ᠵᠣᠬᠢᠶᠠᠨ ᠪᠠᠢᠭᠤᠯᠤᠯᠲᠠ ᠶ᠋ᠢᠨ ᠮᠡᠳᠡᠯᠭᠡ01Zokhion baiguulaltyn medlegЗохион байгуулалтын мэдлэг-ᠬᠣᠨᠢᠴᠢᠨ ᠦᠯᠵᠡᠢᠰᠦ᠋ᠷᠥᠩ ᠠᠵᠤ ᠠᠬᠤᠢ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠵᠣᠬᠢᠶᠠᠨ ᠪᠠᠢᠭᠤᠯᠤᠯᠲᠠ ᠶ᠋ᠢᠨ ᠮᠡᠳᠡᠯᠭᠡ01Zokhion baiguulaltyn medlegЗохион байгуулалтын мэдлэг-ᠬᠣᠨᠢᠴᠢᠨ ᠦᠯᠵᠡᠢᠰᠦ᠋ᠷᠥᠩ

ᠵᠣᠬᠢᠶᠠᠨ ᠪᠠᠢᠭᠤᠯᠤᠯᠲᠠ ᠶ᠋ᠢᠨ ᠮᠡᠳᠡᠯᠭᠡ01Zokhion baiguulaltyn medlegЗохион байгуулалтын мэдлэг-ᠬᠣᠨᠢᠴᠢᠨ ᠦᠯᠵᠡᠢᠰᠦ᠋ᠷᠥᠩ

ᠠᠩᠭᠢᠯᠠᠯ:ᠠᠵᠤ ᠠᠬᠤᠢ
2025-09-07

186

ᠵᠣᠬᠢᠶᠠᠨ ᠪᠠᠢᠭᠤᠯᠤᠯᠲᠠ ᠶ᠋ᠢᠨ ᠮᠡᠳᠡᠯᠭᠡ ᠨᠢᠭᠡ

   ᠳ᠋ᠣᠺᠲ᠋ᠣᠷ ᠬᠣᠨᠢᠴᠢᠨ ᠦᠯᠵᠡᠢᠰᠦ᠋ᠷᠥᠩ 
ᠵᠣᠬᠢᠶᠠᠨ ᠪᠠᠢᠭᠤᠯᠤᠯᠲᠠ ᠭᠡᠬᠦ ᠪᠡᠷ ᠪᠢᠳᠡ ᠵᠣᠬᠢᠶᠠᠨ ᠪᠠᠢᠭᠤᠯᠤᠭᠴᠢ ᠶ᠋ᠢᠨ ᠯᠡ ᠠᠵᠢᠯ ᠮᠡᠲᠦ ᠪᠡᠷ ᠣᠢᠯᠭᠠᠳᠠᠭ᠃ ᠦᠨᠡᠨ  ᠳ᠋ᠡᠭᠡᠨ ᠵᠣᠬᠢᠶᠠᠨ ᠪᠠᠢᠭᠤᠯᠤᠯᠲᠠ ᠭᠡᠳᠡᠭ ᠪᠣᠯ ᠵᠣᠬᠢᠶᠠᠨ ᠪᠠᠢᠭᠤᠯᠤᠯᠲᠠ  ᠳ᠋ᠤ᠌ ᠪᠠᠢᠭ᠎ᠠ ᠬᠥᠮᠦᠨ ᠨᠢᠭᠡ ᠪᠦᠷᠢ ᠶ᠋ᠢᠨ ᠣᠷᠣᠯᠴᠠᠭ᠎ᠠ ᠲᠠᠢ ᠦᠢᠯᠡ ᠠᠵᠢᠯᠯᠠᠭ᠎ᠠ ᠶ᠋ᠢᠨ ᠪᠦᠯᠬᠦᠮ ᠪᠣᠯᠤᠨ᠎ᠠ᠃ ᠡᠨᠡ ᠨᠢ ᠨᠢᠭᠡ ᠵᠣᠬᠢᠶᠠᠨ ᠪᠠᠢᠭᠤᠯᠤᠯᠲᠠ ᠪᠣᠯᠤᠭᠰᠠᠨ ᠤ᠋ ᠬᠤᠪᠢ ᠳ᠋ᠤ᠌ ᠵᠦᠭᠡᠷ ᠨᠢᠭᠡ ᠪᠠᠭ ᠪᠦᠯᠬᠦᠮ ᠪᠢᠰᠢ᠂ ᠬᠠᠷᠢᠨ ᠨᠠᠷᠢᠨ ᠨᠢᠭᠲᠠ ᠵᠣᠬᠢᠶᠠᠨ ᠪᠠᠢᠭᠤᠯᠤᠯᠲᠠ ᠲᠠᠢ᠂ ᠠᠵᠢᠯ ᠤ᠋ᠨ ᠳᠦᠷᠢᠮ ᠭᠣᠷᠢᠮ ᠲᠠᠢ ᠪᠠᠢᠬᠤ ᠶ᠋ᠢ ᠱᠠᠭᠠᠷᠳᠠᠳᠠᠭ ᠪᠢᠯᠡ᠃ ᠲᠡᠷᠡ ᠳᠣᠳᠣᠮ ᠢ᠋ᠶ᠋ᠡᠡ ᠣᠳᠣ ᠦᠶ᠎ᠡ ᠶ᠋ᠢᠨ ᠵᠠᠬ᠎ᠠ ᠵᠡᠭᠡᠯᠢ ᠶ᠋ᠢᠨ ᠴᠠᠭ ᠦᠶ᠎ᠡ ᠳ᠋ᠦ᠍ ᠪᠦᠬᠦ ᠵᠦᠢᠯ ᠠᠵᠢᠯ ᠤ᠋ᠨ ᠬᠡᠪ ᠵᠢᠷᠤᠮ᠂ ᠳᠦᠷᠢᠮ ᠢ᠋ᠶ᠋ᠡᠷ ᠶᠠᠪᠤᠬᠤ ᠶ᠋ᠢ ᠴᠢᠬᠤᠯᠴᠢᠯᠡᠳᠠᠭ᠃ ᠡᠨᠡ ᠨᠢ ᠪᠢᠳᠡᠨ ᠢ᠋ ᠵᠣᠬᠢᠶᠠᠨ ᠪᠠᠢᠭᠤᠯᠤᠯᠲᠠ ᠶ᠋ᠢᠨ ᠮᠡᠳᠡᠯᠭᠡ ᠲᠡᠢ ᠪᠠᠢᠬᠤ᠂ ᠥᠪᠡᠷ ᠦ᠋ᠨ ᠦᠢᠯᠡ ᠶ᠋ᠢᠨ ᠠᠵᠢᠯᠯᠠᠭ᠎ᠠ ᠪᠠᠨ ᠵᠣᠬᠢᠶᠠᠨ ᠪᠠᠢᠭᠤᠯᠤᠯᠲᠠ ᠲᠠᠢ ᠪᠠᠢᠯᠭᠠᠬᠤ ᠶ᠋ᠢ ᠤᠯᠠᠮ ᠱᠠᠭᠠᠷᠳᠠᠬᠤ ᠪᠣᠯᠵᠠᠢ᠃ 
ᠨᠢᠭᠡ ᠰᠠᠢᠨ ᠵᠣᠬᠢᠶᠠᠨ ᠪᠠᠢᠭᠤᠯᠤᠯᠲᠠ ᠳ᠋ᠤ᠌ ᠪᠠᠢᠬᠤ ᠪᠤᠶᠤ ᠨᠢᠭᠡ ᠰᠠᠢᠨ ᠵᠣᠬᠢᠶᠠᠨ ᠪᠠᠢᠭᠤᠯᠤᠭᠴᠢ ᠪᠠᠢᠬᠤ ᠨᠢ ᠲᠠᠨ ᠤ᠋ ᠠᠵᠢᠯ ᠦᠢᠯᠡᠰ ᠥᠰᠴᠦ ᠥᠨᠳᠡᠢᠬᠦ ᠶ᠋ᠢᠨ ᠴᠢᠬᠤᠯᠠ ᠰᠠᠭᠤᠷᠢ ᠨᠥᠬᠥᠴᠡᠯ ᠪᠣᠯᠳᠠᠭ᠃ ᠲᠡᠢᠮᠦ ᠡᠴᠡ ᠨᠢᠭᠡ ᠰᠠᠢᠨ ᠵᠣᠬᠢᠶᠠᠨ ᠪᠠᠢᠭᠤᠯᠤᠯᠲᠠ ᠪᠠᠢᠬᠤ ᠡᠰᠡᠬᠦ ᠶ᠋ᠢᠨ ᠵᠠᠩᠭᠢᠯᠠᠭ᠎ᠠ ᠨᠢ ᠥᠪᠡᠷ ᠦ᠋ᠨ ᠵᠣᠬᠢᠶᠠᠨ ᠪᠠᠢᠭᠤᠯᠤᠯᠲᠠ ᠶ᠋ᠢᠨ ᠬᠠᠷᠠᠯᠲᠠ᠂ ᠠᠷᠭ᠎ᠠ ᠪᠣᠳᠣᠯᠭ᠎ᠠ ᠦᠢᠯᠡ ᠠᠵᠢᠯᠯᠠᠭ᠎ᠠ ᠲᠠᠢ ᠪᠠᠢᠬᠤ ᠠ᠋ᠴᠠ ᠰᠢᠯᠲᠠᠭᠠᠯᠠᠨ᠎ᠠ᠃ ᠲᠠᠨ ᠤ᠋ ᠵᠣᠬᠢᠶᠠᠨ ᠪᠠᠢᠭᠤᠯᠤᠯᠲᠠ ᠳ᠋ᠤ᠌ ᠥᠪᠡᠷ ᠦ᠋ᠨ ᠭᠡᠰᠡᠨ ᠬᠠᠷᠠᠯᠲᠠ ᠲᠠᠢ ᠪᠠᠢᠵᠤ᠂ ᠲᠡᠭᠦᠨ ᠳ᠋ᠦ᠍ ᠵᠣᠷᠢᠭᠤᠯᠤᠭᠳᠠᠭᠰᠠᠨ ᠠᠷᠭ᠎ᠠ ᠪᠣᠳᠣᠯᠭ᠎ᠠ ᠶᠠᠪᠤᠭᠤᠯᠵᠤ ᠢᠯᠡᠭᠦᠦ ᠦᠷ᠎ᠡ ᠪᠦᠲᠦᠮᠵᠢ ᠲᠡᠢ ᠪᠡᠷ ᠲᠠᠨ ᠤ᠋ ᠦᠢᠯᠡ ᠠᠵᠢᠯᠯᠠᠭ᠎ᠠ ᠶᠠᠪᠤᠭᠤᠯᠬᠤ ᠨᠥᠬᠥᠴᠡᠯ ᠪᠦᠷᠢᠯᠳᠦᠳᠡᠭ᠃ ᠲᠡᠢᠮᠦ ᠡᠴᠡ ᠲᠠ ᠥᠪᠡᠷ ᠦ᠋ᠨ ᠠᠵᠢᠯ ᠦᠢᠯᠡᠰ᠂ ᠵᠣᠬᠢᠶᠠᠨ ᠪᠠᠢᠭᠤᠯᠤᠯᠲᠠ ᠪᠠᠨ ᠵᠥᠪ ᠵᠣᠬᠢᠰᠲᠠᠢ ᠠᠪᠴᠤ ᠶᠠᠪᠤᠶ᠎ᠠ ᠭᠡᠪᠡᠯ ᠡᠬᠢᠯᠡᠭᠡᠳ ᠵᠠᠪᠠᠯ ᠥᠪᠡᠷ ᠦ᠋ᠨ ᠭᠡᠰᠡᠨ ᠬᠠᠷᠠᠯᠲᠠ᠂ ᠠᠷᠭ᠎ᠠ ᠪᠣᠳᠣᠯᠭ᠎ᠠ᠂ ᠦᠢᠯᠡ ᠠᠵᠢᠯᠯᠠᠭ᠎ᠠ ᠪᠠᠨ ᠲᠣᠳᠣᠷᠬᠠᠢ ᠪᠣᠯᠭᠠᠬᠤ ᠬᠡᠷᠡᠭᠲᠡᠢ᠃ ᠡᠭᠦᠨ ᠢ᠋ᠶ᠋ᠡᠷ ᠴᠦ᠍ ᠵᠣᠭᠰᠣᠬᠤ ᠦᠭᠡᠢ ᠪᠢᠳᠡ ᠨᠢᠭᠡ ᠬᠢᠷᠢ ᠳᠠᠩᠴᠠᠡᠭᠰᠠᠨ ᠵᠣᠬᠢᠶᠠᠨ ᠪᠠᠢᠭᠤᠯᠤᠭᠴᠢ ᠪᠠᠢᠵᠤ᠂ ᠨᠢᠭᠡ ᠰᠠᠢᠨ ᠵᠣᠬᠢᠶᠠᠨ ᠪᠠᠢᠭᠤᠯᠤᠯᠲᠠ ᠲᠠᠢ ᠪᠣᠯᠬᠤ ᠳ᠋ᠤ᠌ ᠪᠣᠳᠠᠲᠠᠢ ᠡᠵᠡᠩᠨᠡᠯᠲᠡ ᠳ᠋ᠦ᠍ ᠶᠠᠮᠠᠷ ᠶᠠᠮᠠᠷ ᠦᠨᠳᠦᠰᠦᠨ ᠨᠥᠬᠥᠴᠡᠯ ᠱᠠᠭᠠᠷᠳᠠᠭᠳᠠᠬᠤ ᠲᠠᠯ᠎ᠠ ᠪᠠᠷ ᠮᠡᠳᠡᠬᠦ ᠬᠡᠷᠡᠭᠲᠡᠢ᠃ 
 ᠲᠠᠨ ᠤ᠋ ᠵᠣᠬᠢᠶᠠᠨ ᠪᠠᠢᠭᠤᠯᠤᠯᠲᠠ ᠪᠣᠯᠬᠤ ᠪᠠᠭ ᠪᠦᠯᠬᠦᠮ᠂ ᠺᠣᠮᠫᠠᠨᠢ ᠲᠠᠢ ᠶᠠᠮᠠᠷ ᠨᠢᠭᠡᠨ ᠬᠠᠷᠢᠴᠠᠭ᠎ᠠ ᠲᠠᠢ ᠬᠥᠮᠦᠨ ᠪᠦᠬᠦᠨ ᠦ᠌ ᠲᠠᠨ ᠤ᠋ ᠵᠣᠬᠢᠶᠠᠨ ᠪᠠᠢᠭᠤᠯᠤᠯᠲᠠ ᠶ᠋ᠢᠨ ᠬᠤᠷᠰᠢᠭᠴᠢ ᠮᠥᠨ ᠭᠡᠳᠡᠭ ᠢ᠋ ᠮᠡᠳᠡᠬᠦ ᠬᠡᠷᠡᠭᠲᠡᠢ᠃ ᠵᠣᠬᠢᠶᠠᠨ ᠪᠠᠢᠭᠤᠯᠤᠯᠲᠠ ᠨᠢ ᠳᠣᠲᠣᠭᠠᠳᠤ ᠨᠢᠭᠡᠨ ᠬᠣᠷᠰᠢᠵᠤ ᠬᠠᠮᠲᠤᠷᠠᠬᠤ ᠶᠠᠪᠤᠴᠠ ᠪᠣᠯᠬᠤ ᠪᠠᠷ ᠪᠠᠷᠠᠬᠤ ᠦᠭᠡᠢ᠂ ᠭᠠᠳᠠᠭᠠᠳᠤ ᠳ᠋ᠠᠭᠠᠨ ᠴᠤ᠌ ᠨᠢᠭᠡᠨ ᠪᠤᠰᠤᠳ ᠲᠠᠢ ᠬᠣᠷᠰᠢᠬᠤ᠂ ᠬᠠᠮᠲᠤ ᠪᠠᠷ ᠬᠥᠭᠵᠢᠬᠦ ᠠᠯᠬᠤᠮ ᠮᠥᠨ᠃ ᠡᠢᠮᠦ ᠡᠴᠡ ᠪᠢᠳᠡ ᠮᠠᠨ ᠤ᠋ ᠵᠣᠬᠢᠶᠠᠨ ᠪᠠᠢᠭᠤᠯᠤᠯᠲᠠ ᠲᠠᠢ ᠶᠠᠮᠠᠷ ᠨᠢᠭᠡᠨ  ᠦᠢᠯᠡ ᠠᠵᠢᠯᠯᠠᠭ᠎ᠠ ᠶ᠋ᠢᠨ ᠬᠣᠯᠪᠣᠭ᠎ᠠ ᠲᠠᠢ ᠬᠡᠨ ᠪᠦᠬᠦᠨ ᠲᠡᠢ ᠬᠤᠷᠰᠢᠵᠤ ᠬᠠᠮᠲᠤ ᠪᠠᠷ ᠬᠥᠭᠵᠢᠬᠦ ᠵᠣᠷᠢᠯᠲᠠ ᠲᠠᠢ ᠪᠠᠢᠪᠠᠯ ᠬᠥᠭᠵᠢᠯᠲᠡ ᠤᠯᠠᠮ ᠳᠠᠷᠳᠠᠩ ᠪᠣᠯᠵᠤ ᠴᠢᠳᠠᠨ᠎ᠠ᠃ 
ᠶᠠᠮᠠᠷᠪᠠ ᠨᠢᠭᠡᠨ ᠬᠤᠪᠢ ᠬᠥᠮᠦᠨ ᠴᠦ᠍ ᠥᠪᠡᠷ ᠦ᠋ᠨ ᠳᠤᠲᠠᠭᠳᠠᠯ ᠲᠠᠢ ᠪᠠᠢᠳᠠᠭ ᠢ᠋ᠶ᠋ᠠᠷ ᠪᠠᠷᠠᠬᠤ ᠦᠭᠡᠢ᠂ ᠠᠵᠢᠯ ᠢ᠋ ᠬᠣᠢᠰᠢ ᠲᠠᠯᠪᠢᠬᠤ᠂ ᠠᠮᠠᠷ ᠬᠢᠯᠪᠠᠷ ᠢ᠋ ᠪᠣᠳᠣᠬᠤ ᠣᠯᠠᠨ ᠣᠯᠠᠨ ᠳᠤᠲᠠᠭᠳᠠᠯ ᠲᠠᠢ ᠲᠠᠯ᠎ᠠ ᠪᠠᠢᠳᠠᠭ᠃ ᠭᠡᠪᠡᠴᠦ ᠨᠢᠭᠡ ᠵᠣᠬᠢᠶᠠᠨ ᠪᠠᠢᠭᠤᠯᠤᠯᠲᠠ ᠳ᠋ᠤ᠌ ᠬᠡᠷᠬᠢᠨ ᠡᠨᠡ ᠪᠦᠬᠦᠨ ᠢ᠋ ᠲᠡᠪᠴᠢᠭᠦᠯᠵᠦ᠂ ᠬᠥᠮᠦᠨ ᠪᠦᠬᠦᠨ ᠢ᠋ ᠠᠵᠢᠯ ᠤ᠋ᠨ ᠢᠳᠡᠪᠬᠢ ᠴᠢᠨᠠᠷ ᠢ᠋ ᠳᠡᠭᠡᠭᠰᠢᠯᠡᠭᠦᠯᠬᠦ ᠳ᠋ᠦ᠍ ᠪᠢᠳᠡ ᠬᠥᠮᠦᠨ ᠢ᠋ ᠬᠥᠮᠦᠵᠢᠭᠦᠯᠵᠦ᠂ ᠬᠠᠮᠲᠤ ᠪᠠᠷ ᠬᠥᠭᠵᠢᠬᠦ ᠵᠣᠷᠢᠯᠭ᠎ᠠ ᠲᠠᠢ ᠪᠠᠷ ᠪᠠᠢᠩᠭᠤ ᠬᠠᠷᠢᠯᠴᠠᠨ ᠰᠤᠷᠤᠯᠴᠠᠵᠤ᠂ ᠴᠣᠭ ᠢ᠋ᠶ᠋ᠠᠷ ᠳᠠᠪᠰᠢᠬᠤ ᠵᠣᠷᠢᠭ ᠰᠠᠨᠠᠭ᠎ᠠ ᠪᠠᠷ ᠠᠵᠢᠯᠯᠠᠵᠤ ᠰᠤᠷᠤᠯᠴᠠᠨ᠂ ᠪᠣᠳᠠᠲᠠᠢ ᠠᠵᠢᠯ ᠤ᠋ᠨ ᠳᠤᠮᠳᠠ ᠪᠠᠨ ᠨᠢᠭᠡᠨ ᠦ᠌ ᠪᠡᠨ ᠠᠯᠳᠠᠭ᠎ᠠ ᠳᠤᠲᠠᠭᠳᠠᠯ ᠢ᠋ ᠦᠷᠭᠦᠯᠵᠢ ᠬᠡᠯᠡᠵᠦ ᠵᠠᠯᠠᠷᠠᠭᠤᠯᠵᠤ ᠥᠭᠴᠦ ᠪᠠᠢᠬᠤ ᠬᠡᠷᠡᠭᠲᠡᠢ᠃ ᠢᠩᠭᠢᠪᠡᠯ ᠰᠠᠶᠢ ᠮᠠᠨ ᠤ᠋ ᠵᠣᠬᠢᠶᠠᠨ ᠪᠠᠢᠭᠤᠯᠤᠯᠲᠠ ᠶ᠋ᠢᠨ ᠠᠵᠢᠯ ᠡᠳᠦᠷ ᠡᠴᠡ ᠡᠳᠦᠷ ᠢᠳᠡᠪᠬᠢᠵᠢᠵᠦ᠂ ᠮᠡᠳᠡᠯᠭᠡ ᠮᠡᠷᠭᠡᠵᠢᠯ ᠲᠡᠢ ᠨᠢᠭᠡᠨ ᠪᠠᠭ ᠪᠦᠯᠬᠦᠮ ᠪᠣᠯᠵᠤ ᠴᠢᠳᠠᠨ᠎ᠠ᠃ 
ᠵᠣᠬᠢᠶᠠᠨ ᠪᠠᠢᠭᠤᠯᠤᠯᠲᠠ ᠪᠣᠯᠭᠠᠨ ᠳ᠋ᠤ᠌ ᠵᠣᠬᠢᠶᠠᠨ ᠪᠠᠢᠭᠤᠯᠤᠭᠴᠢ᠂  ᠳᠠᠭᠠᠭᠤᠯᠤᠭᠴᠢ ᠶ᠋ᠢᠨ ᠡᠭᠦᠷᠭᠡ ᠮᠠᠰᠢ ᠬᠦᠨᠳᠦ ᠪᠠᠢᠳᠠᠭ᠃ ᠵᠣᠬᠢᠶᠠᠨ ᠪᠠᠢᠭᠤᠯᠤᠭᠴᠢ ᠨᠢ ᠵᠣᠬᠢᠶᠠᠨ ᠪᠠᠢᠭᠤᠯᠤᠯᠲᠠ ᠳ᠋ᠠᠭᠠᠨ ᠨᠢᠭᠡᠨ ᠠᠵᠢᠯ ᠬᠥᠳᠡᠯᠮᠦᠷᠢ ᠂ ᠦᠵᠡᠯ ᠰᠠᠨᠠᠭ᠎ᠠ ᠪᠦᠬᠦ ᠲᠠᠯ᠎ᠠ ᠪᠠᠷ ᠳᠠᠭᠠᠭᠤᠯᠤᠭᠴᠢ ᠶ᠋ᠢᠨ ᠡᠭᠦᠷᠭᠡ ᠶ᠋ᠢ ᠭᠦᠢᠴᠡᠳᠬᠡᠵᠦ᠂ ᠬᠥᠮᠦᠰ ᠢ᠋ᠶ᠋ᠡᠨ᠂ ᠵᠣᠬᠢᠶᠠᠨ ᠪᠠᠢᠭᠤᠯᠤᠯᠲᠠ ᠪᠠᠨ ᠵᠥᠪ ᠴᠢᠭᠯᠡᠯ ᠳ᠋ᠦ᠍ ᠤᠳᠤᠷᠢᠳᠴᠤ ᠪᠠᠢᠳᠠᠭ᠃ ᠬᠥᠮᠦᠰ ᠴᠦ᠍ ᠶᠠᠭᠤᠮ᠎ᠠ ᠶ᠋ᠢ ᠵᠢᠭᠠᠯᠭᠠᠵᠤ ᠰᠤᠷᠬᠤ ᠠ᠋ᠴᠠ ᠪᠠᠨ ᠢᠯᠡᠭᠦᠦ ᠳᠠᠭᠠᠵᠤ ᠰᠤᠷᠬᠤ ᠰᠢᠨᠵᠢ ᠲᠡᠢ ᠪᠠᠢᠳᠠᠭ ᠡᠴᠡ᠂ ᠵᠣᠬᠢᠶᠠᠨ ᠪᠠᠢᠭᠤᠯᠤᠭᠴᠢ ᠶ᠋ᠢᠨ ᠳᠠᠭᠠᠭᠠᠭᠤᠯᠤᠭᠴᠢ  ᠶ᠋ᠢᠨ ᠦᠢᠯᠡᠳᠦᠯ ᠮᠠᠰᠢ ᠴᠢᠬᠤᠯᠠ ᠪᠠᠢᠵᠤ᠂ ᠪᠠᠢᠩᠭᠤ ᠥᠪᠡᠷ ᠦ᠋ᠨ ᠦᠢᠯᠡ ᠠᠵᠢᠯᠯᠠᠭ᠎ᠠ ᠪᠠᠷ ᠢ᠋ᠶ᠋ᠠᠨ ᠥᠭᠡᠷ᠎ᠡ ᠪᠤᠰᠤᠳ ᠢ᠋  ᠪᠡᠨ ᠨᠥᠯᠥᠭᠡᠯᠡᠬᠦ ᠬᠡᠷᠡᠭᠲᠡᠢ᠃ ᠡᠢᠮᠦ ᠵᠣᠬᠢᠶᠠᠨ ᠪᠠᠢᠭᠤᠯᠤᠭᠴᠢ ᠲᠠᠢ ᠵᠣᠬᠢᠶᠠᠨ ᠪᠠᠢᠭᠤᠯᠤᠯᠲᠠ ᠨᠢᠭᠡ ᠰᠡᠳᠬᠢᠯ ᠢ᠋ᠶ᠋ᠡᠷ ᠬᠠᠮᠲᠤ ᠤᠷᠤᠭᠰᠢᠯᠠᠵᠤ ᠴᠢᠳᠠᠨ᠎ᠠ᠃ 
ᠮᠠᠨ ᠤ᠋ ᠠᠵᠢᠯ ᠦᠢᠯᠡᠰ ᠬᠥᠭᠵᠢᠵᠦ᠂ ᠵᠣᠬᠢᠶᠠᠨ ᠪᠠᠢᠭᠤᠯᠤᠯᠲᠠ ᠲᠣᠮᠣᠷᠠᠬᠤ ᠶ᠋ᠢ ᠳᠠᠭᠠᠯᠳᠤᠨ ᠪᠢᠳᠡᠨ ᠳ᠋ᠦ᠍ ᠨᠡᠩ ᠥᠨᠳᠥᠷ ᠵᠣᠬᠢᠶᠠᠨ ᠪᠠᠢᠭᠤᠯᠤᠯᠲᠠ ᠶ᠋ᠢᠨ ᠪᠦᠲᠦᠴᠡ ᠱᠠᠭᠠᠷᠳᠠᠯᠭ᠎ᠠ ᠲᠠᠢ ᠪᠣᠯᠳᠠᠭ ᠃ ᠡᠭᠦᠨ ᠳ᠋ᠦ᠍ ᠭᠣᠣᠯᠳᠠᠭᠤ ᠡᠨᠡᠬᠦ ᠵᠣᠬᠢᠶᠠᠨ ᠪᠠᠢᠭᠤᠯᠤᠯᠲᠠ ᠳ᠋ᠤ᠌ ᠲᠠᠨ ᠢ᠋ ᠣᠷᠣᠯᠠᠬᠤ No2 ᠢ᠋ ᠬᠥᠮᠦᠵᠢᠭᠦᠯᠬᠦ ᠪᠣᠯᠤᠨ ᠵᠣᠬᠢᠶᠠᠨ ᠪᠠᠢᠭᠤᠯᠤᠯᠲᠠ ᠳ᠋ᠤ᠌ ᠪᠠᠨ ᠨᠢᠭᠡᠨ ᠰᠤᠳᠤᠯᠵᠤ ᠪᠦᠲᠦᠭᠡᠬᠦ᠂ ᠪᠣᠷᠣᠯᠠᠭᠤᠯᠤᠯᠲᠠ᠂ ᠨᠢᠭᠲᠠᠯᠠᠨ ᠪᠣᠳᠣᠬᠤ ᠴᠢᠳᠠᠪᠤᠷᠢᠲᠠᠨ ᠢ᠋ ᠣᠯᠬᠤ ᠶᠠᠪᠤᠳᠠᠯ ᠪᠣᠯᠤᠨ᠎ᠠ᠃ ᠵᠣᠬᠢᠶᠠᠨ ᠪᠠᠢᠭᠤᠯᠤᠯᠲᠠ ᠶ᠋ᠢᠨ ᠬᠥᠭᠵᠢᠯᠲᠡ ᠶ᠋ᠢ ᠳᠠᠭᠠᠯᠳᠤᠨ ᠪᠦᠬᠦᠢᠯᠡ ᠠᠵᠢᠯᠯᠠᠭ᠎ᠠ ᠲᠣᠮᠣᠷᠴᠤ ᠣᠯᠠᠨ ᠲᠠᠯ᠎ᠠ ᠶ᠋ᠢᠨ ᠬᠠᠮᠢᠶᠠᠷᠤᠯᠲᠠ ᠤᠯᠠᠮ ᠨᠠᠷᠢᠯᠢᠭ ᠪᠠᠢᠬᠤ ᠱᠠᠭᠠᠷᠳᠠᠯᠭ᠎ᠠ ᠲᠠᠢ ᠪᠣᠯᠳᠠᠭ᠃ ᠡᠢᠮᠦ ᠡᠴᠡ ᠵᠣᠬᠢᠶᠠᠨ ᠪᠠᠢᠭᠤᠯᠤᠯᠲᠠ ᠳ᠋ᠤ᠌ ᠪᠠᠨ ᠴᠢᠬᠤᠯᠠ ᠪᠣᠯᠬᠤ ᠠᠵᠢᠯ ᠤ᠋ᠨ ᠪᠠᠢᠷᠢ ᠶ᠋ᠢᠨ ᠴᠢᠳᠠᠪᠤᠷᠢᠲᠠᠨ ᠢ᠋ ᠬᠥᠮᠦᠵᠢᠭᠦᠯᠵᠦ ᠪᠣᠢ ᠪᠣᠯᠭᠠᠬᠤ ᠨᠢ ᠴᠢᠬᠤᠯᠠ ᠪᠣᠯᠳᠠᠭ᠃  
ᠪᠢᠳᠡ ᠥᠪᠡᠷ ᠦ᠋ᠨ ᠬᠢᠵᠦ ᠡᠷᠬᠢᠯᠡᠵᠦ ᠪᠠᠢᠭ᠎ᠠ ᠠᠵᠢᠯ ᠦᠢᠯᠡᠰ ᠢ᠋ᠶ᠋ᠡᠨ ᠵᠥᠪ ᠵᠣᠬᠢᠶᠠᠨ ᠪᠠᠢᠭᠤᠯᠤᠯᠲᠠ ᠲᠠᠢ ᠪᠠᠢᠯᠭᠠᠵᠤ᠂ ᠵᠥᠪ ᠤᠳᠤᠷᠢᠳᠴᠤ ᠴᠢᠳᠠᠪᠠᠯ ᠠᠵᠢᠯ ᠤ᠋ᠨ ᠠᠮᠵᠢᠯᠲᠠ ᠮᠠᠰᠢ ᠣᠢᠷᠠᠬᠠᠨ ᠪᠣᠯᠵᠤ ᠴᠢᠳᠠᠨ᠎ᠠ᠃  

   ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