ᠵᠣᠬᠢᠶᠠᠨ ᠪᠠᠢᠭᠤᠯᠤᠯᠲᠠ ᠶ᠋ᠢᠨ ᠮᠡᠳᠡᠯᠭᠡ04Zokhion baiguulaltyn medlegЗохион байгуулалтын мэдлэг-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠠᠯᠢᠪᠠ ᠠᠵᠢᠯ ᠦᠢᠯᠡᠰ ᠢ᠋ ᠬᠢᠬᠦ ᠳ᠋ᠦ᠍ ᠬᠥᠮᠦᠰ ᠢ᠋ ᠵᠣᠬᠢᠶᠠᠨ ᠪᠠᠢᠭᠤᠯᠬᠤ ᠪᠠᠷ ᠳᠠᠮᠵᠢᠨ ᠠᠵᠢᠯ ᠬᠥᠳᠡᠯᠮᠦᠷᠢ ᠡᠷᠭᠢᠯᠡᠭᠦᠯᠳᠡᠭ᠃ ᠵᠣᠬᠢᠶᠠᠨ ᠪᠠᠢᠭᠤᠯᠤᠯᠲᠠ ᠳ᠋ᠠᠬᠢ ᠬᠥᠮᠦᠰ ᠥᠪᠡᠷ ᠥᠪᠡᠷ ᠦ᠋ᠨ ᠠᠵᠢᠯ ᠤ᠋ᠨ ᠴᠢᠳᠠᠪᠤᠷᠢ᠂ ᠤᠷ᠎ᠠ ᠮᠡᠷᠭᠡᠵᠢᠯ ᠵᠢᠴᠢ ᠬᠡᠷᠡᠭᠴᠡᠭᠡ ᠱᠠᠭᠠᠷᠳᠠᠯᠭ᠎ᠠ ᠡᠴᠡ ᠪᠣᠯᠵᠤ ᠵᠣᠬᠢᠶᠠᠨ ᠪᠠᠢᠭᠤᠯᠤᠯᠲᠠ ᠶ᠋ᠢᠨ ᠳᠣᠲᠣᠷ᠎ᠠ ᠥᠭᠡᠷ᠎ᠡ ᠥᠭᠡᠷ᠎ᠡ ᠠᠵᠢᠯ ᠤ᠋ᠨ ᠪᠠᠢᠷᠢᠨ ᠳ᠋ᠤ᠌ ᠪᠠᠢᠳᠠᠭ᠃ ᠲᠡᠢᠮᠦ ᠡᠴᠡ ᠡᠯ᠎ᠡ ᠠᠵᠢᠯ ᠤ᠋ᠨ ᠪᠠᠢᠷᠢᠨ ᠤ᠋ ᠠᠵᠢᠯᠴᠢᠨ ᠤ᠋ ᠠᠵᠢᠯ ᠤ᠋ᠨ ᠬᠦᠨᠳᠦ ᠬᠥᠩᠭᠡᠨ᠂ ᠮᠡᠷᠭᠡᠵᠢᠯ ᠦ᠋ᠨ ᠱᠠᠭᠠᠷᠳᠠᠯᠭ᠎ᠠ ᠨᠢ ᠬᠣᠭᠣᠷᠣᠨᠳᠣ ᠪᠠᠨ ᠠᠳᠠᠯᠢ ᠦᠭᠡᠢ᠃ ᠡᠭᠦᠨ ᠡᠴᠡ ᠪᠣᠯᠵᠤ ᠬᠥᠮᠦᠨ ᠪᠦᠷᠢ ᠶ᠋ᠢᠨ ᠬᠦᠷᠲᠡᠬᠦ ᠠᠵᠢᠯ ᠤ᠋ᠨ ᠬᠥᠯᠥᠰᠥ ᠣᠯᠭᠣᠮᠵᠢ ᠨᠢ ᠴᠦ᠍ ᠪᠠᠭ᠎ᠠ ᠵᠡᠷᠭᠡ ᠶ᠋ᠢᠨ ᠵᠥᠷᠢᠶ᠎ᠡ ᠲᠡᠢ ᠪᠠᠢᠳᠠᠭ ᠪᠢᠯᠡ᠃
