ᠪᠠᠭ᠎ᠠ ᠬᠣᠨᠢᠨ ᠨᠢᠳᠦᠨ ᠴᠡᠴᠡᠭBaga khonin nüden tsetsegБага хонин нүдэн цэцэг ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠠᠭ᠎ᠠ ᠬᠣᠨᠢᠨ ᠨᠢᠳᠦᠨ ᠴᠡᠴᠡᠭBaga khonin nüden tsetsegБага хонин нүдэн цэцэг

ᠪᠠᠭ᠎ᠠ ᠬᠣᠨᠢᠨ ᠨᠢᠳᠦᠨ ᠴᠡᠴᠡᠭBaga khonin nüden tsetsegБага хонин нүдэн цэцэг

2025-09-14

229

ᠪᠠᠭ᠎ᠠ ᠬᠣᠨᠢᠨ ᠨᠢᠳᠦᠨ ᠴᠡᠴᠡᠭ 

   ᠲᠤᠰ ᠡᠮ ᠪᠣᠯ  ᠣᠳᠠᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠠᠯᠲᠠᠢ ᠶ᠋ᠢᠨ ᠪᠦᠷᠦᠩᠬᠡᠢ ᠶ᠋ᠢᠨ ᠲᠣᠯᠣᠭᠠᠢ ᠬᠡᠯᠪᠡᠷᠢᠲᠦ ᠪᠠᠭ ᠴᠡᠴᠡᠭ ᠮᠥᠨ᠃ ᠪᠠᠰᠠ ᠯᠦᠭᠴᠥ᠋ᠩ᠂ ᠠᠯᠲᠠᠢ ᠶ᠋ᠢᠨ ᠣᠳᠣᠨ ᠴᠡᠴᠡᠭ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃10—40cm ᠥᠨᠳᠥᠷ᠂ ᠪᠦᠬᠦ ᠪᠡᠶ᠎ᠡ ᠳ᠋ᠦ᠍ᠨᠢ ᠣᠬᠣᠷ ᠴᠠᠭᠠᠨ ᠰᠢᠷᠦᠭᠦᠨ ᠦᠰᠦ ᠲᠡᠢ᠃ ᠡᠰᠢ ᠨᠢ ᠤᠵᠠᠭᠤᠷ ᠠ᠋ᠴᠠ ᠪᠠᠨ ᠰᠠᠯᠠᠭᠠᠯᠠᠨ᠎ᠠ᠂ ᠭᠤᠯᠳᠤ ᠢᠷᠮᠡᠭ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠪᠦᠰᠡ ᠬᠡᠯᠪᠡᠷᠢ᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠲᠣᠩᠭᠣᠷᠤᠤ ᠬᠠᠪᠲᠠᠭᠠᠢ ᠬᠡᠯᠪᠡᠷᠢ ᠲᠡᠢ᠂2~5cm ᠤᠷᠲᠤ᠂2~4mm ᠥᠷᠭᠡᠨ ᠮᠤᠬᠤᠷ ᠪᠤᠶᠤ ᠱᠣᠪᠬᠣ ᠦᠵᠦᠭᠦᠷ ᠲᠡᠢ᠂ ᠱᠠᠭᠠᠨᠲᠠᠭ ᠬᠡᠯᠪᠡᠷᠢᠲᠦ ᠤᠭ ᠲᠠᠢ᠂ ᠪᠦᠲᠦᠨ ᠬᠥᠪᠡᠭᠡ ᠲᠡᠢ᠂ ᠪᠠᠷᠢᠭᠤᠯ ᠦᠭᠡᠢ᠂ ᠳᠡᠭᠡᠷ᠎ᠡ ᠬᠡᠰᠡᠭ ᠦ᠋ᠨ ᠨᠠᠪᠴᠢ ᠨᠢ ᠢᠳᠡᠭ ᠢᠳᠡᠭ ᠢ᠋ᠶ᠋ᠡᠷ ᠵᠢᠵᠢᠭ ᠪᠣᠯᠳᠠᠭ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠡᠰᠢ ᠰᠠᠯᠠᠭ᠎ᠠ ᠶ᠋ᠢᠨ ᠣᠷᠣᠢ ᠳ᠋ᠤ᠌ ᠭᠠᠭᠴᠠᠭᠠᠷ ᠳᠡᠯᠭᠡᠷᠡᠬᠦ ᠪᠤᠶᠤ ᠲᠡᠭᠰᠢ ᠣᠷᠣᠢᠲᠤ ᠰᠢᠭ᠋ ᠪᠦᠷᠢᠯᠳᠦᠨ ᠳᠡᠯᠭᠡᠷᠡᠨ᠎ᠡ᠃ ᠶᠡᠷᠦᠩᠬᠡᠢ ᠪᠠᠭᠯᠠᠭᠴᠢ ᠢᠯᠲᠠᠰᠤ ᠨᠢ2~3 ᠮᠥᠷ᠂ ᠡᠪᠡᠰᠦᠯᠢᠭ᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠬᠠᠯᠢᠰᠤᠯᠢᠭ ᠬᠥᠪᠡᠭᠡ ᠲᠡᠢ᠂ ᠬᠥᠪᠡᠭᠡ ᠳ᠋ᠡᠬᠢ ᠬᠡᠯᠡ ᠬᠡᠯᠪᠡᠷᠢᠲᠦ ᠴᠡᠴᠡᠭ ᠨᠢ ᠪᠠᠷᠤᠭ20 ᠬᠦᠢᠰ᠂ ᠬᠥᠬᠡᠪᠲᠦᠷ ᠪᠣᠷᠣ ᠥᠩᠭᠡ ᠲᠡᠢ᠂10~15mm ᠤᠷᠲᠤ᠂ ᠮᠠᠰᠢ ᠣᠯᠠᠨ ᠴᠣᠷᠭᠣ ᠬᠡᠯᠪᠡᠷᠢᠲᠦ ᠴᠡᠴᠡᠭ ᠲᠡᠢ ᠪᠥᠭᠡᠳ ᠰᠢᠷ᠎ᠠ ᠥᠩᠭᠡ ᠲᠡᠢ᠂5 ᠰᠡᠵᠢᠭᠦᠷ ᠢᠯᠲᠠᠰᠤ ᠲᠠᠢ᠂ ᠨᠢᠭᠡ ᠰᠡᠵᠢᠭᠦᠷ ᠢᠯᠲᠠᠰᠤ ᠨᠢ ᠨᠡᠯᠢᠶᠡᠳ ᠤᠷᠲᠤ᠃ ᠲᠤᠷᠠᠩᠬᠠᠢ ᠵᠢᠮᠢᠰ ᠨᠢ ᠬᠠᠮᠰᠢᠭᠢᠷ ᠲᠣᠩᠭᠣᠷᠤᠤ ᠥᠨᠳᠡᠭᠡᠯᠵᠢᠨ᠂2~3mm ᠤᠷᠲᠤ᠂ ᠬᠠᠪᠲᠠᠭᠠᠢ ᠣᠬᠣᠷ ᠦᠰᠦ ᠲᠡᠢ᠂ ᠲᠢᠲᠢᠮ ᠦᠰᠦ ᠨᠢ ᠤᠯᠠᠪᠢᠷ ᠬᠦᠷᠡᠩ ᠪᠤᠶᠤ ᠰᠠᠷᠠᠯ᠂ ᠲᠡᠩᠴᠡᠭᠦᠦ ᠪᠤᠰᠤ ᠤᠷᠲᠤ ᠪᠤᠷᠵᠢᠭᠢᠷ ᠦᠰᠦ ᠲᠡᠢ᠃7~10 ᠳ᠋ᠤᠭᠠᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ᠂ ᠳᠣᠪᠣᠷᠴᠠᠭ᠂ ᠵᠠᠮ ᠤ᠋ᠨ ᠬᠠᠵᠠᠭᠤ᠂ ᠬᠡᠭᠡᠷ᠎ᠡ ᠲᠠᠯ᠎ᠠ᠂ ᠲᠠᠷᠢᠶᠠᠨ ᠵᠠᠬ᠎ᠠ᠂ ᠠᠲᠠᠷ ᠭᠠᠵᠠᠷ᠂ ᠭᠣᠣ ᠭᠠᠩᠭ᠎ᠠ ᠶ᠋ᠢᠨ ᠬᠥᠪᠡᠭᠡ᠂ ᠬᠠᠢᠷ ᠴᠢᠯᠠᠭᠤᠲᠤ ᠭᠠᠵᠠᠷ᠂ ᠡᠯᠡᠰᠦᠨ ᠳᠣᠪᠣ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠵᠢᠴᠢ ᠬᠤᠪᠧᠢ᠂ ᠰᠧᠴᠤᠸᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ᠲᠡᠭᠦᠵᠦ ᠪᠣᠯᠪᠠᠰᠤᠷᠠᠭᠤᠯᠬᠤ] ᠴᠡᠴᠡᠭᠯᠡᠭᠰᠡᠨ ᠦᠶ᠎ᠡ ᠳ᠋ᠦ᠍ᠨᠢ ᠪᠠᠭ ᠴᠡᠴᠡᠭ ᠢ᠋ ᠨᠢ ᠲᠡᠭᠦᠵᠦ᠂ ᠶᠡᠷᠦᠩᠬᠡᠢ ᠪᠠᠭᠯᠠᠭᠴᠢ ᠶ᠋ᠢ ᠨᠢ ᠠᠷᠢᠯᠭᠠᠨ ᠬᠠᠶᠠᠭᠠᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠨᠦᠮᠵᠦᠭ ᠦᠭᠡᠢ᠂ ᠰᠢᠷᠦᠭᠦᠨ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠬᠢᠵᠢᠭ᠂ ᠤᠯᠠᠭᠠᠨ ᠨᠣᠳ᠂ ᠤᠯᠠᠭᠠᠨ ᠡᠰᠡᠷᠭᠡᠨ᠎ᠡ᠂ ᠴᠢᠰᠤᠨ ᠬᠠᠯᠠᠭᠤᠨ᠂ ᠪᠣᠷᠣ ᠶ᠋ᠢᠨ ᠬᠠᠯᠠᠭᠤᠨ᠂ ᠬᠣᠣᠷ ᠤ᠋ᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄阿尔泰狗娃花
   ᠠᠩᠭ᠌ᠯᠢ ᠨᠡᠷ᠎ᠡ᠄Hetyopappus altaicus(willd.) NouopoKrY.

     ᠦᠰᠦᠭ ᠠᠮᠢᠯᠠᠭᠤᠯᠤᠭᠴᠢ᠄ ᠲᠣᠣᠬᠤᠸᠠᠷ
     ᠬᠢᠨᠠᠭᠴᠢ᠄ ᠲᠤᠶᠠᠭ᠎ᠠ