ᠨᠠᠰᠤᠨᠪᠠᠲᠦ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ 1949 ~1978 оны хооронд төрсөн урлаачид - Насанбат
ᠨᠠᠰᠤᠨᠪᠠᠲᠦ

2017 ᠣᠨ ᠠ᠋ᠴᠠ ᠡᠬᠢᠯᠡᠨ ᠮᠣᠩᠭᠣᠯ ᠤᠷᠠᠨ ᠪᠢᠴᠢᠯᠭᠡ ᠳ᠋ᠦ᠍ ᠰᠢᠮᠳᠠᠵᠤ ᠮᠡᠷᠭᠡᠵᠢᠯ ᠪᠣᠯᠪᠠᠰᠤᠷᠠᠯ ᠢ᠋ᠶ᠋ᠠᠨ ᠳᠡᠭᠡᠭᠰᠢᠯᠡᠭᠦᠯᠵᠦ ᠢᠷᠡᠪᠡ᠃ 2018 ᠣᠨ ᠤ᠋ 4 ᠰᠠᠷ᠎ᠠ ᠳ᠋ᠤ᠌ ᠪᠦᠬᠦ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠥᠪᠯᠡᠬᠦ ᠠᠩᠬᠠᠳᠠᠭᠴᠢ ᠤᠳᠠᠭᠠᠨ ᠤ᠋ ᠪᠣᠯᠪᠠᠰᠤᠷᠠᠯ ᠳ᠋ᠤ᠌ ᠣᠷᠣᠯᠴᠠᠵᠤ᠂ ᠪᠦᠬᠦ ᠣᠷᠣᠨ ᠤ᠋ ᠡᠯ᠎ᠡ ᠭᠠᠵᠠᠷ ᠤ᠋ᠨ ᠰᠢᠯᠢᠳᠡᠭ ᠤᠷᠠᠨ ᠪᠢᠴᠢᠯᠭᠡᠲᠡᠳ ᠡᠴᠡ ᠮᠣᠩᠭᠣᠯ ᠤᠷᠠᠨ ᠪᠢᠴᠢᠯᠭᠡ ᠶ᠋ᠢᠨ ᠡᠭᠦᠰᠦᠯ ᠂ ᠬᠥᠭᠵᠢᠯ ᠵᠢᠴᠢ ᠢᠷᠡᠭᠡᠳᠦᠢ ᠶ᠋ᠢᠨ ᠪᠠᠢᠳᠠᠯ ᠢ᠋ ᠮᠠᠰᠢ ᠭᠦᠨᠵᠡᠭᠡᠢ ᠣᠢᠯᠭᠠᠨ ᠮᠡᠳᠡᠵᠦ᠂ ᠮᠣᠩᠭᠣᠯ ᠤᠷᠠᠨ ᠪᠢᠴᠢᠯᠭᠡ ᠶ᠋ᠢᠨ ᠦᠢᠯᠡᠰ ᠲᠦ᠍ ᠨᠢᠭᠡᠨ ᠬᠤᠪᠢ ᠬᠦᠴᠦᠨ ᠴᠢᠳᠠᠯ ᠢ᠋ᠶ᠋ᠠᠨ ᠡᠷᠭᠦᠬᠦ ᠪᠡᠷ ᠵᠣᠷᠢᠭ ᠬᠥᠪᠴᠢᠯᠡᠭᠰᠡᠨ ᠪᠢᠯᠡ᠃
2017 ᠣᠨ ᠤ᠋ 9 ᠰᠠᠷ᠎ᠠ ᠠ᠋ᠴᠠ ᠡᠬᠢᠯᠡᠨ᠂ ᠪᠦᠬᠦ ᠰᠤᠷᠭᠠᠭᠤᠯᠢ ᠶ᠋ᠢᠨ 5 — 6 ᠣᠨ ᠤ᠋ ᠰᠤᠷᠤᠭᠴᠢᠳ ᠤ᠋ᠨ ᠮᠣᠩᠭᠣᠯ ᠤᠷᠠᠨ ᠪᠢᠴᠢᠯᠭᠡ ᠶ᠋ᠢᠨ ᠵᠢᠭᠠᠨ ᠰᠤᠷᠭᠠᠯᠲᠠ ᠶ᠋ᠢᠨ ᠠᠵᠢᠯ ᠢ ᠡᠭᠦᠷᠭᠡᠯᠡᠨ᠂ ᠬᠡᠦᠬᠡᠳ ᠪᠠᠭᠠᠴᠤᠳ ᠲᠤ᠌ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯᠯᠡᠭᠡ ᠶ᠋ᠢ ᠬᠢᠵᠦ᠂ 2018 ᠣᠨ ᠤ᠋ 6 ᠰᠠᠷ᠎ᠠ ᠳ᠋ᠤ᠌ ᠠᠩᠬᠠᠳᠠᠭᠴᠢ ᠤᠳᠠᠭᠠᠨ ᠤ᠋《ᠴᠡᠩᠬᠡᠷ ᠲᠠᠲᠠᠯᠭ᠎ᠠ》ᠨᠡᠷᠡᠮᠵᠢᠲᠦ ᠲᠡᠭᠦᠰᠬᠦ ᠣᠨ ᠤ᠋ ᠰᠤᠷᠤᠭᠴᠢᠳ ᠤ᠋ᠨ ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠶ᠋ᠢ ᠬᠢᠵᠦ᠂ ᠨᠡᠢᠭᠡᠮ ᠨᠡᠢᠲᠡ ᠪᠠ ᠰᠣᠨᠢᠷᠬᠠᠭᠴᠢ ᠣᠯᠠᠨ ᠤ᠋ ᠥᠨᠳᠥᠷ ᠦᠨᠡᠯᠡᠯᠲᠡ ᠶ᠋ᠢ ᠣᠯᠤᠭᠰᠠᠨ ᠶᠤᠮ᠃ 2017 ᠣᠨ ᠤ᠋ 9 ᠰᠠᠷ᠎ᠠ ᠳ᠋ᠤ᠌᠂ ᠠᠯᠠᠱᠠ ᠵᠡᠭᠦᠨ ᠬᠤᠰᠢᠭᠤᠨ ᠤ᠋ ᠮᠣᠩᠭᠣᠯ ᠦᠨᠳᠦᠰᠦᠲᠡᠨ ᠦ᠌ ᠲᠤᠷᠰᠢᠯᠲᠠ ᠶ᠋ᠢᠨ ᠪᠠᠭ᠎ᠠ ᠰᠤᠷᠭᠠᠭᠤᠯᠢ ᠶ᠋ᠢᠨ 30 ᠭᠠᠷᠤᠢ ᠪᠠᠭᠰᠢ ᠠᠵᠢᠯᠲᠠᠨ ᠢ᠋ᠶ᠋ᠠᠷ ᠪᠦᠷᠢᠯᠳᠦᠭᠰᠡᠨ ᠮᠣᠩᠭᠣᠯ ᠤᠷᠠᠨ ᠪᠢᠴᠢᠯᠭᠡ ᠶ᠋ᠢᠨ ᠪᠣᠯᠪᠠᠰᠤᠷᠠᠯ ᠤ᠋ᠨ ᠰᠠᠭᠤᠷᠢᠨ ᠭᠠᠵᠠᠷ ᠢ᠋ ᠪᠠᠢᠭᠤᠯᠵᠤ᠂ ᠮᠣᠩᠭᠣᠯ ᠤᠷᠠᠨ ᠪᠢᠴᠢᠯᠭᠡ ᠶ᠋ᠢᠨ ᠦᠨᠳᠦᠰᠦᠨ ᠪᠣᠯᠪᠠᠰᠤᠷᠠᠯ ᠢ᠋ ᠲᠠᠰᠤᠷᠠᠯᠲᠠ ᠦᠭᠡᠢ ᠬᠢᠭᠰᠡᠨ ᠢ᠋ᠶ᠋ᠡᠷ ᠪᠠᠭᠰᠢ ᠨᠠᠷ ᠤ᠋ᠨ ᠤᠷᠮ᠎ᠠ ᠪᠠᠬ᠎ᠠ ᠶ᠋ᠢ ᠮᠠᠰᠢᠳᠠ ᠬᠥᠭᠵᠢᠭᠡᠨ᠂ ᠣᠯᠠᠩᠬᠢ ᠪᠠᠭᠰᠢ ᠨᠠᠷ ᠤ᠋ᠨ ᠪᠢᠴᠢᠯᠭᠡ ᠶ᠋ᠢᠨ ᠬᠢᠷᠢ ᠬᠡᠮᠵᠢᠶ᠎ᠡ ᠳᠡᠭᠡᠭᠰᠢᠯᠡᠭᠡᠳ ᠠᠢᠮᠠᠭ ᠬᠤᠰᠢᠭᠤᠨ ᠳ᠋ᠤ᠌ ᠪᠠᠨ ᠳᠡᠭᠡᠭᠦᠷ ᠪᠠᠢᠷᠢᠨ ᠳ᠋ᠤ᠌ ᠲᠠᠪᠰᠢᠨ ᠣᠷᠣᠵᠠᠢ᠃

2019 ᠣᠨ ᠤ᠋ 12 ᠰᠠᠷ᠎ᠠ ᠳ᠋ᠤ᠌ ᠡᠵᠡᠨ᠎ᠡ ᠬᠤᠰᠢᠭᠤᠨ ᠤ᠋ ᠢᠳᠡᠷ ᠵᠠᠯᠠᠭᠤ ᠪᠠᠭᠰᠢ ᠨᠠᠷ ᠢ᠋ᠶ᠋ᠠᠷ ᠪᠦᠷᠢᠯᠳᠦᠭᠰᠡᠨ ᠮᠣᠩᠭᠣᠯ ᠤᠷᠠᠨ ᠪᠢᠴᠢᠯᠭᠡ ᠶ᠋ᠢᠨ ᠪᠣᠯᠪᠠᠰᠤᠷᠠᠯ ᠤ᠋ᠨ ᠠᠩᠭᠢ ᠶ᠋ᠢ ᠳᠠᠬᠢᠨᠲᠠ ᠡᠷᠬᠢᠯᠡᠵᠦ᠂ ᠦᠷ᠎ᠡ ᠪᠦᠲᠦᠮᠵᠢ ᠮᠠᠰᠢ ᠰᠠᠢᠨ ᠪᠣᠯᠪᠠ᠃ 《ᠮᠣᠩᠭᠣᠯ ᠤ᠋ᠨ ᠨᠢᠭᠤᠴᠠ ᠲᠣᠪᠴᠢᠶᠠᠨ》(163 ᠮᠧᠲ᠋ᠷ ᠭᠠᠷᠤᠢ ᠤᠷᠲᠤ)᠂《ᠠᠯᠲᠠᠨ ᠲᠣᠪᠴᠢ》(260 ᠭᠠᠷᠤᠢ ᠮᠧᠲ᠋ᠷ ᠤᠷᠲᠤ)᠂《ᠡᠷᠳᠡᠨᠢ ᠶ᠋ᠢᠨ ᠲᠣᠪᠴᠢᠶ᠎ᠠ》 (140 ᠭᠠᠷᠤᠢ ᠮᠧᠲ᠋ᠷ ᠤᠷᠲᠤ) ᠵᠡᠷᠭᠡ ᠮᠣᠩᠭᠣᠯ ᠲᠤᠯᠭᠤᠷ ᠪᠢᠴᠢᠭ ᠢ᠋ ᠬᠠᠭᠤᠯᠤᠨ ᠴᠡᠷᠳᠡᠵᠦ ᠣᠷᠢᠶᠠᠮᠠᠯ ᠪᠦᠲᠦᠭᠡᠯ ᠪᠣᠯᠭᠠᠭᠰᠠᠨ ᠪᠥᠭᠡᠳ 《ᠲᠡᠭᠷᠢ ᠶ᠋ᠢᠨ ᠪᠣᠲᠣᠭᠣ》ᠨᠡᠷᠡᠮᠵᠢᠲᠦ ᠪᠦᠬᠦ ᠤᠯᠤᠰ ᠤ᠋ᠨ ᠢᠷᠠᠭᠤ ᠨᠠᠢᠷᠠᠭ ᠤ᠋ᠨ ᠨᠠᠭᠠᠳᠤᠮ ᠤ᠋ᠨ <1 - 10> ᠳ᠋ᠡᠬᠢ ᠬᠤᠭᠤᠴᠠᠭᠠᠨ ᠤ᠋ ᠰᠢᠯᠢᠳᠡᠭ ᠪᠦᠲᠦᠭᠡᠯ ᠦ᠋ᠳ ᠢ᠋ ᠬᠠᠭᠤᠯᠤᠨ ᠰᠡᠢᠷᠡᠭᠦᠯᠵᠦ᠂ 80 ᠣᠷᠴᠢᠮ ᠮᠣᠩᠭᠣᠯ ᠤᠷᠠᠨ ᠪᠢᠴᠢᠯᠭᠡ ᠶ᠋ᠢᠨ ᠡᠯᠭᠦᠮᠡᠯ ᠪᠦᠲᠦᠭᠡᠯ ᠪᠣᠯᠭᠠᠨ ᠪᠦᠲᠦᠭᠡᠪᠡ᠃《ᠠᠯᠲᠠᠨ ᠭᠡᠷᠡᠯ》(7 ᠲᠦᠮᠡ ᠭᠠᠷᠤᠢ ᠦᠰᠦᠭ )᠂《ᠲᠤᠷᠵᠢᠵᠤᠳᠪᠠ 》(ᠬᠣᠶᠠᠷ ᠲᠦᠮᠡ ᠰᠢᠬᠠᠮ ᠦᠰᠦᠭ)᠂《ᠲᠠᠷᠪᠦ ᠴᠢᠮᠪᠦ》(ᠬᠣᠶᠠᠷ ᠲᠦᠮᠡ ᠰᠢᠬᠠᠮ ᠦᠰᠦᠭ) ᠵᠡᠷᠭᠡ ᠰᠤᠳᠤᠷ ᠢ᠋ ᠬᠠᠭᠤᠯᠤᠨ ᠰᠡᠢᠷᠡᠭᠦᠯᠵᠦ᠂ ᠲᠡᠦᠬᠡ ᠶ᠋ᠢᠨ ᠦᠨᠡᠲᠦ ᠥᠪ ᠪᠣᠯᠭᠠᠨ ᠳᠡᠪᠲᠡᠷᠯᠡᠨ ᠬᠠᠳᠠᠭᠠᠯᠠᠪᠠ᠃ ᠡᠭᠦᠨ ᠡᠴᠡ ᠭᠠᠳᠠᠨ᠎ᠠ 200 ᠰᠢᠬᠠᠮ ᠮᠣᠩᠭᠣᠯ ᠤᠷᠠᠨ ᠪᠢᠴᠢᠯᠭᠡ ᠶ᠋ᠢᠨ ᠡᠯᠭᠦᠮᠡᠯ ᠪᠦᠲᠦᠭᠡᠯ ᠲᠡᠢ᠃
ᠳᠠᠬᠢᠪᠠᠯ《ᠠᠯᠲᠠᠨ ᠴᠠᠴᠤᠯᠭ᠎ᠠ》ᠨᠡᠷᠡᠮᠵᠢᠲᠦ ᠪᠠᠷᠠᠭᠤᠨ ᠳᠣᠯᠣᠭᠠᠨ ᠠᠢᠮᠠᠭ ᠬᠣᠲᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠠᠩᠬᠠᠳᠠᠭᠴᠢ ᠤᠳᠠᠭ᠎ᠠ ᠪᠠ ᠭᠤᠷᠪᠠᠳᠠᠬᠢ ᠤᠳᠠᠭᠠᠨ ᠤ᠋ ᠤᠷᠤᠯᠳᠤᠭᠠᠨ ᠳ᠋ᠤ᠌ ᠰᠢᠯᠢᠳᠡᠭ ᠳᠡᠰ ᠪᠠ ᠭᠤᠷᠪᠠᠳᠤᠭᠠᠷ ᠳᠡᠰ ᠦ᠋ᠨ ᠱᠠᠩ ᠢ᠋ ᠬᠦᠷᠲᠡᠪᠡ᠃ ᠨᠠᠢ᠍ᠮᠠᠨ ᠮᠣᠵᠢ ᠣᠷᠣᠨ ᠤ᠋ ᠳᠣᠯᠣᠭ᠎ᠠ᠂ ᠨᠠᠢ᠍ᠮᠠ᠂ ᠶᠢᠰᠦ᠂ ᠠᠷᠪᠠᠳᠤᠭᠠᠷ ᠤᠳᠠᠭᠠᠨ ᠤ᠋《ᠡᠬᠡ ᠬᠡᠯᠡ》ᠬᠤᠨᠳᠠᠭᠠᠲᠤ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠪᠦᠲᠦᠭᠡᠯ ᠰᠢᠯᠢᠭᠳᠡᠭᠰᠡᠨ ᠪᠠ ᠰᠢᠯᠢᠳᠡᠭ ᠳᠡᠰ ᠦ᠋ᠨ ᠱᠠᠩ ᠢ᠋ ᠬᠦᠷᠲᠡᠭᠰᠡᠨ ᠪᠠᠢᠨ᠎ᠠ᠃《ᠴᠢᠩᠭᠢᠰ ᠬᠠᠭᠠᠨ ᠤ᠋ ᠶᠢᠰᠦᠨ ᠥᠷᠯᠥᠭ ᠡᠴᠡ ᠥᠨᠥᠴᠢᠨ ᠬᠥᠪᠡᠭᠦᠨ ᠦ᠌ ᠰᠡᠴᠡᠯᠡᠭᠰᠡᠨ ᠱᠠᠰᠲᠢᠷ》ᠬᠡᠮᠡᠬᠦ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠨᠢ ᠪᠦᠬᠦ ᠤᠯᠤᠰ ᠤ᠋ᠨ ᠠᠩᠬᠠᠳᠠᠭᠴᠢ ᠤᠳᠠᠭᠠᠨ ᠤ᠋《ᠥᠭᠡᠳᠡ》ᠬᠤᠨᠳᠠᠭᠠᠲᠤ ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠳ᠋ᠦ᠍ ᠰᠣᠩᠭᠣᠭᠳᠠᠭᠰᠠᠨ ᠪᠢᠯᠡ᠃ ᠪᠦᠬᠦ ᠬᠤᠰᠢᠭᠤᠨ ᠤ᠋ ᠠᠩᠬᠠᠳᠠᠭᠴᠢ ᠤᠳᠠᠭᠠᠨ ᠤ᠋ ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭᠰᠢ ᠶ᠋ᠢᠨ《ᠤᠷᠠᠨ ᠮᠣᠩᠭᠣᠯ ᠦᠰᠦᠭ》ᠨᠡᠷᠡᠮᠵᠢᠲᠦ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠤ᠋ ᠨᠢᠭᠡᠳᠦᠭᠡᠷ ᠳᠡᠰ ᠦ᠋ᠨ ᠱᠠᠩ ᠢ᠋ ᠬᠦᠷᠲᠡᠭᠰᠡᠨ ᠪᠠᠢᠨ᠎ᠠ᠃ ᠪᠦᠬᠦ ᠠᠢᠮᠠᠭ ᠤ᠋ᠨ ᠳᠣᠯᠣᠳᠤᠭᠠᠷ ᠤᠳᠠᠭᠠᠨ ᠤ᠋《ᠠᠯᠲᠠᠨ ᠴᠠᠴᠤᠯᠭ᠎ᠠ》ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠣᠶᠠᠳᠤᠭᠠᠷ ᠳᠡᠰ ᠦ᠋ᠨ ᠱᠠᠩ ᠢ᠋ ᠬᠦᠷᠲᠡᠭᠰᠡᠨ ᠪᠠᠢᠳᠠᠭ᠃ ᠪᠦᠲᠦᠭᠡᠯ《ᠬᠥᠪ ᠬᠥᠬᠡ ᠲᠡᠭᠷᠢ ᠶ᠋ᠢᠨ ᠳᠣᠣᠷ᠎ᠠ》᠂《ᠣᠷᠴᠢᠯᠠᠩ ᠤ᠋ᠨ ᠰᠠᠢᠬᠠᠨ ᠤᠯᠠᠨᠪᠤᠯᠠᠭ》ᠨᠢ《ᠮᠥᠩᠬᠡ ᠲᠡᠭᠷᠢ ᠶ᠋ᠢᠨ ᠪᠢᠴᠢᠭ》ᠪᠣᠯᠤᠨ ᠣᠯᠠᠨ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠳ᠋ᠦ᠍ ᠰᠣᠩᠭᠣᠭᠳᠠᠵᠤ ᠥᠩᠭᠡᠷᠡᠭᠰᠡᠨ ᠶᠦᠮ᠃
ᠲᠡᠷᠡ ᠣᠳᠣ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠠᠨ ᠤ᠋ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ ᠠᠯᠠᠱᠠ ᠠᠢᠮᠠᠭ ᠤ᠋ᠨ ᠮᠣᠩᠭᠣᠯ ᠤᠷᠠᠨ ᠪᠢᠴᠢᠯᠭᠡᠲᠠᠨ ᠤ᠋ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ ᠠᠯᠠᠱᠠ ᠮᠣᠷᠢᠨ ᠬᠤᠭᠤᠷᠴᠢᠳ ᠤ᠋ᠨ ᠨᠡᠢᠭᠡᠮᠯᠢᠭ ᠦ᠋ᠨ ᠨᠡᠷ᠎ᠡ ᠬᠦᠨᠳᠦᠲᠦ ᠲᠡᠷᠢᠭᠦᠯᠡᠭᠴᠢ ᠵᠡᠷᠭᠡ ᠨᠡᠢᠭᠡᠮ ᠦ᠋ᠨ ᠡᠭᠦᠷᠭᠡ ᠲᠤᠰᠢᠶᠠᠯ ᠢ᠋ ᠬᠠᠷᠢᠭᠤᠴᠠᠵᠤ ᠪᠠᠢᠨ᠎ᠠ᠃