ᠴᠠᠯᠢᠩ ᠮᠥᠩᠭᠥ ᠪᠣᠯ ᠬᠥᠮᠦᠨ ᠦ᠌ ᠬᠥᠳᠡᠯᠮᠦᠷᠢ ᠶ᠋ᠢᠨ ᠦᠨᠡᠯᠡᠭᠡ ᠪᠣᠯᠳᠠᠭ ᠤᠴᠢᠷ ᠠ᠋ᠴᠠ ᠵᠣᠬᠢᠶᠠᠨ ᠪᠠᠢᠭᠤᠯᠤᠯᠲᠠ ᠳᠣᠲᠣᠷ᠎ᠠ ᠪᠠᠨ ᠬᠡᠷᠬᠢᠨ ᠴᠠᠯᠢᠩ ᠮᠥᠩᠭᠥ ᠪᠡᠨ ᠬᠤᠪᠢᠶᠠᠷᠢᠯᠠᠬᠤ ᠨᠢ ᠵᠥᠪ ᠵᠣᠬᠢᠶᠠᠨ ᠪᠠᠢᠭᠤᠯᠤᠯᠲᠠ ᠲᠠᠢ ᠪᠣᠯᠬᠤ ᠶ᠋ᠢᠨ ᠪᠠᠰᠠ ᠨᠢᠭᠡᠨ ᠨᠥᠬᠥᠴᠡᠯ ᠮᠥᠨ᠃ ᠲᠡᠢᠮᠦ ᠡᠴᠡ ᠠᠵᠤ ᠠᠬᠤᠢ ᠶ᠋ᠢᠨ ᠨᠢᠭᠡᠴᠡ ᠺᠣᠮᠫᠠᠨᠢ ᠶ᠋ᠢᠨ ᠳᠠᠭᠠᠭᠤᠯᠤᠭᠴᠢ ᠪᠣᠯᠣᠭᠰᠠᠳ ᠠᠵᠢᠯᠴᠢᠨ ᠤ᠋ ᠴᠠᠯᠢᠩ ᠮᠥᠩᠭᠥ ᠶ᠋ᠢ ᠬᠤᠪᠢᠶᠠᠷᠢᠯᠠᠬᠤ ᠲᠠᠯ᠎ᠠ ᠪᠠᠷ ᠦᠨᠳᠦᠰᠦᠨ ᠮᠡᠳᠡᠯᠭᠡ ᠲᠡᠢ ᠪᠣᠯᠬᠤ ᠴᠢᠬᠤᠯᠠ ᠲᠠᠢ᠃ ᠴᠠᠯᠢᠩ ᠢ᠋ ᠶᠡᠷᠦ ᠳ᠋ᠡᠭᠡᠨ ᠦᠨᠳᠦᠰᠦᠨ ᠴᠠᠯᠢᠩ᠂ ᠲᠤᠰᠬᠠᠢ ᠠᠵᠢᠯ ᠤ᠋ᠨ ᠨᠥᠬᠥᠪᠥᠷᠢ᠂ ᠱᠠᠩᠨᠠᠯ᠂ ᠪᠤᠰᠤᠳ ᠨᠥᠬᠥᠪᠥᠷᠢ ᠵᠡᠷᠭᠡ ᠳᠥᠷᠪᠡᠨ ᠲᠥᠷᠥᠯ ᠳ᠋ᠦ᠍ ᠠᠩᠭᠢᠯᠠᠵᠤ ᠬᠤᠪᠢᠶᠠᠷᠢᠯᠠᠬᠤ ᠪᠠᠷ ᠳᠠᠮᠵᠢᠨ ᠠᠵᠢᠯᠴᠢᠨ ᠳ᠋ᠠᠭᠠᠨ ᠡᠷᠬᠡ ᠲᠡᠭᠰᠢ᠂ ᠵᠥᠪ ᠣᠨᠣᠪᠴᠢᠲᠠᠢ ᠬᠥᠳᠡᠯᠮᠦᠷᠢ ᠶ᠋ᠢᠨ ᠬᠦᠷᠲᠡᠭᠡᠮᠵᠢ ᠣᠯᠭᠣᠵᠤ ᠪᠣᠯᠳᠠᠭ᠃
ᠦᠨᠳᠦᠰᠦᠨ ᠴᠠᠯᠢᠩ ᠭᠡᠳᠡᠭ ᠪᠣᠯ ᠺᠣᠮᠫᠠᠨᠢ ᠳ᠋ᠤ᠌ ᠠᠵᠢᠯᠯᠠᠵᠤ ᠪᠠᠢᠭ᠎ᠠ ᠬᠥᠮᠦᠨ ᠪᠣᠯᠭᠠᠨ ᠤ᠋ ᠠᠪᠬᠤ ᠬᠠᠮᠤᠭ ᠳᠣᠣᠷ᠎ᠠ ᠵᠠᠬ᠎ᠠ ᠶ᠋ᠢᠨ ᠬᠥᠯᠥᠰᠥ ᠣᠯᠭᠣᠮᠵᠢ ᠪᠣᠯᠤᠨ᠎ᠠ᠃ ᠬᠥᠮᠦᠨ ᠶᠠᠮᠠᠷ ᠨᠢᠭᠡᠨ ᠠᠵᠢᠯ ᠢ᠋ ᠬᠢᠬᠦ ᠳ᠋ᠦ᠍ ᠬᠥᠳᠡᠯᠮᠦᠷᠢ ᠬᠦᠴᠦ᠂ ᠣᠶᠤᠨ ᠤᠬᠠᠭᠠᠨ ᠵᠠᠷᠤᠴᠠᠭᠤᠯᠬᠤ ᠠ᠋ᠴᠠ ᠭᠠᠳᠠᠨ᠎ᠠ ᠥᠪᠡᠷ ᠦ᠋ᠨ ᠴᠠᠭ ᠮᠥᠴᠡ ᠪᠡᠨ ᠦᠷᠡᠭᠳᠡᠭᠦᠯᠵᠦ ᠪᠠᠢᠭ᠎ᠠ ᠠ᠋ᠴᠠ᠂ ᠠᠵᠢᠯ ᠤ᠋ᠨ ᠬᠢᠷᠢ ᠪᠦᠲᠦᠮᠵᠢ ᠶᠠᠮᠠᠷ ᠪᠠᠢᠬᠤ ᠠ᠋ᠴᠠ ᠦᠯᠦ ᠬᠠᠮᠢᠶᠠᠷᠤᠨ᠂ ᠠᠵᠢᠯᠴᠢᠨ ᠤ᠋ ᠠᠵᠢᠯ ᠳ᠋ᠤ᠌ ᠦᠷᠡᠭᠳᠡᠭᠦᠯᠦᠭᠰᠡᠨ ᠴᠠᠭ ᠮᠥᠴᠡ ᠶ᠋ᠢ ᠦᠨᠡᠯᠡᠵᠦ ᠥᠭᠬᠦ ᠨᠢ ᠵᠥᠪ ᠶᠦᠮ᠃ ᠲᠡᠭᠡᠪᠡᠯ ᠦᠨᠳᠦᠰᠦᠨ ᠴᠠᠯᠢᠩ ᠢ᠋ ᠬᠡᠷᠬᠢᠨ ᠲᠣᠭᠲᠠᠬᠤ ᠪᠣᠢ ᠭᠡᠪᠡᠯ ᠂ ᠤᠯᠤᠰ ᠤ᠋ᠨ ᠡᠯ᠎ᠡ ᠭᠠᠵᠠᠷ ᠣᠷᠣᠨ ᠤ᠋ ᠬᠠᠮᠤᠭ ᠳᠣᠣᠷᠠᠲᠤ ᠴᠠᠯᠢᠩ ᠤ᠋ᠨ ᠬᠡᠮᠵᠢᠶ᠎ᠡ ᠳ᠋ᠦ᠍ ᠦᠨᠳᠦᠰᠦᠯᠡᠨ᠂ ᠲᠡᠷᠡᠬᠦ ᠬᠡᠮᠵᠢᠶ᠎ᠡ ᠶ᠋ᠢ ᠪᠠᠲᠤᠯᠠᠭᠰᠠᠨ ᠤ᠋ ᠰᠠᠭᠤᠷᠢᠨ ᠳᠡᠭᠡᠷ᠎ᠡ ᠥᠪᠡᠷ ᠦ᠋ᠨ ᠺᠣᠮᠫᠠᠨᠢ ᠶ᠋ᠢᠨ ᠪᠠᠢᠳᠠᠯ ᠢ᠋ᠶ᠋ᠠᠨ ᠦᠨᠳᠦᠰᠦᠯᠡᠨ ᠲᠣᠭᠲᠠᠭᠠᠵᠤ ᠪᠣᠯᠤᠨ᠎ᠠ᠃ ᠢᠩᠭᠢᠪᠡᠯ ᠤᠯᠤᠰ ᠤ᠋ᠨ ᠬᠠᠤᠯᠢ ᠴᠠᠭᠠᠵᠠ ᠲᠠᠢ ᠵᠥᠷᠢᠴᠡᠯᠳᠦᠬᠦ ᠦᠭᠡᠢ ᠮᠥᠷᠲᠡᠭᠡᠨ ᠥᠪᠡᠷ ᠦ᠋ᠨ ᠺᠣᠮᠫᠠᠨᠢ ᠶ᠋ᠢᠨ ᠢ᠋ᠶ᠋ᠡᠨ ᠪᠣᠳᠠᠲᠤ ᠪᠠᠢᠳᠠᠯ ᠳ᠋ᠤ᠌ ᠰᠠᠭᠤᠷᠢᠯᠠᠵᠤ ᠴᠢᠳᠠᠨ᠎ᠠ᠃
ᠲᠤᠰᠬᠠᠢ ᠠᠵᠢᠯ ᠤ᠋ᠨ ᠨᠥᠬᠥᠪᠥᠷᠢ ᠪᠣᠯ ᠂ ᠲᠤᠰᠬᠠᠢ ᠶᠠᠮᠠᠷ ᠨᠢᠭᠡᠨ ᠠᠵᠢᠯ ᠤ᠋ᠨ ᠪᠠᠢᠷᠢ ᠳ᠋ᠤ᠌ ᠵᠣᠷᠢᠭᠤᠯᠤᠭᠳᠠᠭᠰᠠᠨ ᠴᠠᠯᠢᠩ ᠮᠥᠩᠭᠥᠨ ᠦ᠌ ᠨᠢᠭᠡ ᠲᠥᠷᠥᠯ ᠮᠥᠨ᠃ ᠬᠥᠮᠦᠰ ᠵᠣᠬᠢᠶᠠᠨ ᠪᠠᠢᠭᠤᠯᠤᠯᠲᠠ ᠳᠣᠲᠣᠷ᠎ᠠ ᠲᠤᠰ ᠲᠤᠰ ᠤ᠋ᠨ ᠬᠡᠷᠡᠭᠴᠡᠭᠡ ᠱᠠᠭᠠᠷᠳᠠᠯᠭ᠎ᠠ ᠠ᠋ᠴᠠ ᠪᠣᠯᠤᠭᠠᠳ ᠲᠤᠰ ᠲᠤᠰ ᠤ᠋ᠨ ᠡᠭᠦᠷᠭᠡ ᠬᠠᠷᠢᠭᠤᠴᠠᠯᠭ᠎ᠠ ᠲᠠᠢ ᠪᠠᠢᠳᠠᠭ᠃ ᠡᠨᠡ ᠨᠢ ᠠᠵᠢᠯᠴᠢᠨ ᠢ᠋ ᠵᠣᠬᠢᠶᠠᠨ ᠪᠠᠢᠭᠤᠯᠤᠯᠲᠠ᠂ ᠺᠣᠮᠫᠠᠨᠢ ᠪᠣᠯᠤᠨ ᠪᠤᠰᠤᠳ ᠠᠵᠢᠯᠴᠢᠨ ᠤ᠋ ᠪᠠᠨ ᠡᠮᠦᠨ᠎ᠡ ᠡᠴᠡ ᠵᠣᠬᠢᠬᠤ ᠡᠭᠦᠷᠭᠡ ᠶ᠋ᠢ ᠡᠭᠦᠷᠴᠦ᠂ ᠬᠠᠷᠢᠭᠤᠴᠠᠯᠭ᠎ᠠ ᠶ᠋ᠢ ᠳᠠᠭᠠᠭᠠᠬᠤ ᠶ᠋ᠢ ᠱᠠᠭᠠᠷᠳᠠᠳᠠᠭ᠃ ᠡᠢᠮᠦ ᠡᠴᠡ ᠪᠢᠳᠡ ᠵᠣᠬᠢᠶᠠᠨ ᠪᠠᠢᠭᠤᠯᠤᠯᠲᠠ᠂ ᠬᠠᠮᠲᠤ ᠣᠯᠠᠨ ᠤ᠋ ᠡᠮᠦᠨ᠎ᠡ ᠡᠴᠡ ᠡᠭᠦᠷᠭᠡ ᠬᠠᠷᠢᠭᠤᠴᠠᠯᠭ᠎ᠠ ᠡᠭᠦᠷᠴᠦ ᠪᠠᠢᠭ᠎ᠠ ᠲᠡᠳᠡᠭᠡᠷ ᠬᠥᠮᠦᠰ ᠦ᠋ᠨ ᠣᠨᠴᠠᠭᠠᠢ ᠬᠥᠳᠡᠯᠮᠦᠷᠢ ᠶ᠋ᠢ ᠦᠨᠡᠯᠡᠵᠦ ᠥᠭᠬᠦ ᠬᠡᠷᠡᠭᠲᠡᠢ᠃ ᠦᠨᠡᠯᠡᠬᠦ ᠠᠷᠭ᠎ᠠ ᠪᠠᠷᠢᠯ ᠳ᠋ᠤ᠌ ᠣᠯᠠᠨ ᠪᠠᠢᠳᠠᠭ ᠴᠤ᠌ ᠴᠠᠯᠢᠩ ᠮᠥᠩᠭᠥ ᠪᠡᠷ ᠨᠥᠬᠥᠪᠥᠷᠢᠯᠡᠬᠦ ᠨᠢ ᠳᠤᠲᠠᠭᠳᠠᠵᠤ ᠪᠣᠯᠣᠰᠢ ᠦᠭᠡᠢ ᠨᠢᠭᠡ ᠵᠦᠢᠯ ᠮᠥᠨ᠃ ᠡᠭᠦᠨ ᠳ᠋ᠦ᠍ ᠬᠥᠮᠦᠰ ᠦ᠋ᠨ ᠡᠭᠦᠷᠭᠡᠯᠡᠵᠦ ᠪᠠᠢᠭ᠎ᠠ ᠡᠭᠦᠷᠭᠡ ᠬᠠᠷᠢᠭᠤᠴᠠᠯᠭ᠎ᠠ ᠶ᠋ᠢᠨ ᠬᠦᠨᠳᠦ ᠬᠥᠩᠭᠡᠨ ᠡᠴᠡ ᠢᠯᠭᠠᠪᠤᠷᠢᠯᠠᠨ ᠨᠥᠬᠥᠪᠥᠷᠢᠯᠡᠬᠦ ᠲᠤᠰᠬᠠᠢ ᠠᠵᠢᠯ ᠤ᠋ᠨ ᠨᠥᠬᠥᠪᠥᠷᠢ ᠶ᠋ᠢᠨ ᠶᠡᠬᠡ ᠪᠠᠭ᠎ᠠ ᠶ᠋ᠢ ᠲᠣᠭᠲᠠᠵᠤ ᠪᠣᠯᠤᠨ᠎ᠠ᠃
ᠬᠠᠷᠢᠨ ᠱᠠᠩᠨᠠᠯ ᠪᠣᠯ ᠪᠢᠳᠡ ᠪᠦᠬᠦᠨ ᠦ᠌ ᠮᠡᠳᠡᠬᠦ ᠤᠷᠮᠠᠰᠢᠭᠤᠯᠤᠯ ᠤ᠋ᠨ ᠨᠢᠭᠡ ᠬᠡᠯᠪᠡᠷᠢ ᠮᠥᠨ᠃ ᠪᠢᠳᠡ ᠶᠡᠷᠦᠳᠡ ᠶ᠋ᠢᠨ ᠪᠠᠢᠳᠠᠯ ᠳ᠋ᠤ᠌ ᠺᠣᠮᠫᠠᠨᠢ᠂ ᠬᠠᠮᠲᠤ ᠣᠯᠠᠨ ᠤ᠋ ᠠᠵᠢᠯ ᠪᠦᠲᠦᠮᠵᠢᠲᠡᠢ᠂ ᠦᠷ᠎ᠡ ᠠᠰᠢᠭ ᠥᠨᠳᠥᠷ ᠲᠣᠬᠢᠶᠠᠯᠳᠤᠯ ᠳ᠋ᠤ᠌᠂ ᠣᠯᠤᠭᠰᠠᠨ ᠦᠷ᠎ᠡ ᠠᠰᠢᠭ ᠤ᠋ᠳ ᠢ᠋ᠶ᠋ᠠᠨ ᠨᠢᠭᠡ ᠬᠡᠰᠡᠭ ᠢ᠋ ᠭᠠᠷᠭᠠᠵᠤ᠂ ᠬᠡᠨ ᠰᠠᠢᠨ ᠠᠵᠢᠯᠯᠠᠭᠰᠠᠨ᠂ ᠢᠯᠡᠭᠦᠦ ᠬᠢᠭᠰᠡᠨ᠂ ᠰᠠᠢᠨ ᠦᠷ᠎ᠡ ᠪᠦᠲᠦᠮᠵᠢ ᠭᠠᠷᠭᠠᠭᠰᠠᠨ ᠭᠡᠳ ᠪᠤᠰᠤᠳ ᠠ᠋ᠴᠠ ᠣᠷᠣᠢᠯᠬᠠᠰᠠᠨ ᠨᠢᠭᠡᠨ ᠦ᠌ ᠪᠡᠨ ᠬᠥᠳᠡᠯᠮᠦᠷᠢ ᠶ᠋ᠢ ᠦᠨᠡᠯᠡᠵᠦ ᠱᠠᠩᠨᠠᠯ ᠣᠯᠭᠣᠳᠠᠭ᠃ᠡᠨᠡ ᠨᠢ ᠨᠢᠭᠡ ᠲᠠᠯ᠎ᠠ ᠪᠠᠷ ᠪᠤᠰᠤᠳ ᠠ᠋ᠴᠠ ᠢᠯᠡᠭᠦᠦ ᠰᠠᠢᠨ ᠠᠵᠢᠯᠯᠠᠭᠰᠠᠨ ᠠᠵᠢᠯᠴᠢᠨ ᠤ᠋ ᠬᠥᠳᠡᠯᠮᠦᠷᠢ ᠶ᠋ᠢᠨ ᠬᠢᠨᠢ ᠬᠥᠯᠥᠰᠥ ᠣᠯᠭᠣᠮᠵᠢ ᠪᠣᠯᠵᠤ᠂ ᠨᠥᠭᠥᠭᠡ ᠲᠠᠯ᠎ᠠ ᠪᠠᠷ ᠲᠡᠷᠡ ᠬᠥᠮᠦᠨ ᠦ᠌ ᠦᠢᠯᠡ ᠠᠵᠢᠯᠯᠠᠭ᠎ᠠ ᠶ᠋ᠢ ᠤᠷᠮᠠᠰᠢᠭᠤᠯᠵᠤ ᠵᠣᠷᠢᠭᠵᠢᠭᠤᠯᠬᠤ ᠶ᠋ᠢᠨ ᠳᠠᠭᠠᠤ ᠥᠭᠡᠷ᠎ᠡ ᠪᠤᠰᠤᠳ ᠢ᠋ ᠨᠢ ᠨᠥᠯᠥᠭᠡᠯᠡᠬᠦ ᠦᠢᠯᠡᠳᠦᠯ ᠲᠡᠢ ᠪᠠᠢᠳᠠᠭ᠃ ᠲᠡᠢᠮᠦ ᠡᠴᠡ ᠣᠯᠠᠨ ᠬᠥᠮᠦᠨ ᠢ᠋ᠶ᠋ᠡᠷ ᠪᠦᠷᠢᠯᠳᠦᠭᠰᠡᠨ ᠵᠣᠬᠢᠶᠠᠨ ᠪᠠᠢᠭᠤᠯᠤᠯᠲᠠ ᠳ᠋ᠤ᠌ ᠱᠠᠩᠨᠠᠯ ᠣᠯᠭᠣᠬᠤ ᠨᠢ ᠪᠠᠰᠠ ᠳᠤᠲᠠᠭᠳᠠᠵᠤ ᠪᠣᠯᠣᠰᠢ ᠦᠭᠡᠢ ᠦᠨᠡᠯᠡᠬᠦ ᠠᠷᠭ᠎ᠠ ᠪᠠᠷᠢᠯ ᠮᠥᠨ᠃
ᠨᠢᠭᠡ ᠬᠠᠮᠲᠤ ᠣᠯᠠᠨ᠂ ᠵᠣᠬᠢᠶᠠᠨ ᠪᠠᠢᠭᠤᠯᠤᠯᠲᠠ ᠳ᠋ᠤ᠌ ᠣᠯᠠᠨ ᠨᠡᠢᠲᠡ ᠶ᠋ᠢᠨ ᠠᠵᠢᠯ ᠤ᠋ᠨ ᠡᠮᠦᠨ᠎ᠡ ᠡᠴᠡ ᠠᠵᠢᠯ ᠶᠠᠪᠤᠳᠠᠯ ᠰᠢᠢᠳᠪᠦᠷᠢᠯᠡᠬᠦ ᠵᠢᠴᠢ ᠭᠠᠳᠠᠭᠰᠢ ᠳᠣᠲᠣᠭᠰᠢ ᠭᠠᠷᠬᠤ ᠶᠠᠪᠤᠳᠠᠯ ᠵᠥᠩᠳᠡᠭᠡᠨ ᠲᠣᠬᠢᠶᠠᠯᠳᠤᠳᠠᠭ᠃ ᠡᠨᠡ ᠪᠠᠢᠳᠠᠯ ᠳ᠋ᠤ᠌ ᠡᠨᠡᠬᠦ ᠬᠥᠮᠦᠨ ᠢ᠋ᠶ᠋ᠡᠨ ᠵᠠᠮ ᠤ᠋ᠨ ᠵᠠᠷᠤᠳᠠᠯ᠂ ᠬᠣᠨᠣᠭ᠂ ᠬᠣᠭᠣᠯᠠᠨ ᠤ᠋ ᠮᠥᠩᠭᠥ ᠭᠡᠳ ᠠᠮᠢᠳᠤᠷᠠᠯ ᠤ᠋ᠨ ᠨᠠᠭᠠᠳᠤ ᠵᠠᠬ᠎ᠠ ᠶ᠋ᠢᠨ ᠵᠠᠷᠤᠳᠠᠯ ᠢ᠋ ᠨᠢ ᠰᠢᠢᠳᠪᠦᠷᠢᠯᠡᠬᠦ ᠪᠣᠯ ᠪᠤᠰᠤᠳ ᠨᠥᠬᠥᠪᠥᠷᠢ ᠳ᠋ᠦ᠍ ᠪᠠᠭᠲᠠᠳᠠᠭ᠃ ᠡᠨᠡ ᠨᠢ ᠬᠡᠨ ᠪᠦᠬᠦᠨ ᠳ᠋ᠦ᠍ ᠲᠣᠬᠢᠶᠠᠯᠳᠤᠳᠠᠭ ᠵᠦᠢᠯ ᠪᠢᠰᠢ ᠮᠥᠷᠲᠡᠭᠡᠨ ᠡᠳᠦᠷ ᠪᠣᠯᠭᠠᠨ ᠭᠠᠷᠳᠠᠭ ᠵᠠᠷᠤᠳᠠᠯ ᠴᠤ᠌ ᠪᠢᠰᠢ᠃ ᠭᠡᠬᠦ ᠳ᠋ᠡᠭᠡᠨ ᠵᠣᠬᠢᠶᠠᠨ ᠪᠠᠢᠭᠤᠯᠤᠯᠲᠠ ᠳᠣᠲᠣᠷ᠎ᠠ ᠡᠭᠦᠰᠴᠦ ᠮᠡᠳᠡᠬᠦ ᠵᠠᠷᠤᠳᠠᠯ ᠤ᠋ᠨ ᠨᠢᠭᠡ ᠲᠥᠷᠥᠯ ᠪᠠᠢᠵᠤ᠂ ᠡᠭᠦᠨ ᠳ᠋ᠦ᠍ ᠥᠪᠡᠷ ᠦ᠋ᠨ ᠺᠣᠮᠫᠠᠨᠢ ᠶ᠋ᠢᠨ ᠪᠠᠢᠳᠠᠯ ᠳ᠋ᠠᠭᠠᠨ ᠲᠣᠬᠢᠷᠠᠭᠤᠯᠤᠨ ᠵᠣᠬᠢᠬᠤ ᠬᠡᠮᠵᠢᠶᠡᠨ ᠦ᠌ ᠵᠠᠷᠤᠳᠠᠯ ᠲᠥᠰᠥᠪᠯᠡᠬᠦ ᠨᠢ ᠵᠦᠢᠲᠡᠢ᠃
