ᠪᠤᠶᠠᠨ ᠰᠡᠴᠡᠨ ᠬᠠᠭᠠᠨBuyan setsen khaanБуян сэцэн хаан
ᠨᠠᠢᠷᠠᠭᠤᠯᠤᠭᠰᠠᠨ ᠨᠢ ᠄ ᠱ · ᠴᠸᠶᠢᠨ — ᠣᠢᠳᠤᠪ
ᠬᠢᠶᠠᠳ ᠪᠣᠷᠵᠢᠭᠢᠨ ᠣᠪᠣᠭᠲᠤ ᠪᠤᠶᠠᠨ ᠤ᠋ ᠥᠨᠳᠥᠷ ᠡᠪᠦᠭᠡ ᠨᠢ ᠪᠣᠳᠢ ᠠᠯᠠᠭ ᠬᠠᠭᠠᠨ᠂ ᠥᠪᠡᠷ ᠦ᠋ᠨ ᠡᠪᠦᠭᠡ ᠨᠢ ᠳᠡᠷᠡᠰᠦᠨ ᠬᠦᠳᠡᠩ ᠬᠠᠭᠠᠨ᠂ ᠡᠴᠢᠭᠡ ᠨᠢ ᠲᠦᠮᠡᠨ ᠵᠠᠰᠠᠭᠲᠤ ᠬᠠᠭᠠᠨ ᠶᠤᠮ᠃ ᠲᠡᠷᠡ ᠪᠡᠷ1555 ᠣᠨ ᠳ᠋ᠤ᠌ ᠲᠦᠮᠡᠨ ᠵᠠᠰᠠᠭᠲᠤ ᠬᠠᠭᠠᠨ ᠤ᠋ ᠥᠷᠥᠭᠡᠨ ᠳ᠋ᠦ᠍ ᠲᠥᠷᠥᠵᠡᠢ᠃
ᠡᠴᠢᠭᠡ ᠲᠦᠮᠡᠨ ᠵᠠᠰᠠᠭᠲᠤ ᠬᠠᠭᠠᠨ ᠢ᠋ ᠨᠠᠰᠤ ᠪᠠᠷᠠᠭᠰᠠᠨ ᠤ᠋ ᠳᠠᠷᠠᠭ᠎ᠠ1593 ᠣᠨ ᠳ᠋ᠤ᠌ ᠪᠤᠶᠠᠨ38 ᠨᠠᠰᠤᠲᠠᠢ ᠪᠠᠢᠬᠤ ᠳ᠋ᠤ᠌ ᠪᠠᠨ ᠡᠴᠢᠭᠡ ᠶ᠋ᠢᠨ ᠢ᠋ᠶ᠋ᠡᠨ ᠬᠠᠭᠠᠨ ᠰᠠᠭᠤᠷᠢ ᠶ᠋ᠢ ᠵᠠᠯᠭᠠᠮᠵᠢᠯᠠᠨ ᠰᠠᠭᠤᠭᠰᠠᠨ ᠮᠣᠩᠭᠣᠯ ᠤ᠋ᠨ35 ᠳ᠋ᠠᠬᠢ ᠬᠠᠭᠠᠨ ᠪᠢᠯᠡ᠃ ᠲᠡᠦᠬᠡᠨ ᠳ᠋ᠦ᠍《ᠪᠤᠶᠠᠨ ᠰᠡᠴᠡᠨ ᠬᠠᠭᠠᠨ》 ᠭᠡᠮᠡᠨ ᠠᠯᠳᠠᠷᠰᠢᠭᠰᠠᠨ ᠪᠠᠢᠨ᠎ᠠ᠃
ᠪᠤᠶᠠᠨ ᠰᠡᠴᠡᠨ ᠬᠠᠭᠠᠨ ᠡᠪ ᠨᠢᠭᠡᠳᠦᠯ ᠢ᠋ᠶ᠋ᠡᠨ ᠪᠡᠬᠢᠵᠢᠭᠦᠯᠬᠦ᠂ ᠤᠯᠤᠰ ᠲᠥᠷᠥ᠂ ᠠᠵᠤ ᠠᠬᠤᠢ ᠳ᠋ᠤ᠌ ᠪᠠᠨ ᠥᠭᠡᠷᠡᠴᠢᠯᠡᠯᠲᠡ ᠬᠢᠬᠦ ᠲᠠᠯ᠎ᠠ ᠪᠠᠷ ᠣᠯᠠᠨ ᠣᠨᠣᠪᠴᠢᠲᠠᠢ ᠰᠠᠨᠠᠭᠠᠭᠤᠯᠤᠯᠭᠠ ᠭᠠᠷᠭᠠᠭᠰᠠᠨ ᠪᠣᠯᠪᠠᠴᠤ ᠶᠡᠬᠡ ᠭᠣᠪᠢ ᠶ᠋ᠢᠨ ᠡᠮᠦᠨᠡᠬᠢ ᠮᠣᠩᠭᠣᠯᠴᠤᠳ ᠢ᠋ᠶ᠋ᠠᠨ ᠳᠠᠭᠠᠭᠠᠭᠤᠯᠵᠤ ᠴᠢᠳᠠᠭ᠎ᠠ ᠦᠭᠡᠢ ᠨᠢ ᠴᠣᠬᠣᠮ ᠳ᠋ᠤ᠌ ᠪᠠᠨ ᠬᠤᠪᠢ ᠪᠠᠨ ᠪᠣᠳᠣᠵᠤ᠂ ᠳᠣᠪᠣ ᠪᠠᠨ ᠰᠢᠷᠠᠯᠠᠭᠤᠯᠵᠤ᠂ ᠪᠤᠯᠤᠩ ᠪᠤᠯᠤᠩ ᠢ᠋ᠶ᠋ᠠᠨ ᠥᠪᠡᠷ ᠢ᠋ᠶ᠋ᠡᠨ ᠵᠠᠬᠢᠷᠬᠤ ᠭᠡᠰᠡᠨ ᠡᠪ ᠨᠢᠭᠡᠳᠦᠯ ᠦᠭᠡᠢ ᠠᠨᠠᠢ ᠪᠠᠢᠳᠠᠯ ᠠ᠋ᠴᠠ ᠪᠣᠯᠤᠭᠰᠠᠨ ᠶᠤᠮ᠃
ᠡᠢᠮᠦ ᠤᠴᠢᠷ ᠠ᠋ᠴᠠ ᠪᠤᠶᠠᠨ ᠰᠡᠴᠡᠨ ᠬᠠᠭᠠᠨ ᠪᠣᠯ ᠬᠠᠭᠠᠨᠲᠤ ᠮᠣᠩᠭᠣᠯ ᠤ᠋ᠨ ᠶᠡᠬᠡ ᠬᠠᠭᠠᠨ ᠤ᠋ ᠨᠡᠷ᠎ᠡ ᠶ᠋ᠢ ᠵᠡᠭᠦᠭᠰᠡᠨ ᠬᠦᠴᠦ ᠰᠤᠯᠠ ᠲᠠᠢ ᠨᠢᠭᠡᠨ ᠪᠠᠢᠪᠠ᠃
ᠪᠤᠶᠠᠨ ᠰᠡᠴᠡᠨ ᠬᠠᠭᠠᠨ1593—1603 ᠣᠨ ᠢ᠋ ᠬᠦᠷᠲᠡᠯ᠎ᠡ11 ᠵᠢᠯ ᠬᠠᠭᠠᠨ ᠰᠠᠭᠤᠷᠢᠨ ᠳ᠋ᠤ᠌ ᠰᠠᠭᠤᠭᠠᠳ49 ᠨᠠᠰᠤᠲᠠᠢ ᠳ᠋ᠤ᠌ ᠪᠠᠨ1605 ᠣᠨ ᠤ᠋ ᠬᠠᠷᠠᠭᠴᠢᠨ ᠲᠠᠤᠯᠠᠢ ᠵᠢᠯ ᠨᠠᠰᠤ ᠪᠠᠷᠠᠵᠠᠢ᠃
ᠢᠷᠡᠯᠲᠡ᠄《ᠮᠣᠩᠭᠣᠯ ᠤ᠋ᠨ ᠭᠤᠴᠢᠨ ᠵᠢᠷᠭᠤᠭᠠᠨ ᠬᠠᠭᠠᠳ ᠤ᠋ᠨ ᠲᠣᠪᠴᠢ ᠨᠠᠮᠲᠠᠷ》 ᠨᠣᠮ ᠠ᠋ᠴᠠ ᠰᠣᠩᠭᠣᠪᠠ᠃
ᠦᠰᠦᠭ ᠠᠮᠢᠯᠠᠭᠤᠯᠤᠭᠰᠠᠨ ᠨᠢ᠄ ᠴᠢ᠊ · ᠤᠷᠠᠨᠴᠡᠴᠡᠭ
