ᠯᠢᠭᠳᠡᠨ ᠬᠤᠲᠤᠭᠲᠤ ᠬᠠᠭᠠᠨ- ᠲᠣᠪᠴᠢ ᠨᠠᠮᠲᠠᠷLigden khutagt khaan-Tovch namtarЛигдэн хутагт хаан-Товч намтар
ᠯᠢᠭᠳᠡᠨ ᠬᠤᠲᠤᠭᠲᠤ ᠬᠠᠭᠠᠨ
ᠨᠠᠢᠷᠠᠭᠤᠯᠤᠭᠰᠠᠨ ᠨᠢ ᠄ ᠱ · ᠴᠸᠶᠢᠨ — ᠣᠢᠳᠤᠪ
ᠬᠢᠶᠠᠳ ᠪᠣᠷᠵᠢᠭᠢᠨ ᠣᠪᠣᠭᠲᠠᠨ ᠯᠢᠭᠳᠡᠨ ᠥᠨᠳᠥᠷ ᠡᠪᠦᠭᠡ ᠲᠦᠮᠡᠨ ᠵᠠᠰᠠᠭᠲᠤ ᠬᠠᠭᠠᠨ᠂ ᠥᠪᠡᠷ ᠦ᠋ᠨ ᠡᠪᠦᠭᠡ ᠨᠢ ᠪᠤᠶᠠᠨ ᠰᠡᠴᠡᠨ ᠬᠠᠭᠠᠨ᠂ ᠡᠴᠢᠭᠡ ᠨᠢ ᠪᠤᠶᠠᠨ ᠰᠡᠴᠡᠨ ᠬᠠᠭᠠᠨ ᠤ᠋ ᠠᠬᠠᠮᠠᠳ ᠬᠦᠦ ᠮᠠᠩᠬᠤᠰ ᠲᠠᠢᠵᠢ ᠶᠤᠮ᠃ ᠯᠢᠭᠳᠡᠨ1592 ᠣᠨ ᠳ᠋ᠤ᠌ ᠮᠠᠩᠬᠤᠰ ᠲᠠᠢᠵᠢ ᠶ᠋ᠢᠨ ᠤᠤᠭᠠᠨ ᠬᠦᠦ ᠪᠣᠯᠵᠤ ᠲᠥᠷᠥᠵᠡᠢ᠃
ᠮᠠᠩᠬᠤᠰ ᠲᠠᠢᠵᠢ ᠡᠴᠢᠭᠡ ᠪᠤᠶᠠᠨ ᠰᠡᠴᠡᠨ ᠬᠠᠭᠠᠨ ᠤ᠋ ᠠᠮᠢᠳᠤ ᠰᠡᠷᠡᠭᠦᠨ ᠪᠠᠢᠬᠤ ᠳ᠋ᠤ᠌ ᠨᠠᠰᠤ ᠪᠠᠷᠠᠭᠰᠠᠨ ᠲᠤᠯᠠ ᠡᠪᠦᠭᠡ ᠪᠤᠶᠠᠨ ᠰᠡᠴᠡᠨ ᠬᠠᠭᠠᠨ ᠨᠠᠰᠤ ᠪᠠᠷᠠᠭᠰᠠᠨ ᠤ᠋ ᠳᠠᠷᠠᠭ᠎ᠠ ᠠᠴᠢ ᠬᠦᠦ ᠯᠢᠭᠳᠡᠨ1604 ᠣᠨ ᠳ᠋ᠤ᠌ ᠶᠡᠬᠡ ᠬᠠᠭᠠᠨ ᠤ᠋ ᠣᠷᠣ ᠰᠠᠭᠤᠷᠢ ᠵᠠᠯᠭᠠᠵᠤ《ᠬᠤᠲᠤᠭᠲᠤ ᠬᠠᠭᠠᠨ》 ᠭᠡᠮᠡᠨ ᠠᠯᠳᠠᠷᠰᠢᠭᠰᠠᠨ ᠪᠠᠢᠨ᠎ᠠ᠃