ᠵᠠᠬ᠎ᠠ ᠳᠡᠯᠭᠡᠭᠦᠷ ᠦ᠋ᠨ ᠠᠵᠤ ᠠᠬᠤᠢ ᠶ᠋ᠢᠨ ᠬᠥᠭᠵᠢᠯᠲᠡ ᠶ᠋ᠢᠨ ᠥᠨᠥ ᠡᠷᠡᠨ ᠪᠣᠯ ᠨᠢᠭᠡᠨ ᠬᠠᠮᠲᠤ ᠪᠠᠷ ᠬᠢᠵᠦ᠂ ᠬᠠᠮᠲᠤ ᠳ᠋ᠠᠭᠠᠨ ᠳᠠᠪᠰᠢᠬᠤ ᠴᠠᠭ ᠦᠶ᠎ᠡ ᠮᠥᠨ᠃ ᠠᠵᠤ ᠠᠬᠤᠢᠯᠠᠯ ᠬᠥᠭᠵᠢᠬᠦ ᠶᠢᠨ ᠲᠤᠯᠠᠳᠠ ᠠᠵᠢᠯᠴᠢᠨ ᠢ᠋ ᠲᠦᠰᠢᠳᠡᠭ᠂ ᠠᠵᠢᠯᠴᠢᠨ ᠴᠤ᠌ ᠥᠪᠡᠷ ᠦ᠋ᠨ ᠤᠷ᠎ᠠ ᠴᠢᠳᠠᠪᠤᠷᠢ ᠪᠠᠨ ᠭᠠᠷᠭᠠᠵᠤ᠂ ᠠᠵᠢᠯ ᠠᠮᠢᠳᠤᠷᠠᠯ ᠢ᠋ᠶ᠋ᠠᠨ ᠵᠣᠬᠢᠴᠠᠭᠤᠯᠬᠤ ᠶ᠋ᠢᠨ ᠲᠥᠯᠥᠭᠡ ᠶᠠᠮᠠᠷ ᠨᠢᠭᠡᠨ ᠠᠵᠢᠯ ᠤ᠋ᠨ ᠪᠠᠢᠷᠢᠨ ᠳ᠋ᠤ᠌ ᠭᠠᠷᠬᠤ ᠬᠡᠷᠡᠭᠲᠡᠢ ᠪᠠᠢᠳᠠᠭ᠃ ᠡᠨᠡ ᠳᠤᠮᠳᠠ ᠬᠣᠯᠪᠣᠭᠠᠰᠤ ᠨᠢ ᠴᠠᠯᠢᠩ ᠮᠥᠩᠭᠥ ᠪᠠᠢᠵᠤ᠂ ᠡᠭᠦᠨ ᠢ᠋ᠶ᠋ᠡᠷ ᠳᠠᠮᠵᠢᠨ ᠪᠢᠳᠡ ᠨᠢᠭᠡ ᠵᠣᠬᠢᠶᠠᠨ ᠪᠠᠢᠭᠤᠯᠤᠯᠲᠠ ᠳ᠋ᠤ᠌ ᠪᠠᠭᠲᠠᠵᠤ ᠠᠵᠢᠯᠯᠠᠬᠤ ᠨᠥᠬᠥᠴᠡᠯ ᠪᠦᠷᠢᠯᠳᠦᠳᠡᠭ᠃ ᠲᠡᠢᠮᠦ ᠡᠴᠡ ᠠᠵᠢᠯᠴᠢᠨ ᠤ᠋ ᠪᠠᠨ ᠴᠠᠯᠢᠩ ᠮᠥᠩᠭᠥ ᠶ᠋ᠢ ᠵᠥᠪ ᠬᠤᠪᠢᠶᠠᠷᠢᠯᠠᠬᠤ ᠪᠣᠯ ᠠᠵᠤ ᠠᠬᠤᠢᠯᠠᠯ ᠤ᠋ᠨ ᠴᠢᠨᠠᠭᠰᠢᠳᠠ ᠦᠷᠭᠦᠯᠵᠢᠯᠡᠨ ᠬᠥᠭᠵᠢᠬᠦ ᠳ᠋ᠦ᠍ ᠣᠮᠲᠣᠭᠠᠢᠯᠠᠵᠤ ᠪᠣᠯᠣᠤᠰᠢ ᠦᠭᠡᠢ ᠵᠣᠬᠢᠶᠠᠨ ᠪᠠᠢᠭᠤᠯᠤᠯᠲᠠ ᠶ᠋ᠢᠨ ᠮᠡᠳᠡᠯᠭᠡ ᠮᠥᠨ ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
