ᠨᠢᠭᠡ ᠡᠴᠡ ᠡᠬᠢᠯᠡᠶ᠎ᠡNegees ekheliyeНэгээс эхэлье-ᠬᠣᠨᠢᠴᠢᠨ ᠦᠯᠵᠡᠢᠰᠦ᠋ᠷᠥᠩ
ᠳ᠋ᠣᠺᠲ᠋ᠣᠷ ᠬᠣᠨᠢᠴᠢᠨ ᠦᠯᠵᠡᠢᠰᠦ᠋ᠷᠥᠩ
ᠮᠠᠨ ᠤ᠋ 《ᠲᠡᠭ ᠡᠴᠡ ᠡᠬᠢᠯᠡᠶ᠎ᠡ》 ᠡᠵᠡᠩᠨᠡᠯᠲᠡ ᠶ᠋ᠢᠨ ᠠᠷᠭ᠎ᠠ ᠶ᠋ᠢᠨ ᠬᠢᠴᠢᠶᠡᠯ ᠨᠢ ᠠᠳᠠ ᠬᠦᠷᠦᠭᠡᠳ ᠡᠵᠡᠩᠨᠡᠯᠲᠡ ᠶ᠋ᠢᠨ ᠭᠣᠣᠯ ᠪᠣᠯᠬᠤ ᠣᠨᠣᠯ ᠢ᠋ ᠣᠳᠣ ᠶ᠋ᠢᠨ ᠪᠣᠳᠠᠲᠤ ᠪᠠᠢᠳᠠᠯ ᠳ᠋ᠤ᠌ ᠲᠤᠯᠭᠠᠭᠤᠷᠢᠯᠠᠨ ᠠᠩᠬ᠎ᠠ ᠠᠯᠬᠤᠮ ᠤ᠋ᠨ ᠰᠠᠭᠤᠷᠢ ᠮᠡᠳᠡᠯᠭᠡ ᠶ᠋ᠢ ᠡᠵᠡᠮᠰᠢᠭᠦᠯᠵᠦ ᠴᠢᠳᠠᠭᠰᠠᠨ ᠪᠢᠯᠡ᠃ ᠨᠡᠢᠭᠡᠮ ᠦ᠋ᠨ ᠬᠥᠭᠵᠢᠯᠲᠡ ᠶ᠋ᠢ ᠳᠠᠭᠠᠯᠳᠤᠨ ᠠᠮᠢᠳᠤᠷᠠᠯ ᠤ᠋ᠨ ᠠᠢᠵᠠᠮ ᠲᠦᠷᠭᠡᠰᠴᠦ᠂ ᠬᠡᠨ ᠬᠥᠮᠦᠨ ᠨᠢᠭᠡ ᠡᠳᠦᠷ ᠬᠥᠳᠡᠯᠮᠦᠷᠢᠯᠡᠬᠦ ᠦᠭᠡᠢ ᠂ ᠣᠨᠴᠠᠭᠠᠢᠯᠠᠨ ᠴᠠᠭ ᠦᠶ᠎ᠡ ᠶ᠋ᠢᠨ ᠬᠥᠭᠵᠢᠯᠲᠡ ᠶ᠋ᠢ ᠳᠠᠭᠠᠵᠤ ᠰᠡᠳᠬᠢᠬᠦ ᠦᠭᠡᠢ ᠪᠠᠢᠵᠤ ᠪᠣᠯᠬᠤ ᠦᠭᠡᠢ ᠪᠣᠯᠤᠭᠰᠠᠨ ᠪᠠᠢᠳᠠᠭ᠃ ᠲᠡᠢᠮᠦ ᠳ᠋ᠡᠭᠡᠨ ᠴᠦ᠍ ᠮᠠᠰᠢ ᠣᠯᠠᠨ ᠬᠥᠮᠦᠰ ᠰᠢᠨ᠎ᠡ ᠵᠦᠢᠯ ᠢ᠋ ᠰᠤᠷᠬᠤ ᠶ᠋ᠢ ᠬᠢᠴᠢᠶᠡᠵᠦ ᠪᠠᠢᠭ᠎ᠠ᠃ ᠲᠡᠷᠡ ᠳᠣᠳᠣᠮ ᠢ᠋ᠶ᠋ᠠᠨ ᠮᠠᠨ ᠤ᠋ ᠵᠠᠯᠠᠭᠤᠴᠤᠳ ᠪᠤᠰᠤᠳ ᠲᠠᠢ ᠠᠳᠠᠯᠢᠬᠠᠨ ᠶᠡᠬᠡ ᠶ᠋ᠢ ᠬᠢᠵᠦ ᠪᠦᠲᠦᠭᠡᠬᠦ ᠶ᠋ᠢᠨ ᠲᠥᠯᠥᠭᠡ ᠶᠡᠬᠡ ᠶ᠋ᠢ ᠰᠤᠷᠴᠤ ᠂ ᠵᠠᠬ᠎ᠠ ᠵᠡᠭᠡᠯᠢ ᠳ᠋ᠦ᠍ ᠥᠪᠡᠷ ᠦ᠋ᠨ ᠬᠦᠰᠡᠯ ᠮᠥᠷᠥᠭᠡᠳᠦᠯ ᠦ᠋ᠨ ᠢ᠋ᠶ᠋ᠡᠨ ᠲᠥᠯᠥᠭᠡ ᠬᠦᠴᠦ ᠪᠡᠨ ᠰᠣᠷᠢᠵᠤ ᠶᠠᠪᠤᠨ᠎ᠠ᠃
ᠶᠡᠬᠡ ᠵᠦᠢᠯ ᠢ᠋ ᠬᠢᠬᠦ ᠳ᠋ᠦ᠍ ᠶᠡᠬᠡᠬᠡᠨ ᠵᠦᠢᠯ ᠢ᠋ ᠰᠤᠷᠴᠤ ᠮᠡᠳᠡᠵᠦ ᠠᠪᠬᠤ ᠬᠡᠷᠡᠭᠲᠡᠢ᠃ ᠪᠢᠳᠡᠨ ᠦ᠌ ᠰᠤᠷᠤᠭᠰᠠᠨ ᠡᠵᠡᠩᠨᠡᠯᠲᠡ ᠶ᠋ᠢᠨ ᠠᠭᠤᠯᠭ᠎ᠠ ᠪᠣᠯ ᠠᠵᠢᠯ ᠦᠢᠯᠡᠰ ᠬᠢᠬᠦ ᠳ᠋ᠦ᠍ ᠬᠠᠮᠤᠭ ᠤ᠋ᠨ ᠦᠨᠳᠦᠰᠦᠨ ᠵᠦᠢᠯ ᠪᠣᠯᠬᠤ ᠮᠡᠳᠡᠪᠡᠰᠦ ᠵᠣᠬᠢᠬᠤ ᠰᠠᠭᠤᠷᠢ ᠮᠡᠳᠡᠯᠭᠡ ᠮᠥᠨ᠃ ᠪᠢᠳᠡ ᠡᠭᠦᠨ ᠢ᠋ ᠰᠤᠷᠴᠤ ᠮᠡᠳᠡᠭᠰᠡᠨ ᠦ᠌ ᠦᠨᠳᠦᠰᠦᠨ ᠳᠡᠭᠡᠷ᠎ᠡ ᠥᠪᠡᠷ ᠦ᠋ᠨ ᠪᠣᠳᠠᠲᠠᠢ ᠬᠢᠬᠦ ᠠᠵᠢᠯ ᠳᠡᠭᠡᠷ᠎ᠡ ᠪᠡᠨ ᠤᠶᠠᠯᠳᠤᠭᠤᠯᠵᠤ ᠬᠡᠷᠡᠭᠯᠡᠵᠦ ᠰᠤᠷᠬᠤ ᠨᠢ ᠮᠡᠳᠡᠯᠭᠡ ᠰᠤᠷᠬᠤ ᠶ᠋ᠢᠨ ᠬᠠᠮᠤᠭ ᠤ᠋ᠨ ᠴᠢᠬᠤᠯᠠ ᠠᠯᠬᠤᠮ ᠮᠥᠨ ᠃ ᠲᠡᠢᠮᠦ ᠡᠴᠡ ᠪᠢᠳᠡ ᠰᠤᠷᠤᠯᠴᠠᠬᠤ ᠳᠠᠭᠠᠨ ᠬᠡᠳᠦᠢ ᠶᠡᠬᠡ ᠣᠨᠣᠯ ᠤ᠋ᠨ ᠮᠡᠳᠡᠯᠭᠡ ᠶ᠋ᠢ ᠰᠤᠷᠬᠤ ᠨᠢ ᠴᠢᠬᠤᠯᠠ ᠪᠢᠰᠢ᠂ ᠬᠠᠷᠢᠨ ᠪᠣᠳᠠᠲᠠᠢ ᠠᠵᠢᠯ ᠠᠮᠢᠳᠤᠷᠠᠯ ᠲᠠᠢ ᠴᠢᠨᠢ ᠤᠶᠠᠯᠳᠤᠵᠤ ᠴᠢᠳᠠᠬᠤ᠂ ᠪᠣᠳᠠᠲᠤ ᠠᠵᠢᠯ ᠤ᠋ᠨ ᠰᠠᠭᠤᠷᠢᠨ ᠳᠡᠭᠡᠷ᠎ᠡ ᠪᠠᠲᠤᠯᠠᠭᠠᠵᠢᠭᠰᠠᠨ ᠲᠤᠷᠰᠢᠯᠭ᠎ᠠ ᠪᠣᠯᠬᠤᠢᠴᠠ ᠣᠨᠣᠯ ᠤ᠋ᠨ ᠮᠡᠳᠡᠯᠭᠡ ᠨᠢ ᠲᠠᠨ ᠳ᠋ᠤ᠌ ᠢᠯᠡᠭᠦᠦ ᠲᠤᠰᠠ ᠲᠠᠢ ᠪᠠᠢᠳᠠᠭ᠃ ᠡᠢᠮᠦ ᠡᠴᠡ ᠪᠢᠳᠡ ᠵᠦᠭᠡᠷ ᠬᠡᠢ ᠬᠣᠭᠣᠰᠣᠨ ᠵᠦᠢᠯ ᠢ᠋ ᠰᠤᠷᠬᠤ ᠡᠴᠡ ᠢᠯᠡᠭᠦᠦ ᠪᠣᠳᠠᠲᠠᠢ ᠠᠵᠢᠯ ᠦᠢᠯᠡᠰ ᠬᠢᠵᠦ ᠪᠠᠢᠭ᠎ᠠ ᠬᠥᠮᠦᠨ ᠦ᠌ ᠲᠤᠷᠰᠢᠯᠭ᠎ᠠ ᠰᠤᠷᠭᠠᠮᠵᠢ ᠲᠠᠢ ᠤᠶᠠᠯᠳᠤᠭᠰᠠᠨ ᠮᠡᠳᠡᠯᠭᠡ ᠮᠡᠷᠭᠡᠵᠢᠯ ᠢ᠋ ᠥᠪᠡᠷ ᠦ᠋ᠨ ᠬᠢᠬᠦ ᠭᠡᠵᠦ ᠪᠠᠢᠭ᠎ᠠ ᠵᠦᠢᠯ ᠲᠡᠢ ᠪᠡᠨ ᠤᠶᠠᠯᠳᠤᠭᠤᠯᠵᠤ ᠰᠤᠷᠬᠤ ᠨᠢ ᠶᠠᠭᠤᠨ ᠡᠴᠡ ᠴᠢᠬᠤᠯᠠ ᠶᠤᠮ᠃
ᠶᠠᠷᠢᠶᠠᠨ ᠦᠭᠡᠢ ᠪᠣᠳᠠᠲᠤ ᠠᠮᠢᠳᠤᠷᠠᠯ ᠤ᠋ᠨ ᠣᠷᠴᠢᠨ ᠳ᠋ᠤ᠌ ᠬᠥᠮᠦᠰ ᠦ᠋ᠨ ᠬᠢᠵᠦ ᠪᠠᠢᠭ᠎ᠠ ᠵᠣᠷᠢᠯᠲᠠ ᠠᠳᠠᠯᠢ ᠴᠤ᠌᠂ ᠬᠢᠵᠦ ᠪᠠᠢᠭ᠎ᠠ ᠠᠵᠢᠯ ᠲᠥᠷᠥᠯ ᠥᠭᠡᠷ᠎ᠡ ᠪᠠᠢᠳᠠᠭ ᠡᠴᠡ ᠥᠪᠡᠷ ᠥᠪᠡᠷ ᠦ᠋ᠨ ᠬᠢᠨᠢ ᠬᠡᠷᠡᠭᠴᠡᠭᠡ ᠱᠠᠭᠠᠷᠳᠠᠯᠭ᠎ᠠ ᠲᠠᠢ ᠮᠡᠳᠡᠯᠭᠡ ᠮᠡᠳᠡᠴᠡ ᠨᠢ ᠠᠳᠠᠯᠢ ᠪᠤᠰᠤ ᠪᠠᠢᠳᠠᠭ᠃ ᠬᠥᠮᠦᠨ ᠶᠡᠬᠡ ᠶ᠋ᠢ ᠰᠤᠷᠬᠤ ᠨᠢ ᠵᠦᠢᠲᠡᠢ᠂ ᠭᠡᠪᠡᠴᠦ ᠪᠣᠳᠠᠲᠤ ᠪᠠᠢᠳᠠᠯ ᠳᠣᠣᠷ᠎ᠠ ᠪᠦᠬᠦ ᠵᠦᠢᠯ ᠢ᠋ ᠰᠤᠷᠴᠤ ᠡᠵᠡᠮᠰᠢᠵᠦ ᠠᠪᠬᠤ ᠴᠠᠭ ᠵᠠᠪ᠂ ᠨᠥᠬᠥᠴᠡᠯ ᠪᠣᠯᠤᠯᠴᠠᠭ᠎ᠠ ᠲᠡᠷᠡ ᠪᠣᠯᠭᠠᠨ ᠪᠠᠢᠳᠠᠭ ᠦᠭᠡᠢ᠃ ᠲᠡᠢᠮᠦ ᠡᠡᠴᠡ ᠪᠢᠳᠡ ᠥᠪᠡᠷ ᠥᠪᠡᠷ ᠦ᠋ᠨ ᠠᠵᠢᠯ ᠦᠢᠯᠡᠰ ᠦ᠋ᠨ ᠢ᠋ᠶ᠋ᠡᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠵᠦ ᠪᠠᠢᠭᠠᠳ ᠶᠠᠭᠤ ᠰᠤᠷᠬᠤ᠂ ᠬᠡᠨ ᠡᠴᠡ ᠰᠤᠷᠬᠤ᠂ ᠶᠠᠭᠠᠬᠢᠵᠤ ᠰᠤᠷᠬᠤ ᠵᠢᠴᠢ ᠶᠠᠮᠠᠷ ᠲᠦᠪᠰᠢᠨ ᠳ᠋ᠦ᠍ ᠰᠤᠷᠴᠤ ᠡᠵᠡᠮᠰᠢᠬᠦ ᠪᠡᠨ ᠲᠣᠭᠲᠠᠬᠤ ᠬᠡᠷᠡᠭᠲᠡᠢ᠃ ᠢᠩᠭᠢᠵᠦ ᠪᠠᠢᠵᠤ ᠪᠢᠳᠡ ᠵᠣᠷᠢᠯᠭ᠎ᠠ ᠲᠠᠢ ᠪᠠᠷ ᠰᠤᠷᠬᠤ ᠴᠢᠬᠤᠯᠠ ᠲᠠᠢ ᠵᠦᠢᠯ ᠢ᠋ᠶ᠋ᠡᠨ ᠰᠤᠷᠴᠤ ᠴᠢᠳᠠᠬᠤ ᠮᠥᠷᠲᠡᠭᠡᠨ ᠰᠤᠷᠤᠭᠰᠠᠨ ᠵᠦᠢᠯ ᠮᠠᠨᠢ ᠪᠢᠳᠡᠨ ᠦ᠌ ᠬᠢᠵᠦ ᠡᠷᠬᠢᠯᠡᠵᠦ ᠪᠠᠢᠭ᠎ᠠ ᠠᠵᠢᠯ ᠦᠢᠯᠡᠰ ᠲᠦ᠍ ᠰᠢᠭᠤᠳ ᠬᠡᠷᠡᠭ ᠪᠣᠯᠵᠤ ᠴᠢᠳᠠᠨ᠎ᠠ᠃
