ᠪᠤᠷᠴᠠᠭ ᠴᠠᠢBurtsag tsaiБурцаг цай
ᠲᠤᠰ ᠡᠮ ᠪᠣᠯ ᠴᠠᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠠᠭᠤᠯᠠᠨ ᠴᠠᠢ ᠶ᠋ᠢᠨ ᠴᠡᠴᠡᠭ ᠮᠥᠨ᠃ ᠬᠡᠰᠡᠭ ᠭᠠᠵᠠᠷ ᠲᠤ ᠶᠠᠵᠢᠮᠡ ᠪᠡᠷ ᠬᠡᠷᠡᠭᠯᠡᠵᠦ ᠪᠠᠢᠨ᠎ᠠ᠃
[ᠤᠤᠯ ᠤᠷᠭᠤᠮᠠᠯ] ᠮᠥᠩᠬᠡ ᠨᠣᠭᠣᠭᠠᠨ ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠃10m ᠥᠨᠳᠥᠷ᠂ ᠬᠣᠯᠲᠣᠰᠣ ᠨᠢ ᠴᠠᠢᠪᠤᠷ ᠬᠦᠷᠢᠨ ᠥᠩᠭᠡ ᠲᠡᠢ᠂ ᠨᠢᠯᠬ᠎ᠠ ᠮᠥᠴᠢᠷ ᠨᠢ ᠤᠯᠠᠪᠤᠷ ᠥᠩᠭᠡ ᠲᠡᠢ᠂ ᠦᠰᠦ ᠦᠭᠡᠢ᠃ ᠳᠠᠩ ᠨᠠᠪᠴᠢ ᠨᠢ ᠴᠤᠪᠤᠷᠠᠨ ᠤᠷᠭᠤᠨ᠎ᠠ᠃ ᠨᠠᠪᠴᠢᠨ ᠪᠠᠷᠢᠭᠤᠯ ᠨᠢ8~15mm ᠤᠷᠲᠤ᠃ ᠨᠠᠪᠴᠢ ᠨᠢ ᠬᠥᠳᠥᠰᠥᠯᠢᠭ᠂ ᠲᠣᠩᠭᠣᠷᠤᠤ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂5~10cm ᠤᠷᠲᠤ᠂2.5~6cm ᠥᠷᠭᠡᠨ᠂ ᠱᠤᠪᠲᠤᠭᠠᠷ ᠮᠥᠷᠲᠡᠭᠡᠨ ᠮᠤᠬᠤᠷ ᠦᠵᠦᠭᠦᠷ ᠲᠡᠢ᠃ ᠱᠠᠭᠠᠨᠲᠠᠭ ᠤᠭ ᠲᠠᠢ᠂ ᠬᠥᠪᠡᠭᠡ ᠪᠡᠷ ᠨᠢ ᠨᠠᠷᠢᠨ ᠬᠢᠷᠥᠭᠡᠨ ᠰᠢᠲᠦ ᠲᠡᠢ᠂ ᠨᠠᠪᠴᠢᠨ ᠥᠪᠥᠷ ᠨᠢ ᠭᠦᠨ ᠨᠣᠭᠣᠭᠠᠨ᠂ ᠭᠢᠯᠦᠭᠡᠷ᠂ ᠠᠷᠤ ᠨᠢ ᠭᠦᠢᠬᠡᠨ ᠨᠣᠭᠣᠭᠠᠨ ᠥᠩᠭᠡ ᠲᠡᠢ᠂ ᠬᠣᠶᠠᠷ ᠲᠠᠯ᠎ᠠ ᠳ᠋ᠤᠨᠢ ᠪᠦᠷ ᠦᠰᠦ ᠦᠭᠡᠢ᠂ ᠬᠠᠲᠠᠭᠰᠠᠨ ᠤ᠋ ᠰᠡᠭᠦᠯᠡᠷ ᠰᠢᠷ᠎ᠠ ᠪᠣᠯᠳᠠᠭ᠃ ᠴᠡᠴᠡᠭ ᠨᠢ ᠬᠣᠣᠰ ᠪᠡᠯᠭᠡ ᠲᠡᠢ᠂ ᠨᠠᠪᠴᠢᠨ ᠰᠤᠭᠤ ᠪᠤᠶᠤ ᠮᠥᠴᠢᠷ ᠦ᠋ᠨ ᠣᠷᠣᠢ ᠳ᠋ᠤ᠌ ᠭᠠᠭᠴᠠᠭᠠᠷ ᠪᠤᠶᠤ ᠴᠢᠭᠲᠠᠯᠠᠨ ᠳᠡᠯᠭᠡᠷᠡᠨ᠎ᠡ᠂ ᠤᠯᠠᠭᠠᠨ ᠥᠩᠭᠡ ᠲᠡᠢ᠂ ᠳ᠋ᠢᠶᠠᠮᠧᠲ᠋ᠷ ᠨᠢ5~8cm᠂ ᠲᠣᠭᠳᠣᠢ ᠢᠯᠲᠠᠰᠤ ᠨᠢ5᠂ ᠥᠷᠭᠡᠨ ᠥᠨᠳᠡᠭᠡᠯᠵᠢᠨ ᠬᠡᠯᠪᠡᠷᠢ ᠲᠡᠢ᠂ ᠭᠠᠳᠠᠷ ᠨᠢ ᠴᠠᠭᠠᠨ ᠥᠩᠭᠡ ᠲᠡᠢ ᠵᠥᠭᠡᠯᠡᠨ ᠦᠰᠦ ᠲᠡᠢ᠃ ᠴᠡᠴᠡᠭ ᠦ᠋ᠨ ᠬᠡᠯᠲᠡᠰ ᠨᠢ5~7᠂ ᠲᠠᠷᠢᠮᠠᠯ ᠨᠢ ᠣᠯᠠᠨ ᠳᠠᠪᠬᠤᠷ ᠬᠡᠯᠲᠡᠰ ᠲᠡᠢ᠂ ᠴᠠᠭᠠᠨ᠂ ᠭᠦᠢᠬᠡᠨ ᠤᠯᠠᠭᠠᠨ ᠵᠡᠷᠭᠡ ᠥᠩᠭᠡ ᠲᠡᠢ᠂ ᠴᠡᠴᠡᠭ ᠦ᠋ᠨ ᠬᠡᠯᠲᠡᠰ ᠨᠢ ᠲᠣᠭᠣᠷᠢᠭ ᠰᠢᠬᠠᠮ᠂ ᠡᠮᠲᠡᠷᠬᠡᠢ ᠣᠷᠣᠢ ᠲᠠᠢ᠂ ᠤᠭ ᠢ᠋ᠶ᠋ᠠᠷ ᠢ᠋ᠶ᠋ᠠᠨ ᠵᠢᠭᠠᠬᠠᠨ ᠨᠡᠢᠯᠡᠳᠡᠭ᠃ ᠣᠯᠠᠨ ᠡᠷ᠎ᠡ ᠲᠣᠭᠣᠷᠴᠣᠭ ᠲᠠᠢ᠂ ᠭᠠᠳᠠᠷ ᠬᠠᠵᠠᠭᠤ ᠶ᠋ᠢᠨ ᠳᠣᠬᠢᠭᠤᠷ ᠨᠢ ᠤᠭ ᠢ᠋ᠶ᠋ᠠᠷ ᠢ᠋ᠶ᠋ᠠᠨ ᠨᠡᠢᠯᠡᠵᠦ᠂ ᠴᠡᠴᠡᠭ ᠦ᠋ᠨ ᠬᠡᠯᠲᠡᠰ ᠦ᠋ᠨ ᠤᠭ ᠲᠤ ᠳᠠᠭᠠᠯᠳᠤᠵᠤ ᠪᠠᠢᠳᠠᠭ᠂ ᠳᠣᠲᠣᠷ᠎ᠠ ᠲᠠᠯ᠎ᠠ ᠶ᠋ᠢᠨ ᠬᠢᠨᠢ ᠰᠠᠯᠤᠩᠭᠢ᠃ ᠤᠮᠠᠢ ᠨᠢ ᠳᠡᠭᠡᠳᠦ ᠣᠷᠣᠨ ᠲᠠᠢ᠂ ᠭᠥᠯᠢᠭᠡᠷ᠂ ᠦᠰᠦ ᠦᠭᠡᠢ᠂ ᠲᠠᠰᠤᠭ ᠨᠢ ᠨᠢᠷᠤᠭᠤ ᠪᠠᠷ ᠢ᠋ᠶ᠋ᠠᠨ ᠬᠠᠭᠠᠷᠠᠨ᠎ᠠ᠃ ᠦᠷ᠎ᠡ ᠨᠢ ᠪᠥᠮᠪᠦᠭᠡᠯᠵᠢᠨ ᠰᠢᠬᠠᠮ᠂ ᠥᠨᠴᠥᠭ ᠢᠷᠮᠡᠭ ᠲᠡᠢ᠂ ᠪᠦᠳᠡᠭᠢ ᠬᠦᠷᠢᠨ ᠥᠩᠭᠡ ᠲᠡᠢ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ ᠨᠡᠢᠳᠡᠮ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ]4~5 ᠳ᠋ᠤᠭᠠᠷ ᠰᠠᠷ᠎ᠠ ᠳ᠋ᠤ᠌ ᠴᠡᠴᠡᠭ ᠨᠢ ᠥᠷᠨᠢᠭᠦᠨ ᠳᠡᠯᠭᠡᠷᠡᠵᠦ ᠪᠠᠢᠬᠤ ᠦᠶ᠎ᠡ ᠳ᠋ᠦ᠍ ᠲᠡᠭᠦᠵᠦ᠂ ᠨᠠᠷᠠᠨ ᠳ᠋ᠤ᠌ ᠬᠠᠲᠠᠭᠠᠬᠤ ᠪᠤᠶᠤ ᠬᠠᠨᠵᠤᠨ ᠳᠡᠭᠡᠷ᠎ᠡ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠭᠠᠰᠢᠭᠤᠨ᠂ ᠭᠤᠱᠤᠭᠤᠨ ᠠᠮᠲᠠ ᠲᠠᠢ᠂ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠬᠠᠯᠠᠭᠤᠨ ᠰᠢᠷ᠎ᠠ᠂ ᠨᠢᠳᠦ ᠪᠡᠶ᠎ᠡ ᠰᠢᠷᠠᠯᠠᠬᠤ᠂ ᠡᠯᠢᠭᠡᠨ ᠬᠠᠯᠠᠭᠤᠨ᠂ ᠲᠣᠯᠣᠭᠠᠢ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄山茶花(红山茶)
ᠠᠩᠭ᠌ᠯᠢ ᠨᠡᠷ᠎ᠡ᠄Camellia japonica L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
