ᠲᠦᠮᠡᠨ ᠵᠠᠰᠠᠭᠲᠤ ᠬᠠᠭᠠᠨTümen zasagt khaanТүмэн засагт хаан ᠴᠤᠤᠲᠤ ᠬᠥᠮᠥᠰ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠦᠮᠡᠨ ᠵᠠᠰᠠᠭᠲᠤ ᠬᠠᠭᠠᠨTümen zasagt khaanТүмэн засагт хаан

ᠲᠦᠮᠡᠨ ᠵᠠᠰᠠᠭᠲᠤ ᠬᠠᠭᠠᠨTümen zasagt khaanТүмэн засагт хаан

ᠠᠩᠭᠢᠯᠠᠯ:ᠴᠤᠤᠲᠤ ᠬᠥᠮᠥᠰ
2025-09-13

293

ᠲᠦᠮᠡᠨ ᠵᠠᠰᠠᠭᠲᠤ ᠬᠠᠭᠠᠨ

       ᠨᠠᠢᠷᠠᠭᠤᠯᠤᠭᠰᠠᠨ ᠨᠢ ᠄ ᠱ · ᠴᠸᠶᠢᠨ — ᠣᠢᠳᠤᠪ 
    ᠬᠢᠶᠠᠳ ᠪᠣᠷᠵᠢᠭᠢᠨ ᠣᠪᠣᠭᠲᠤ ᠲᠦᠮᠡᠨ1539 ᠣᠨ ᠳ᠋ᠤ᠌ ᠪᠣᠳᠢ ᠠᠯᠠᠭ ᠬᠠᠭᠠᠨ ᠤ᠋ ᠠᠬᠠᠮᠠᠳ ᠬᠦᠦ ᠳᠠᠷᠠᠢᠰᠤᠨ ᠬᠦᠳᠡᠩ ᠬᠠᠭᠠᠨ ᠤ᠋ ᠭᠡᠷ ᠲᠦ᠍ ᠲᠥᠷᠥᠵᠡᠢ1557 ᠣᠨ ᠳ᠋ᠤ᠌ ᠡᠴᠢᠭᠡ ᠳᠠᠷᠠᠢᠰᠤᠨ ᠬᠦᠳᠡᠩ ᠬᠠᠭᠠᠨ ᠢ᠋ ᠨᠠᠰᠤ ᠪᠠᠷᠠᠬᠤ ᠳ᠋ᠤ᠌ ᠲᠦᠮᠡᠨ 20ᠨᠠᠰᠤᠲᠠᠢ ᠳ᠋ᠤ᠌ ᠪᠠᠨ1558 ᠣᠨ ᠳ᠋ᠤ᠌ ᠡᠴᠢᠭᠡ ᠶ᠋ᠢᠨ ᠢ᠋ᠶ᠋ᠡᠨ ᠣᠷᠣ ᠰᠠᠭᠤᠷᠢ ᠶ᠋ᠢ ᠵᠠᠯᠭᠠᠮᠵᠢᠯᠠᠵᠤ ᠰᠢᠷᠡᠭᠡᠨ ᠳ᠋ᠦ᠍ ᠰᠠᠭᠤᠭᠰᠠᠨ ᠮᠣᠩᠭᠣᠯ ᠤᠯᠤᠰ ᠤ᠋ᠨ34 ᠬᠠᠭᠠᠨ ᠶᠤᠮ᠃
    ᠲᠦᠮᠡᠨ ᠵᠠᠰᠠᠭᠲᠤ ᠬᠠᠭᠠᠨ ᠥᠪᠡᠷ ᠦ᠋ᠨ ᠣᠷᠣᠨ ᠤ᠋ ᠳᠣᠲᠣᠭᠠᠳᠤ ᠵᠥᠷᠢᠴᠡᠯ ᠢ᠋ ᠰᠢᠢᠳᠪᠦᠷᠢᠯᠡᠬᠦ ᠶᠢᠨ ᠲᠥᠯᠥᠭᠡ ᠴᠠᠬᠠᠷ᠂ ᠬᠠᠯᠬ᠎ᠠ᠂ ᠲᠦᠮᠡᠳ᠂ ᠶᠦᠩᠰᠢᠶᠡᠪᠦ᠂ ᠣᠷᠳᠣᠰ ᠲᠦᠮᠡᠨ ᠵᠡᠷᠭᠡ ᠨᠥᠯᠥᠭᠡ ᠪᠦᠬᠦ ᠬᠥᠮᠦᠰ ᠢ᠋ ᠬᠠᠭᠠᠨ ᠤ᠋ ᠳᠡᠷᠭᠡᠳᠡ ᠬᠠᠰᠢᠬᠤ ᠴᠢᠬᠤᠯᠠ ᠲᠠᠢ ᠠᠵᠢᠯ ᠡᠭᠦᠷᠭᠡ ᠶ᠋ᠢ ᠬᠠᠷᠢᠭᠤᠴᠠᠭᠤᠯᠵᠤ᠂ ᠤᠯᠤᠰ ᠲᠥᠷᠥ᠂ ᠠᠵᠤ ᠠᠬᠤᠢ ᠶ᠋ᠢᠨ ᠲᠠᠯ᠎ᠠ ᠪᠠᠷ ᠰᠦᠷᠡᠬᠡᠢ ᠥᠭᠡᠷᠡᠴᠢᠯᠡᠯᠲᠡ ᠨᠦ᠍ᠭᠦᠳ ᠢ᠋ ᠬᠢᠵᠦ ᠵᠣᠬᠢᠬᠤ ᠰᠠᠢᠨ ᠨᠥᠯᠥᠭᠡ ᠦᠵᠡᠭᠦᠯᠦᠭᠰᠡᠨ ᠢ᠋ᠶ᠋ᠡᠷ ᠲᠠᠯᠠᠷᠬᠠᠨ ᠬᠦᠷᠢᠶᠡᠯᠡᠵᠦ《ᠲᠦᠮᠡᠨ ᠵᠠᠰᠠᠭᠲᠤ ᠬᠠᠭᠠᠨ》 ᠭᠡᠮᠡᠨ ᠡᠷᠭᠦᠮᠵᠢᠯᠡᠨ ᠳᠠᠭᠤᠳᠠᠬᠤ ᠪᠣᠯᠤᠭᠰᠠᠨ ᠪᠠᠢᠨ᠎ᠠ᠃ ᠭᠡᠪᠡᠴᠦ ᠭᠣᠪᠢ ᠶ᠋ᠢᠨ ᠡᠮᠦᠨᠡᠬᠢ ᠮᠣᠩᠭᠣᠯᠴᠤᠳ ᠢ᠋ᠶ᠋ᠠᠨ ᠨᠢᠭᠡᠳᠬᠡᠵᠦ ᠴᠢᠳᠠᠭ᠎ᠠ ᠦᠭᠡᠢ ᠪᠢᠯᠡ᠃
    ᠲᠦᠮᠡᠨ ᠵᠠᠰᠠᠭᠲᠤ ᠬᠠᠭᠠᠨ ᠥᠪᠡᠷ ᠦ᠋ᠨ ᠪᠡᠶ᠎ᠡ ᠪᠡᠷ ᠢ᠋ᠶ᠋ᠡᠨ ᠬᠣᠶᠠᠷ ᠤᠳᠠᠭ᠎ᠠ ᠴᠡᠷᠢᠭ ᠵᠠᠬᠢᠷᠴᠤ ᠮᠢᠩ ᠤᠯᠤᠰ ᠢ᠋ ᠳᠣᠪᠲᠣᠯᠤᠭᠰᠠᠨ ᠪᠣᠯᠪᠠᠴᠤ ᠮᠢᠩ ᠤᠯᠤᠰ ᠲᠠᠢ ᠡᠩᠬᠡ ᠲᠠᠢᠪᠤᠩ ᠢ᠋ᠶ᠋ᠠᠷ ᠬᠤᠳᠠᠯᠳᠤᠭ᠎ᠠ ᠨᠠᠢ᠍ᠮᠠᠢ ᠬᠢᠬᠦ ᠭᠡᠰᠡᠨ ᠵᠣᠷᠢᠯᠭ᠎ᠠ ᠨᠢ ᠪᠦᠲᠦᠭᠡ ᠦᠭᠡᠢ᠃
    ᠲᠦᠮᠡᠨ ᠵᠠᠰᠠᠭᠲᠤ ᠬᠠᠭᠠᠨ1558—1592 ᠣᠨ ᠢ᠋ ᠬᠦᠷᠲᠡᠯ᠎ᠡ34 ᠵᠢᠯ ᠮᠣᠩᠭᠣᠯ ᠤᠯᠤᠰ ᠤ᠋ᠨ ᠬᠠᠭᠠᠨ ᠰᠢᠷᠡᠭᠡᠨ ᠳ᠋ᠦ᠍ ᠰᠠᠭᠤᠵᠤ1592 ᠣᠨ ᠳ᠋ᠤ᠌54 ᠨᠠᠰᠤᠲᠠᠢ ᠳ᠋ᠤ᠌ ᠪᠠᠨ ᠶᠢᠷᠲᠢᠨᠴᠦ ᠶ᠋ᠢᠨ ᠮᠥᠩᠬᠡ ᠪᠤᠰᠤ ᠶ᠋ᠢ ᠦᠵᠡᠭᠦᠯᠵᠡᠢ᠃

     ᠢᠷᠡᠯᠲᠡ᠄《ᠮᠣᠩᠭᠣᠯ ᠤ᠋ᠨ ᠭᠤᠴᠢᠨ ᠵᠢᠷᠭᠤᠭᠠᠨ ᠬᠠᠭᠠᠳ ᠤ᠋ᠨ ᠲᠣᠪᠴᠢ ᠨᠠᠮᠲᠠᠷ》 ᠨᠣᠮ ᠠ᠋ᠴᠠ ᠰᠣᠩᠭᠣᠪᠠ᠃
     ᠦᠰᠦᠭ ᠠᠮᠢᠯᠠᠭᠤᠯᠤᠭᠰᠠᠨ ᠨᠢ᠄ ᠴᠢ᠊ · ᠤᠷᠠᠨᠴᠡᠴᠡᠭ