ᠬᠥᠬᠡ ᠨᠠᠪᠴᠢKhökh navchХөх навч ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠥᠬᠡ ᠨᠠᠪᠴᠢKhökh navchХөх навч

ᠬᠥᠬᠡ ᠨᠠᠪᠴᠢKhökh navchХөх навч

2025-09-08

184

ᠬᠥᠬᠡ ᠨᠠᠪᠴᠢ 

   ᠲᠤᠰ ᠡᠮ ᠪᠣᠯ ᠲᠣᠨᠣᠯᠵᠢᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠥᠬᠥᠷᠭᠡᠨ᠎ᠡ ᠶ᠋ᠢᠨ ᠬᠠᠲᠠᠭᠠᠭᠰᠠᠨ ᠨᠠᠪᠴᠢ ᠮᠥᠨ᠃
   [ ᠤᠤᠯ ᠤᠷᠭᠤᠮᠠᠯ] ᠬᠣᠶᠠᠷ ᠨᠠᠰᠤᠲᠤ ᠡᠪᠡᠰᠦᠯᠢᠭ ᠤᠷᠭᠤᠮᠠᠯ᠃ ᠭᠣᠣᠯ ᠦᠨᠳᠦᠰᠦ ᠨᠢ ᠭᠦᠨ ᠤᠷᠲᠤ᠂ ᠳ᠋ᠢᠶᠠᠮᠧᠲ᠋ᠷ ᠨᠢ1~2.5cm᠂20~50cm ᠤᠷᠲᠤ᠂ ᠰᠢᠷᠠᠩᠭᠤᠢ ᠤᠯᠠᠪᠢᠷ ᠬᠠᠯᠢᠰᠤ ᠲᠠᠢ᠃ ᠨᠠᠪᠴᠢ ᠨᠢ ᠴᠤᠪᠤᠷᠠᠨ ᠤᠷᠭᠤᠨ᠎ᠠ᠂ ᠤᠵᠠᠭᠤᠷ ᠤ᠋ᠨ ᠨᠠᠪᠴᠢ ᠨᠢ ᠤᠷᠲᠤ ᠪᠠᠷᠢᠭᠤᠯ ᠲᠠᠢ᠂ ᠨᠠᠪᠴᠢ ᠨᠢ ᠨᠡᠯᠢᠶᠡᠳ ᠲᠣᠮᠣ᠂ ᠤᠷᠲᠤᠯᠵᠢᠨ ᠵᠤᠤᠪᠠᠩ ᠬᠡᠯᠪᠡᠷᠢ ᠲᠡᠢ᠂15~30cm ᠤᠷᠲᠤ᠂3~7cm ᠥᠷᠭᠡᠨ᠂ ᠪᠦᠲᠦᠨ ᠪᠤᠶᠤ ᠳᠣᠯᠭᠢᠶᠠᠯᠢᠭ ᠬᠥᠪᠡᠭᠡ ᠲᠡᠢ᠂ ᠬᠠᠶᠠ ᠵᠠᠮᠪᠠᠷᠠᠭ᠎ᠠ ᠦᠭᠡᠢ ᠬᠡᠷᠴᠢᠶᠡᠰᠦ ᠲᠡᠢ᠃ ᠡᠰᠢᠨ ᠳ᠋ᠡᠬᠢ ᠨᠠᠪᠴᠢ ᠨᠢ ᠤᠷᠲᠤᠯᠵᠢᠨ ᠲᠣᠭᠣᠷᠢᠭ ᠪᠤᠶᠤ ᠤᠷᠲᠤᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠳᠣᠣᠷ᠎ᠠ ᠬᠡᠰᠡᠭ ᠦ᠋ᠨ ᠨᠠᠪᠴᠢ ᠨᠢ ᠨᠡᠯᠢᠶᠡᠳ ᠲᠣᠮᠣ᠂ ᠳᠡᠭᠡᠭᠰᠢᠯᠡᠬᠦ ᠳᠣᠳᠣᠮ ᠵᠢᠵᠢᠭ ᠪᠣᠯᠳᠠᠭ᠃3~15cm ᠤᠷᠲᠤ᠂0.5~3.5cm ᠥᠷᠭᠡᠨ᠂ ᠮᠤᠬᠤᠷ ᠪᠤᠶᠤ ᠱᠣᠪᠬᠣ ᠦᠵᠦᠭᠦᠷ ᠲᠡᠢ᠂ ᠤᠨᠵᠢᠯᠭᠠᠨ ᠤᠭ ᠲᠠᠢ᠂ ᠬᠠᠭᠠᠰ ᠡᠰᠢ ᠪᠡᠨ ᠪᠠᠭᠯᠠᠨ᠎ᠠ᠃ ᠪᠦᠲᠦᠨ ᠬᠥᠪᠡᠭᠡ ᠲᠡᠢ᠃ ᠨᠡᠢᠯᠡᠮᠡᠯ ᠴᠠᠴᠤᠭ ᠬᠡᠯᠪᠡᠷᠢᠲᠦ ᠪᠠᠭ ᠴᠡᠴᠡᠭ ᠲᠡᠢ᠂ ᠴᠡᠴᠡᠭ ᠦ᠋ᠨ ᠪᠠᠷᠢᠭᠤᠯ ᠨᠢ5~10mm᠂ ᠨᠠᠷᠢᠨ ᠤᠷᠲᠤ᠂ ᠴᠡᠴᠡᠭ ᠨᠢ ᠰᠢᠷ᠎ᠠ ᠥᠩᠭᠡ ᠲᠡᠢ᠃ ᠴᠡᠴᠡᠭ ᠦ᠋ᠨ ᠲᠣᠭᠳᠣᠢ ᠨᠢ4᠂ ᠨᠣᠭᠣᠭᠠᠨ ᠥᠩᠭᠡ ᠲᠡᠢ᠃ ᠴᠡᠴᠡᠭ ᠦ᠋ᠨ ᠬᠡᠯᠲᠡᠰ ᠨᠢ4᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠪᠠᠷᠤᠭ4mm ᠣᠷᠴᠢᠮ ᠤᠷᠲᠤ᠃6 ᠡᠷ᠎ᠡ ᠲᠣᠭᠣᠷᠴᠣᠭ ᠲᠠᠢ ᠪᠥᠭᠡᠳ4 ᠨᠢ ᠲᠣᠷᠨᠢᠭᠤᠨ᠂1 ᠡᠮ᠎ᠡ ᠲᠣᠭᠣᠷᠴᠣᠭ ᠲᠠᠢ᠃ ᠤᠷᠲᠤ ᠡᠪᠡᠷ ᠵᠢᠮᠢᠰ ᠨᠢ ᠤᠷᠲᠤᠯᠵᠢᠨ ᠲᠣᠭᠣᠷᠢᠭ ᠬᠡᠯᠪᠡᠷᠢ ᠲᠡᠢ᠂15~18mm ᠤᠷᠲᠤ᠂3~4.5mm ᠥᠷᠭᠡᠨ᠂ ᠬᠠᠪᠲᠠᠭᠠᠢ᠂ ᠳᠠᠯᠠᠪᠴᠢᠲᠤ ᠬᠥᠪᠡᠭᠡ ᠲᠡᠢ᠂ ᠪᠣᠷᠣ ᠥᠩᠭᠡ ᠲᠡᠢ᠂ ᠲᠡᠭᠰᠢ ᠪᠤᠶᠤ ᠮᠤᠬᠤᠷ ᠣᠷᠣᠢ ᠲᠠᠢ᠂ ᠱᠣᠪᠲᠣᠭᠣᠷ ᠤᠭ ᠲᠠᠢ᠂1 ᠮᠥᠬᠥᠯᠢᠭ ᠦᠷ᠎ᠡ ᠲᠡᠢ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂6 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ ᠠᠷᠴᠢᠯᠠᠨ ᠲᠠᠷᠢᠵᠤ ᠪᠠᠢᠨ᠎ᠠ᠃
   [ᠲᠡᠭᠦᠵᠦ ᠪᠣᠯᠪᠠᠰᠤᠷᠠᠭᠤᠯᠬᠤ] ᠨᠠᠪᠴᠢ ᠨᠢ ᠰᠠᠬᠤᠯᠢᠭ ᠵᠤᠵᠠᠭᠠᠨ ᠪᠣᠯᠤᠭᠰᠠᠨ ᠦᠶ᠎ᠡ ᠳ᠋ᠦ᠍ ᠲᠡᠭᠦᠵᠦ᠂ ᠨᠠᠷᠠᠨ ᠳ᠋ᠤ᠌ ᠬᠠᠲᠠᠭᠠᠬᠤ ᠪᠤᠶᠤ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠠᠮᠲᠠᠯᠢᠭ ᠠᠮᠲᠠ ᠲᠠᠢ᠃ ᠰᠡᠷᠢᠭᠦᠨ ᠴᠢᠨᠠᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠳᠠᠢᠯᠠᠬᠤ ᠴᠢᠳᠠᠯ ᠲᠠᠢ᠃ ᠭᠣᠣᠯᠳᠠᠭᠤ ᠬᠢᠵᠢᠭ ᠬᠠᠯᠠᠭᠤᠨ᠂ ᠬᠢᠵᠢᠭ ᠲᠠᠭᠰᠢᠭᠤᠷ᠂ ᠰᠢᠷ᠎ᠠ ᠰᠤᠳᠠᠯ ᠳ᠋ᠤ᠌ ᠭᠦᠶᠦᠭᠰᠡᠨ᠂ ᠰᠢᠷ᠎ᠠ ᠶ᠋ᠢᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄大青叶 菘蓝
   ᠠᠩᠭ᠌ᠯᠢ ᠨᠡᠷ᠎ᠡ᠄Lsatis indigotica Fort.

   ᠦᠰᠦᠭ ᠠᠮᠢᠯᠠᠭᠤᠯᠤᠭᠴᠢ᠄ ᠲᠣᠣᠬᠤᠸᠠᠷ
   ᠬᠢᠨᠠᠭᠴᠢ᠄ ᠣᠶᠤᠨᠴᠢᠮᠡᠭ