ᠥᠨᠥᠳᠥᠷ ᠨᠢᠭᠡ ᠬᠥᠮᠦᠨ ᠳᠠᠩ ᠭᠠᠭᠴᠠᠭᠠᠷ ᠢ᠋ᠶ᠋ᠠᠨ ᠬᠢᠭᠡᠳ ᠳᠡᠢᠯᠳᠡᠭ᠂ ᠬᠢᠵᠦ ᠪᠣᠯᠬᠤ ᠪᠣᠯᠤᠮᠵᠢ ᠪᠠᠷᠤᠭ ᠪᠠᠢᠬᠤ ᠦᠭᠡᠢ ᠪᠣᠯᠵᠤ ᠪᠠᠢᠭ᠎ᠠ ᠪᠢᠯᠡ᠃ ᠣᠯᠠᠩᠬᠢ ᠠᠵᠢᠯ ᠢ᠋ ᠬᠡᠳᠦᠨ ᠲᠥᠷᠥᠯ ᠦ᠋ᠨ ᠠᠵᠢᠯ ᠢ᠋ ᠬᠢᠬᠦ ᠪᠡᠷ ᠳᠠᠮᠵᠢᠨ ᠪᠦᠲᠦᠭᠡᠬᠦ ᠪᠤᠶᠤ ᠣᠯᠠᠭᠤᠯᠠ ᠬᠠᠮᠲᠤᠷᠠᠨ ᠪᠠᠢᠵᠤ ᠬᠢᠵᠦ ᠪᠦᠲᠦᠭᠡᠳᠡᠭ᠃ ᠡᠢᠮᠦ ᠨᠥᠬᠥᠴᠡᠯ ᠪᠠᠢᠳᠠᠯ ᠡᠴᠡ ᠪᠣᠯᠤᠭᠠᠳ ᠮᠡᠳᠡᠯᠭᠡ ᠮᠡᠳᠡᠴᠡ ᠶ᠋ᠢ ᠰᠤᠷᠤᠯᠴᠠᠠᠬᠤ ᠬᠡᠯᠪᠡᠷᠢ ᠳ᠋ᠦ᠍ ᠴᠦ᠍ ᠬᠤᠪᠢᠷᠠᠯᠲᠠ ᠭᠠᠷᠴᠤ ᠪᠠᠢᠨ᠎ᠠ ᠃ ᠤᠤᠯ ᠨᠢ ᠬᠥᠮᠦᠰ ᠥᠪᠡᠷ ᠦ᠋ᠨ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠵᠦ ᠂ ᠬᠢᠵᠦ ᠪᠠᠢᠭ᠎ᠠ ᠵᠦᠢᠯ ᠢ᠋ᠶ᠋ᠡᠨ ᠤᠯᠠᠮ ᠰᠠᠢᠨ ᠠᠪᠴᠤ ᠶᠠᠪᠤᠬᠤ ᠶ᠋ᠢ ᠬᠦᠰᠡᠳᠡᠭ ᠪᠣᠯ᠂ ᠣᠳᠣ ᠬᠠᠮᠲᠤ ᠣᠯᠠᠨ ᠢ᠋ᠶ᠋ᠠᠷ ᠢ᠋ᠶ᠋ᠠᠨ ᠰᠤᠷᠤᠯᠴᠠᠵᠤ᠂ ᠪᠠᠭ ᠪᠦᠯᠬᠦᠮ ᠦ᠋ᠨ ᠢ᠋ᠶ᠋ᠡᠨ ᠴᠢᠳᠠᠪᠤᠷᠢ ᠶ᠋ᠢ ᠳᠡᠭᠡᠭᠰᠢᠯᠡᠭᠦᠯᠬᠦ ᠪᠡᠷ ᠪᠠᠷᠠᠬᠤ ᠦᠭᠡᠢ᠂ ᠬᠠᠮᠲᠤ ᠪᠠᠷ ᠨᠢᠭᠡ ᠮᠡᠳᠡᠯᠭᠡ ᠶ᠋ᠢᠨ ᠲᠦᠪᠰᠢᠨ ᠲᠡᠢ ᠪᠣᠯᠵᠤ ᠴᠢᠳᠠᠭᠰᠠᠨ ᠢ᠋ᠶ᠋ᠠᠷ ᠬᠠᠮᠲᠤ ᠶ᠋ᠢᠨ ᠦᠵᠡᠯ ᠲᠠᠨᠢᠯᠲᠠ ᠲᠠᠢ ᠪᠣᠯᠵᠤ ᠦᠵᠡᠯ ᠪᠣᠳᠣᠯ ᠢ᠋ᠶ᠋ᠠᠨ ᠨᠢᠭᠡᠳᠬᠡᠵᠦ᠂ ᠠᠵᠢᠯ ᠦᠢᠯᠡᠰ ᠢ᠋ᠶ᠋ᠡᠨ ᠤᠯᠠᠮ ᠠᠯᠤᠰ ᠢᠷᠡᠭᠡᠳᠦᠢ ᠲᠡᠢ ᠪᠣᠯᠭᠠᠵᠤ ᠪᠠᠢᠨ᠎ᠠ᠃
