠡᠢ ᠪᠣᠯᠳᠠᠭ ᠠ᠋ᠴᠠ ᠪᠤᠴᠠᠭᠠᠳ ᠮᠠᠨ ᠤ᠋ ᠠᠷᠠᠯᠵᠢᠶ᠎ᠠ ᠬᠤᠳᠠᠯᠳᠤᠭ᠎ᠠ ᠶ᠋ᠢ ᠬᠠᠷᠰᠢᠯᠠᠳᠠᠭ᠃ ᠡᠢᠮᠦ ᠡᠴᠡ ᠡᠨᠡ ᠬᠣᠶᠠᠷ ᠤ᠋ᠨ ᠬᠠᠷᠢᠴᠠᠯ ᠢ᠋ ᠵᠥᠪ ᠰᠢᠢᠳᠬᠦ ᠨᠢ ᠪᠡᠯᠡ ᠣᠷᠣᠭᠤᠯᠤᠯᠲᠠ ᠳ᠋ᠤ᠌ ᠪᠠᠰᠠ ᠨᠢᠭᠡᠨ ᠴᠢᠬᠤᠯᠠ ᠠᠵᠢᠯ ᠪᠣᠯᠳᠠᠭ᠃ ᠡᠭᠦᠨ ᠳ᠋ᠦ᠍ ᠶᠡᠷᠦᠩᠬᠡᠢ ᠳ᠋ᠡᠭᠡᠨ ᠪᠠᠷᠢᠮᠲᠠᠯᠠᠳᠠᠭ ᠵᠠᠷᠴᠢᠮ ᠪᠣᠯ ᠲᠣᠭᠲᠠᠮᠠᠯ ᠬᠥᠷᠥᠩᠭᠡ ᠶ᠋ᠢᠨ ᠪᠡᠯᠡ ᠣᠷᠣᠭᠤᠯᠤᠯᠲᠠ ᠪᠣᠯᠤᠨ ᠬᠤᠪᠢᠰᠤᠩᠭᠤᠢ ᠬᠥᠷᠥᠩᠭᠡ ᠶ᠋ᠢᠨ ᠠᠯᠢ ᠨᠢ ᠴᠦ᠍ ᠲᠤᠰ ᠲᠤᠰ ᠶᠡᠷᠦᠩᠬᠡᠢ ᠪᠡᠯᠡ ᠣᠷᠣᠭᠤᠯᠤᠯᠲᠠ ᠶ᠋ᠢᠨ ᠭᠤᠷᠪᠠᠨ ᠨᠢᠭᠡ ᠡᠴᠡ ᠬᠡᠲᠤᠷᠴᠤ ᠪᠣᠯᠬᠤ ᠦᠭᠡᠢ᠃ ᠢᠩᠭᠢᠪᠡᠯ ᠪᠢᠳᠡᠨ ᠦ᠌ ᠪᠡᠯᠡ ᠮᠥᠩᠭᠥ ᠵᠥᠪ ᠵᠠᠷᠤᠴᠠᠭᠤᠯᠤᠭᠳᠠᠵᠤ᠂ ᠠᠰᠢᠭ ᠣᠷᠣᠯᠭ᠎ᠠ ᠡᠭᠦᠳᠬᠦ ᠪᠣᠯᠤᠮᠵᠢ ᠪᠦᠷᠢᠳᠦᠨ᠎ᠡ᠃
ᠠᠵᠤ ᠠᠬᠤᠢ ᠠᠷᠠᠯᠵᠢᠶᠠᠨ ᠳ᠋ᠤ᠌ ᠪᠡᠯᠡ ᠮᠥᠩᠭᠥ ᠪᠣᠯ ᠪᠠᠢᠩᠭᠤ ᠡᠷᠭᠢᠯᠳᠦᠵᠦ ᠪᠠᠢᠵᠤ ᠥᠷᠲᠡᠭ ᠪᠦᠲᠦᠭᠡᠨ ᠠᠰᠢᠭ ᠣᠷᠣᠯᠭ᠎ᠠ ᠣᠯᠵᠤ ᠢᠷᠡᠳᠡᠭ᠃ ᠡᠢᠮᠦ ᠡᠴᠡ ᠪᠢᠳᠡ ᠤᠷᠲᠤ ᠬᠤᠭᠤᠴᠠᠭᠠᠨ ᠳ᠋ᠤ᠌ ᠡᠷᠬᠢᠯᠡᠵᠦ ᠬᠢᠭᠰᠡᠨ᠂ ᠪᠡᠯᠡ ᠣᠷᠣᠭᠤᠯᠤᠭᠰᠠᠨ ᠵᠦᠢᠯ ᠡᠴᠡ ᠪᠡᠨ ᠠᠰᠢᠭ ᠣᠷᠣᠯᠭ᠎ᠠ ᠣᠯᠤᠶ᠎ᠠ ᠭᠡᠪᠡᠯ ᠵᠠᠪᠠᠯ ᠳᠠᠬᠢᠨ ᠪᠡᠯᠡ ᠣᠷᠣᠭᠤᠯᠬᠤ ᠤᠴᠢᠷᠲᠠᠢ᠃ ᠡᠨᠡ ᠨᠢ ᠢᠯᠡᠭᠦᠦ ᠤᠷᠲᠤ ᠬᠣᠤᠭᠤᠴᠠᠭᠠᠨ ᠳ᠋ᠤ᠌ ᠂ ᠬᠥᠭᠵᠢᠯᠲᠡ ᠳ᠋ᠦ᠍ ᠵᠣᠷᠢᠭᠤᠯᠤᠭᠳᠠᠭᠰᠠᠨ ᠪᠠᠢᠳᠠᠭ ᠪᠣᠯᠬᠣᠷ ᠶᠡᠷᠦᠳᠡᠭᠡᠨ ᠳᠥᠷᠪᠡᠨ ᠵᠦᠢᠯ ᠳᠡᠭᠡᠷ᠎ᠡ ᠲᠥᠪᠯᠡᠷᠡᠵᠦ ᠪᠠᠢᠳᠠᠭ᠃ ᠳᠠᠷᠤᠢ ᠰᠤᠳᠤᠯᠵᠤ ᠪᠦᠲᠦᠭᠡᠬᠦ᠂ ᠵᠠᠷ ᠰᠤᠷᠲᠠᠯᠴᠢᠯᠠᠭ᠎ᠠ᠂ ᠰᠤᠷᠭᠠᠨ ᠬᠥᠮᠦᠵᠢᠭᠦᠯᠬᠦ᠂ ᠮᠠᠰᠢᠨ ᠲᠣᠨᠣᠭ ᠪᠣᠯᠤᠨ᠎ᠠ᠃
ᠳᠠᠬᠢᠨ ᠪᠡᠯᠡ ᠣᠷᠣᠭᠤᠯᠤᠯᠲᠠ ᠭᠡᠳᠡᠭ ᠪᠣᠯ ᠪᠢᠳᠡ ᠣᠯᠤᠭᠰᠠᠨ ᠠᠰᠢᠭ ᠣᠷᠣᠯᠭ᠎ᠠ ᠪᠠᠨ ᠳᠠᠬᠢᠨ ᠬᠤᠪᠢᠶᠠᠷᠢᠯᠠᠯᠲᠠ ᠬᠢᠵᠦ᠂ ᠢᠷᠡᠭᠡᠳᠦᠢ ᠶ᠋ᠢᠨ ᠬᠥᠭᠵᠢᠯᠲᠡ᠂ ᠨᠡᠩ ᠥᠨᠳᠥᠷ ᠲᠦᠪᠰᠢᠨ ᠳ᠋ᠦ᠍ ᠭᠠᠷᠬᠤ ᠶ᠋ᠢᠨ ᠲᠥᠯᠥᠭᠡ ᠣᠷᠣᠯᠭ᠎ᠠ ᠶ᠋ᠢᠨ ᠢ᠋ᠶ᠋ᠡᠨ ᠨᠢᠭᠡᠨ ᠬᠡᠰᠡᠭ ᠢ᠋ ᠭᠠᠷᠭᠠᠵᠤ ᠵᠠᠷᠤᠴᠠᠭᠤᠯᠬᠤ ᠶ᠋ᠢ ᠬᠡᠯᠡᠨ᠎ᠡ᠃ ᠡᠭᠦᠨ ᠳ᠋ᠦ᠍ ᠵᠠᠪᠠᠯ ᠢᠷᠡᠭᠡᠳᠦᠢ ᠶ᠋ᠢᠨ ᠬᠥᠭᠵᠢᠯᠲᠡ ᠪᠡᠨ ᠵᠥᠪ ᠲᠥᠯᠥᠪᠯᠡᠵᠦ ᠲᠣᠳᠣᠷᠬᠠᠢᠯᠠᠭᠰᠠᠨ ᠤ᠋ ᠰᠠᠭᠤᠷᠢᠨ ᠳᠡᠭᠡᠷ᠎ᠡ ᠣᠷᠣᠯᠭ᠎ᠠ ᠶ᠋ᠢᠨ ᠢ᠋ᠶ᠋ᠡᠨ ᠬᠡᠳᠦᠢ ᠬᠡᠰᠡᠭ ᠢ᠋ ᠭᠠᠷᠭᠠᠬᠤ ᠶ᠋ᠢ ᠲᠣᠭᠲᠠᠬᠤ ᠨᠢ ᠵᠦᠢᠲᠡᠢ᠃ ᠬᠠᠷᠢᠨ ᠪᠣᠳᠠᠲᠠᠢ ᠪᠡᠯᠡ ᠣᠷᠣᠭᠤᠯᠤᠯᠲᠠ ᠳᠡᠭᠡᠷ᠎ᠡ ᠥᠪᠡᠷ ᠦ᠋ᠨ ᠬᠢᠭᠰᠡᠨ ᠵᠦᠢᠯ ᠢ᠋ᠶ᠋ᠡᠨ ᠤᠯᠠᠮ ᠴᠢᠨᠠᠭᠰᠢᠳᠠ ᠦᠷᠭᠦᠯᠵᠢᠯᠡᠭᠦᠯᠵᠦ ᠬᠥᠭᠵᠢᠭᠦᠯᠬᠦ ᠶ᠋ᠢᠨ ᠲᠤᠯᠠᠳᠠ ᠲᠠᠸᠠᠷ ᠪᠦᠲᠦᠭᠡᠭᠳᠡᠬᠦᠨ ᠢ᠋ᠶ᠋ᠡᠨ ᠰᠤᠳᠤᠯᠵᠤ ᠪᠦᠲᠦᠭᠡᠬᠦ ᠳᠡᠭᠡᠷ᠎ᠡ ᠢᠯᠡᠭᠦᠦ ᠬᠦᠴᠦ ᠪᠡᠨ ᠲᠠᠯᠪᠢᠵᠤ᠂ ᠤᠯᠠᠮ ᠢᠯᠡᠭᠦᠦ ᠴᠢᠨᠠᠷ ᠲᠠᠢ᠂ ᠬᠡᠷᠡᠭᠯᠡᠭᠴᠢ ᠶ᠋ᠢᠨ ᠬᠡᠷᠡᠭᠴᠡᠭᠡᠨ ᠳ᠋ᠦ᠍ ᠲᠣᠬᠢᠷᠠᠭᠰᠠᠨ ᠵᠦᠢᠯ ᠢ᠋ ᠬᠢᠵᠦ ᠠᠰᠢᠭ ᠣᠷᠣᠯᠭ᠎ᠠ ᠡᠭᠦᠳᠬᠦ ᠶ᠋ᠢ ᠪᠣᠳᠣᠬᠤ ᠬᠡᠷᠡᠭᠲᠡᠢ᠃ ᠡᠭᠦᠨ ᠦ᠌ ᠳᠠᠷᠠᠭ᠎ᠠ ᠪᠢᠳᠡ ᠬᠥᠭᠵᠢᠵᠦ ᠶᠡᠬᠡᠳᠦᠭᠰᠡᠨ ᠳᠠᠷᠠᠭ᠎ᠠ ᠲᠠᠸᠠᠷ ᠪᠦᠲᠦᠭᠡᠭᠳᠡᠬᠦᠨ ᠦ᠌ ᠦᠢᠯᠡᠳᠪᠦᠷᠢᠯᠡᠯ ᠶᠡᠬᠡᠳᠬᠦ ᠤᠴᠢᠷ ᠠ᠋ᠴᠠ ᠵᠠᠷ ᠰᠤᠷᠲᠠᠯᠴᠢᠯᠠᠭ᠎ᠠ ᠳᠡᠭᠡᠷ᠎ᠡ ᠪᠡᠨ ᠢᠯᠡᠭᠦᠦ ᠬᠦᠴᠦ ᠪᠡᠨ ᠲᠠᠯᠪᠢᠵᠤ᠂ ᠪᠣᠳᠠᠲᠠᠢ ᠬᠥᠷᠥᠩᠭᠡ ᠣᠷᠣᠭᠤᠯᠤᠨ᠂ ᠥᠪᠡᠷ ᠢ᠋ ᠪᠡᠨ ᠪᠣᠯᠤᠨ ᠥᠪᠡᠷ ᠦ᠋ᠨ ᠲᠠᠸᠠᠷ ᠪᠦᠲᠦᠭᠡᠭᠳᠡᠬᠦᠨ ᠢ᠋ᠶ᠋ᠡᠨ ᠪᠤᠰᠤᠳ ᠲᠤ᠌ ᠲᠠᠨᠢᠭᠤᠯᠬᠤ ᠵᠠᠮ ᠢ᠋ ᠡᠷᠢᠯᠬᠢᠯᠡᠨ᠎ᠡ᠃ ᠡᠭᠦᠨ ᠢ᠋ᠶ᠋ᠡᠷ ᠵᠣᠭᠰᠣᠬᠤ ᠦᠭᠡᠢ ᠬᠤᠪᠢ ᠬᠥᠮᠦᠨ ᠪᠣᠯᠤᠨ ᠺᠣᠮᠫᠠᠨᠢ ᠶ᠋ᠢᠨ ᠠᠵᠢᠯᠴᠢᠨ ᠤ᠋ ᠬᠥᠭᠵᠢᠯ ᠳ᠋ᠦ᠍ ᠴᠦ᠍ ᠠᠩᠬᠠᠠᠷᠴᠤ᠂ ᠰᠤᠷᠭᠠᠯᠲᠠ ᠪᠣᠯᠪᠠᠰᠤᠷᠠᠯ ᠳ᠋ᠤ᠌ ᠵᠣᠬᠢᠬᠤ ᠬᠥᠷᠥᠩᠭᠡ ᠣᠷᠣᠭᠤᠯᠤᠨ᠂ ᠲᠠᠨ ᠤ᠋ ᠠᠵᠢᠯ ᠦᠢᠯᠡᠰ ᠢ᠋ ᠠᠪᠴᠤ ᠶᠠᠪᠤᠵᠤ ᠪᠠᠢᠭ᠎ᠠ ᠬᠥᠮᠦᠰ ᠢ᠋ ᠪᠡᠨ ᠴᠠᠭ ᠦᠶ᠎ᠡ ᠲᠡᠢ ᠪᠠᠨ ᠵᠡᠷᠭᠡ ᠤᠷᠤᠭᠰᠢᠯᠠᠭᠤᠯᠬᠤ ᠱᠠᠭᠠᠷᠳᠠᠯᠭ᠎ᠠ ᠲᠠᠢ᠃ ᠢᠩᠭᠢᠪᠡᠯ ᠰᠠᠶᠢ ᠲᠠᠨ ᠤ᠋ ᠠᠵᠢᠯ ᠦᠢᠯᠡᠰ ᠢᠯᠡᠭᠦᠦ ᠰᠢᠨ᠎ᠡ ᠰᠣᠳᠣᠨ ᠵᠦᠢᠯ ᠢ᠋ ᠬᠢᠵᠦ᠂ ᠲᠡᠷᠢᠭᠦᠯᠡᠬᠦ ᠪᠠᠢᠷᠢ ᠰᠠᠭᠤᠷᠢ ᠪᠠᠨ ᠪᠠᠲᠤᠯᠠᠵᠤ ᠴᠢᠳᠠᠨ᠎ᠠ᠃ ᠬᠠᠮᠤᠭ ᠰᠡᠭᠦᠯ ᠳ᠋ᠦ᠍ ᠨᠢ ᠪᠢᠳᠡ ᠲᠣᠭᠲᠠᠮᠠᠯ ᠬᠥᠷᠥᠩᠭᠡ ᠪᠣᠯᠬᠤ ᠮᠠᠰᠢᠨ ᠲᠣᠨᠣᠭ ᠳᠡᠭᠡᠷ᠎ᠡ ᠪᠡᠨ ᠴᠦ᠍ ᠬᠥᠭᠵᠢᠯᠲᠡ ᠪᠡᠨ ᠳᠠᠭᠠᠵᠤ ᠪᠡᠯᠡ ᠣᠷᠣᠭᠤᠯᠤᠨ ᠰᠢᠨᠡᠳᠬᠡᠯ ᠬᠢᠪᠡᠯ ᠬᠡᠷᠡᠭᠯᠡᠭᠴᠢ ᠶ᠋ᠢᠨ ᠱᠠᠭᠠᠷᠳᠠᠯᠭ᠎ᠠ ᠳ᠋ᠤ᠌ ᠨᠡᠢᠴᠡᠭᠰᠡᠨ ᠰᠢᠨ᠎ᠡ ᠪᠦᠲᠦᠭᠡᠭᠳᠡᠬᠦᠨ ᠬᠢᠵᠦ ᠪᠣᠯᠬᠤ ᠪᠠᠷ ᠪᠠᠷᠠᠬᠤ ᠦᠭᠡᠢ᠂ ᠥᠪᠡᠷ ᠦ᠋ᠨ ᠥᠷᠲᠡᠭ ᠢ᠋ ᠪᠠᠭᠤᠷᠠᠭᠤᠯᠬᠤ ᠪᠣᠯᠤᠮᠵᠢ ᠲᠠᠢ ᠪᠣᠯᠤᠨ᠎ᠠ᠃
ᠪᠡᠯᠡ ᠣᠷᠣᠭᠤᠯᠬᠤ ᠭᠡᠳᠡᠭ ᠪᠣᠯ ᠠᠰᠢᠭ ᠣᠷᠣᠯᠭ᠎ᠠ ᠣᠯᠵᠤ ᠴᠢᠳᠠᠬᠤ ᠡᠰᠡᠬᠦ ᠶ᠋ᠢ ᠰᠢᠢᠳᠬᠦ ᠴᠢᠬᠤᠯᠠ ᠠᠯᠬᠤᠮ ᠪᠣᠯᠬᠤ ᠤᠴᠢᠷ ᠠ᠋ᠴᠠ ᠪᠢᠳᠡ ᠡᠷᠬᠡᠪᠰᠢ ᠥᠪᠡᠷ ᠦ᠋ᠨ ᠬᠠᠮᠤᠭ ᠴᠢᠳᠠᠳᠠᠭ᠂ ᠲᠡᠷᠢᠭᠦᠯᠡᠬᠦ ᠠᠵᠢᠯ ᠦᠢᠯᠡᠰ ᠪᠣᠯᠭᠠᠵᠤ ᠪᠣᠯᠬᠤ ᠵᠦᠢᠯ ᠢ᠋ᠶ᠋ᠡᠨ ᠰᠣᠩᠭᠣᠵᠤ᠂ ᠪᠣᠳᠠᠲᠠᠢ ᠬᠢᠬᠦ ᠶᠠᠪᠤᠴᠠ ᠳ᠋ᠤ᠌ ᠬᠥᠷᠥᠩᠭᠡ ᠶ᠋ᠢᠨ ᠢ᠋ᠶ᠋ᠡᠨ ᠬᠠᠷᠢᠴᠠᠯ ᠢ᠋ ᠵᠥᠪ ᠵᠣᠬᠢᠴᠠᠭᠤᠯᠤᠨ᠂ ᠳᠠᠬᠢᠨ ᠪᠡᠯᠡ ᠣᠷᠣᠭᠤᠯᠤᠯᠲᠠ ᠶ᠋ᠢ ᠠᠩᠬᠠᠷᠴᠤ ᠠᠵᠢᠯᠯᠠᠪᠠᠯ ᠠᠰᠢᠭ ᠣᠷᠣᠯᠭ᠎ᠠ ᠣᠯᠤᠭᠠᠳ ᠵᠣᠭᠰᠣᠬᠤ ᠦᠭᠡᠢ᠂ ᠠᠵᠢᠯ ᠦᠢᠯᠡᠰ ᠴᠦ᠍ ᠥᠨᠳᠥᠷ ᠠᠮᠵᠢᠯᠲᠠ ᠣᠯᠬᠤ ᠨᠢ ᠭᠠᠷᠴᠠᠭ᠎ᠠ ᠦᠭᠡᠢ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