ᠯᠢᠭᠳᠡᠨ ᠬᠠᠭᠠᠨ ᠤ᠋ ᠵᠣᠷᠢᠯᠭ᠎ᠠ᠄ ᠮᠠᠨᠵᠤ ᠶ᠋ᠢᠨ ᠲᠦᠷᠢᠮᠡᠬᠡᠢᠯᠡᠯ ᠢ᠋ ᠡᠰᠡᠷᠭᠦᠴᠡᠭᠰᠡᠨ ᠮᠣᠩᠭᠣᠯ ᠤ᠋ᠨ ᠣᠯᠠᠨ ᠠᠢᠮᠠᠭ ᠢ᠋ ᠨᠢᠭᠡᠳᠬᠡᠬᠦ ᠶᠠᠪᠤᠳᠠᠯ ᠪᠠᠢᠭᠰᠠᠨ ᠶᠤᠮ᠃
ᠯᠢᠭᠳᠡᠨ ᠬᠤᠲᠤᠭᠲᠤ ᠬᠠᠭᠠᠨ ᠲᠥᠪᠡᠳ ᠢ᠋ ᠲᠤᠰᠠᠯᠠᠬᠤ ᠪᠠᠷ ᠵᠣᠷᠢᠭᠰᠠᠨ ᠪᠣᠯᠪᠠᠴᠤ ᠴᠡᠴᠡᠭ ᠡᠪᠡᠳᠴᠢᠨ ᠳ᠋ᠦ᠍ ᠨᠡᠷᠪᠡᠭᠳᠡᠵᠦ1634 ᠣᠨ ᠳ᠋ᠤ᠌ ᠨᠠᠰᠤ ᠪᠠᠷᠠᠵᠠᠢ᠃
1604—1634 ᠣᠨ ᠬᠦᠷᠲᠡᠯ᠎ᠡ ᠭᠤᠴᠢᠨ ᠨᠢᠭᠡᠨ ᠵᠢᠯ ᠮᠣᠩᠭᠣᠯ ᠤᠯᠤᠰ ᠤ᠋ᠨ ᠶᠡᠬᠡ ᠬᠠᠭᠠᠨ ᠤ᠋ ᠣᠷᠣ ᠵᠠᠯᠭᠠᠮᠵᠢᠯᠠᠨ ᠰᠠᠭᠤᠭᠠᠳ46 ᠨᠠᠰᠤᠨ ᠳ᠋ᠤ᠌ ᠪᠠᠨ ᠨᠠᠰᠤ ᠪᠠᠷᠠᠵᠠᠢ᠃
ᠯᠢᠭᠳᠡᠨ ᠬᠤᠲᠤᠭᠲᠤ ᠬᠠᠭᠠᠨ ᠪᠣᠯ ᠮᠠᠨᠵᠤ ᠶ᠋ᠢᠨ ᠡᠰᠡᠷᠭᠦ ᠲᠤᠤᠱᠲᠠᠢ ᠲᠡᠮᠡᠴᠡᠭᠴᠢ ᠬᠥᠮᠦᠨ ᠦ᠌ ᠨᠢᠭᠡ ᠪᠥᠭᠡᠳ ᠮᠣᠩᠭᠣᠯ ᠤ᠋ᠨ ᠶᠡᠬᠡ ᠲᠥᠷᠥ ᠶ᠋ᠢᠨ ᠬᠠᠮᠤᠭ ᠤ᠋ᠨ ᠰᠡᠭᠦᠯᠴᠢ ᠶ᠋ᠢᠨ ᠬᠠᠭᠠᠨ ᠶᠤᠮ᠃
ᠢᠷᠡᠯᠲᠡ᠄《ᠮᠣᠩᠭᠣᠯ ᠤ᠋ᠨ ᠭᠤᠴᠢᠨ ᠵᠢᠷᠭᠤᠭᠠᠨ ᠬᠠᠭᠠᠳ ᠤ᠋ᠨ ᠲᠣᠪᠴᠢ ᠨᠠᠮᠲᠠᠷ》 ᠨᠣᠮ ᠠ᠋ᠴᠠ ᠲᠡᠭᠦᠨ ᠰᠡᠢᠷᠡᠭᠦᠯᠪᠡ᠃
ᠦᠰᠦᠭ ᠠᠮᠢᠯᠠᠭᠤᠯᠤᠭᠰᠠᠨ ᠨᠢ᠄ ᠴᠢ᠊ · ᠤᠷᠠᠨᠴᠡᠴᠡᠭ