ᠪᠢᠳᠡ ᠡᠨᠳᠡ ᠬᠠᠮᠲᠤ ᠳ᠋ᠠᠭᠠᠨ ᠡᠳᠡᠭᠡᠷ ᠬᠢᠴᠢᠶᠡᠯ ᠢ᠋ ᠰᠤᠷᠤᠯᠴᠠᠭᠰᠠᠨ ᠲᠠᠢ ᠠᠳᠠᠯᠢᠬᠠᠨ ᠂ ᠬᠥᠮᠦᠰ ᠲᠤᠰ ᠲᠤᠰ ᠲᠠᠭᠠᠨ ᠡᠳᠦᠷ ᠪᠦᠷᠢ ᠮᠠᠰᠢ ᠣᠯᠠᠨ ᠵᠦᠢᠯ ᠢ᠋ ᠰᠤᠷᠴᠤ ᠪᠠᠢᠭ᠎ᠠ ᠪᠢᠯᠡ᠃ ᠵᠠᠯᠭᠠᠭᠠᠳ ᠪᠢᠳᠡ ᠬᠤᠪᠢ ᠬᠤᠪᠢ ᠳ᠋ᠠᠭᠠᠨ ᠴᠤ᠌ ᠮᠠᠰᠢ ᠶᠡᠬᠡ ᠵᠦᠢᠯ ᠢ᠋ ᠰᠤᠷᠴᠤ ᠡᠵᠡᠮᠰᠢᠵᠦ ᠶᠠᠪᠤᠬᠤ ᠪᠣᠯᠤᠨ᠎ᠠ᠃ ᠲᠤᠬᠠᠢ ᠶ᠋ᠢᠨ ᠦᠶ᠎ᠡ ᠳ᠋ᠦ᠍ ᠪᠢᠳᠡ ᠡᠨᠡᠬᠦ 《ᠲᠡᠭ ᠡᠴᠡ ᠡᠬᠢᠯᠡᠶ᠎ᠡ» ᠰᠠᠭᠤᠷᠢ ᠮᠡᠳᠡᠯᠭᠡ ᠶ᠋ᠢᠨ ᠢ᠋ᠶ᠋ᠡᠨ ᠰᠠᠭᠤᠷᠢᠨ ᠳᠡᠭᠡᠷ᠎ᠡ᠂ ᠥᠪᠡᠷ ᠦ᠋ᠨ ᠬᠢᠵᠦ ᠪᠠᠢᠭ᠎ᠠ ᠠᠵᠢᠯ ᠦᠢᠯᠡᠰ ᠦ᠋ᠨ ᠬᠡᠷᠡᠭᠴᠡᠭᠡ ᠱᠠᠭᠠᠷᠳᠠᠯᠭ᠎ᠠ ᠳ᠋ᠤ᠌ ᠵᠣᠬᠢᠴᠠᠭᠤᠯᠤᠨ ᠪᠣᠳᠠᠲᠠᠢ ᠳ᠋ᠤ᠌ ᠰᠠᠭᠤᠷᠢᠯᠠᠭᠰᠠᠨ ᠮᠡᠳᠡᠯᠭᠡ ᠪᠡᠷ ᠥᠪᠡᠷ ᠢ᠋ ᠪᠡᠨ ᠪᠣᠯᠤᠨ ᠬᠠᠮᠲᠤ ᠣᠯᠠᠨ ᠢ᠋ᠶ᠋ᠠᠨ ᠵᠡᠪᠰᠡᠭᠯᠡᠪᠡᠯ ᠦᠨᠡᠨᠬᠦ 《ᠨᠢᠭᠡ ᠡᠴᠡ ᠡᠬᠢᠯᠡᠵᠦ » ᠳᠡᠰ ᠳᠠᠪᠰᠢᠵᠤ ᠴᠢᠳᠠᠨ᠎ᠠ᠃
ᠦᠰᠦᠭ ᠬᠥᠷᠪᠡᠭᠦᠯᠦᠭᠴᠢ ᠄ ᠤᠷᠢᠶᠠᠩᠬᠠᠢ ᠨᠠᠷᠠᠨᠮᠠᠨᠳᠠ
